( ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠭᠡᠯᠡᠭᠴᠢ ᠸᠠᠩ ᠰᠢᠦ ᠵᠢᠤᠸᠠᠨ ) ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠶᠢᠨ ᠲᠥᠯᠥᠭᠡ᠂《 2025 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠨᠥᠬᠦᠪᠥᠷᠢ ᠪᠠᠯᠠ ᠮᠥᠩᠭᠦ ᠶᠢᠨ ᠲᠥᠰᠦᠪ ᠢ ᠪᠠᠭᠤᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ 》 ᠢ ᠦᠨᠳᠦᠰᠦᠯᠡᠨ᠂ ᠣᠶᠢᠷ᠎ᠠ ᠳᠤ ᠬᠥᠬᠡᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ 2025 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ | ᠰᠠᠶᠢᠵᠢᠷᠠᠭᠤᠯᠬᠤ ᠨᠥᠬᠦᠪᠥᠷᠢ ᠮᠥᠩᠭᠦ 6482.05 ᠲᠦᠮᠡᠨ ᠲᠥᠭᠦᠷᠢᠭ ᠪᠠᠭᠤᠯᠭᠠᠵᠤ᠂ ᠦᠴᠤᠸᠠᠨ ᠰᠢᠶᠠᠨ᠂ ᠴᠢᠩ ᠱᠦᠶ ᠾᠧ ᠰᠢᠶᠠᠨ᠂ ᠬᠤᠷᠢᠨᠭᠡᠷ | ᠰᠢᠶᠠᠨ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ ᠵᠡᠷᠭᠡ 5 ᠬᠤᠰᠢᠭᠤ ᠰᠢᠶᠠᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠳᠤ ᠬᠡᠷᠡᠭᠯᠡᠭᠦᠯᠪᠡ᠃ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠮᠢᠶ᠎ᠠ ᠪᠥᠬᠦᠶ ᠬᠤᠰᠢᠭᠤ ᠰᠢᠶᠠᠨ ᠢ《〈 ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠨᠥᠬᠦᠪᠥᠷᠢ ᠪᠠᠯᠠ ᠮᠥᠩᠭᠦ | ᠶᠢᠨ ᠬᠠᠮᠢᠶᠠᠷᠤᠯᠲᠠ ᠶᠢᠨ ᠠᠷᠭ᠎ᠠ 〉 ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ 》ᠪᠠ《〈 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ | ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠨᠥᠬᠦᠪᠥᠷᠢ ᠮᠥᠩᠭᠦ ᠶᠢᠨ ᠬᠠᠮᠢᠶᠠᠷᠤᠯᠲᠠ ᠶᠢᠨ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ ᠲᠢᠩᠬᠢᠮ ᠤᠨ ᠨᠥᠬᠦᠪᠥᠷᠢ ᠮᠡᠳᠡᠭᠳᠡᠯ 〉 》 ᠤᠨ | ᠱᠠᠭᠠᠷᠳᠠᠯᠭ᠎ᠠ ᠶᠣᠰᠣᠭᠠᠷ᠂ 2025 ᠣᠨ ᠤ ᠲᠥᠰᠦᠪ ᠤᠨ ᠭᠦᠶᠴᠡᠳᠬᠡᠯ ᠲᠤᠭ᠎ᠠ ᠶᠢ ᠬᠤᠪᠢᠶᠠᠷᠢᠯᠠᠨ ᠪᠠᠭᠤᠯᠭᠠᠬᠤ ᠠᠵᠢᠯ ᠢ ᠰᠠᠶᠢᠲᠤᠷ ᠬᠢᠵᠦ᠂ ᠪᠠᠯᠠ ᠮᠥᠩᠭᠦ | ᠶᠢ ᠴᠠᠭ ᠲᠤᠬᠠᠶ ᠳᠤᠨᠢ᠂ ᠲᠤᠭ᠎ᠠ ᠶᠣᠰᠣᠭᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ |