ᠪᠣᠣ ᠭᠠᠩ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ  ᠢᠯᠠᠯᠲᠠ ᠶᠢᠨ ᠡᠷᠴᠢᠨ ᠳᠡᠭᠡᠷ᠎ᠡ ᠠᠵᠤ ᠦᠢᠯᠡᠰ ᠤᠨ ᠬᠥᠭᠵᠢᠯᠲᠡ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ ᠪᠣᠳᠠᠲᠠᠢ ᠪᠠᠷᠢᠵᠤ ᠪᠦᠬᠦ ᠬᠤᠲᠠ ᠶᠢᠨ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2025/3/11
      ︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠦᠷᠴᠦ᠂ ᠠᠵᠤ ᠠᠬᠤᠶᠢᠯᠠᠯ ᠤᠨ ᠡᠵᠡᠩᠨᠡᠯᠲᠡ᠂ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠥᠭᠡᠳ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠲᠥᠯᠥᠪᠵᠢᠭᠦᠯᠭᠡ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠪᠣᠣ ᠭᠠᠩ ᠤᠷᠢᠳ ᠬᠤᠵᠢᠳ ᠳ᠋ᠠ ᠶᠣᠣ ᠵᠢᠶᠠ ᠪᠢᠨ ᠬᠤᠶᠠᠳᠤᠭᠠᠷ ᠬᠤᠭᠤᠴᠠᠭ᠎ᠠ᠂ ᠵᠢᠢ ᠯᠢ ᠰᠢᠨ᠎ᠡ ᠡᠨᠧᠷᠭᠢ᠂ ᠵᠦᠩ ᠲᠦᠸᠧ ᠬᠥᠩᠭᠡᠨᠴᠠᠭᠠᠨ ᠤ ᠦᠢᠯᠡᠰ᠂ ᠵᠢᠤᠢ ᠳ᠋ᠢ ᠳᠡᠭᠡᠳᠦ ᠮᠡᠷᠭᠡᠵᠢᠯ ᠰᠢᠨ᠎ᠡ ᠮᠠᠲ᠋ᠧᠷᠢᠶᠠᠯ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠦᠢᠯᠡᠳᠬᠦᠨ ᠤ ᠦᠷᠳᠡᠭ᠂ ᠬᠥᠭᠵᠢᠯᠲᠡ ᠶᠢᠨ ᠲᠥᠯᠥᠪᠵᠢᠭᠦᠯᠭᠡ᠂  ᠬᠦᠴᠦᠨ ᠵᠦᠢᠯ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠬᠠᠷᠢᠶ᠎ᠠ ᠭᠠᠵᠠᠷ ᠠᠴᠠ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠳᠡᠭ ᠢ ᠨᠢ ᠪᠠᠭᠤᠷᠠᠭᠤᠯᠤᠨ ᠦᠷ᠎ᠡ ᠠᠰᠢᠭ ᠢ ᠨᠢ ᠨᠡᠮᠡᠭᠳᠡᠭᠦᠯᠵᠦ᠂ ᠵᠠᠬ᠎ᠠ ᠳᠡᠯᠭᠡᠭᠦᠷ ᠢ ᠨᠡᠭᠡᠭᠡᠵᠦ᠂ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠬᠡᠭᠵᠢᠬᠦ ᠳᠤ ᠬᠦᠴᠦᠨ ᠨᠡᠮᠡᠷᠢᠯᠡᠬᠦ ᠶᠢ ᠱᠠᠭᠠᠷᠳᠠᠪᠠ᠃      ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠪᠣᠣ ᠭᠠᠩ ᠬᠡᠯᠡᠬᠦ ᠳᠡᠭᠡᠨ᠂ ᠠᠵᠤ ᠠᠬᠤᠢ ᠮᠡᠷᠭᠡᠵᠢᠯ ᠤᠨ ᠲᠣᠭᠤᠷᠢᠭ ᠤᠨ ᠬᠥᠭᠵᠢᠯᠲᠡ ᠶᠢᠨ ᠰᠡᠳᠬᠢᠴᠡ ᠲᠣᠳᠣᠷᠬᠠᠢ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠳᠠᠮᠵᠢᠨ ᠤᠷᠤᠭᠰᠢ ᠳᠠᠪᠰᠢᠨ ᠪᠣᠳᠠᠲᠤ ᠠᠮᠵᠢᠯᠲᠠ ᠣᠯᠵᠠᠢ᠃ ᠣᠳᠣᠬᠢ ᠪᠠᠶᠢᠳᠠᠯ ᠢᠶᠠᠨ ᠪᠠᠲᠤᠯᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠠᠵᠤ ᠦᠢᠯᠡᠰ ᠤᠨ ᠪᠦᠰᠡ ᠶᠢᠨ ᠬᠠᠮᠵᠢᠯᠴᠠᠨ ᠬᠥᠭᠵᠢᠬᠦ ᠣᠶᠢᠯᠠᠭᠠᠭᠳᠠᠬᠤᠨ ᠢ ᠪᠠᠲᠤᠵᠢᠭᠤᠯᠵᠤ᠂ ᠬᠦᠷᠢᠶᠡᠯᠡᠩ ᠲᠣᠭᠤᠷᠢᠭ ᠤᠨ ᠬᠤᠭᠤᠷᠣᠨᠳᠣᠬᠢ ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠪᠠᠷ ᠪᠠᠷᠠᠬᠤ ᠦᠭᠡᠢ᠂ ᠬᠠᠷᠢᠯᠴᠠᠨ ᠠᠭᠤᠰᠤᠯᠴᠠᠨ ᠬᠠᠮᠲᠤᠪᠠᠷ ᠠᠬᠢᠭᠤᠯᠵᠤ᠂ ᠡᠭᠦᠨ ᠤ ᠬᠠᠮᠲᠤ ᠣᠷᠣᠨ  ᠰᠤᠯᠪᠢᠴᠠᠵᠤ ᠬᠥᠭᠵᠢᠨ᠂ ᠲᠤᠰ ᠲᠤᠰ ᠤᠨ ᠣᠨᠴᠠᠯᠢᠭ ᠢᠶᠠᠨ ᠢᠯᠡᠷᠡᠭᠦᠯᠵᠦ᠂ ᠠᠵᠤ ᠦᠢᠯᠡᠰ ᠤᠨ ᠬᠤᠯᠪᠣᠯᠳᠤᠯ ᠢ ᠬᠡᠯᠬᠢᠶ᠎ᠡ ᠪᠣᠯᠭᠠᠨ᠂ ᠬᠦᠷᠢᠶᠡᠯᠡᠩ ᠲᠣᠭᠤᠷᠢᠭ ᠤᠨ ᠬᠡᠪᠴᠢᠶᠡᠵᠢᠯ ᠤᠨ ᠪᠠᠶᠢᠳᠠᠯ ᠢ ᠪᠤᠢ ᠪᠣᠯᠭᠠᠵᠤ᠂ ᠮᠢᠩᠭᠠᠨ ᠳ᠋ᠦᠩᠰᠢᠭᠤᠷ ᠲᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠡᠵᠡᠮᠳᠡᠵᠦ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠰᠢᠨ᠎ᠡ ᠪᠠᠷ ᠬᠦᠭᠵᠢᠭᠰᠡᠨ ᠠᠵᠤ ᠦᠢᠯᠡᠰ ᠪᠣᠯᠤᠨ ᠢᠷᠡᠭᠡᠳᠦᠢ ᠶᠢᠨ ᠠᠵᠤ ᠦᠢᠯᠡᠰ ᠢ ᠯᠠᠪᠳᠠᠭᠤᠨ ᠪᠠᠲᠤᠲᠠᠢ ᠲᠥᠯᠥᠪᠵᠢᠭᠦᠯᠦᠨ ᠪᠠᠶᠢᠷᠢᠰᠢᠭᠤᠯᠵᠤ᠂ ᠤᠳᠤ ᠦᠶ᠎ᠡ ᠶᠢᠨ ᠲᠣᠨᠣᠭᠯᠠᠯ ᠦᠢᠯᠡᠳᠬᠦ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠭᠤᠣᠯᠯᠠᠬᠤ ᠠᠵᠤ ᠦᠢᠯᠡᠰ ᠤᠨ ᠳᠡᠭᠡᠳᠦ ᠳᠡᠰᠴᠢᠯᠡᠯᠲᠡ᠂ ᠤᠶᠤᠨᠴᠢᠯᠠᠯᠲᠠ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠭᠡᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ᠂ ᠲᠡᠰ ᠳᠡᠪᠰᠢᠭᠦᠯᠦᠨ ᠰᠢᠰᠲ᠋ᠧᠮᠵᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠬᠡᠯᠬᠢᠶᠡᠵᠢᠭᠰᠡᠨ ᠰᠡᠳᠬᠢᠬᠦᠢ ᠪᠠᠷ ᠬᠤᠳᠠᠯᠳᠤᠭᠠᠴᠢᠨ ᠤᠷᠢᠬᠤ ᠶᠢ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠬᠠᠷᠠᠯᠲᠠ ᠲᠠᠢ ᠪᠠᠷ ᠰᠤᠮᠤ ᠬᠠᠷᠪᠤᠵᠤ᠂ ᠨᠢᠭᠡ ᠪᠦᠯᠦᠭ ᠳᠠᠶᠢᠴᠢᠯᠠᠬᠤ ᠬᠦᠴᠦᠨ ᠢᠶᠠᠷ ᠴᠢᠩᠭ᠎ᠠ᠂ ᠨᠡᠮᠡᠯᠲᠡ ᠦᠷᠳᠡᠭ ᠢᠶᠠᠷ ᠥᠨᠳᠥᠷ ᠠᠵᠤ ᠦᠢᠯᠡᠰ ᠤᠨ ᠲᠦᠷᠦᠯ ᠵᠦᠢᠯ ᠢ ᠲᠠᠲᠠᠨ ᠤᠷᠤᠭᠤᠯᠵᠤ ᠬᠡᠷᠡᠭᠵᠢᠭᠦᠯᠬᠦ ᠶᠢ ᠲᠦᠷᠭᠡᠳᠬᠡᠬᠦ ᠬᠡᠷᠡᠭᠲᠡᠢ᠃ ᠣᠳᠣᠬᠠᠨ ᠤ ᠪᠠᠶᠢᠳᠠᠯ ᠳᠤ ᠰᠠᠭᠤᠷᠢᠯᠠᠵᠤ᠂ ᠠᠯᠤᠰ ᠬᠡᠳᠤ ᠶᠢ ᠪᠣᠳᠣᠯᠬᠢᠯᠠᠵᠤ᠂ ᠭᠠᠵᠠᠷ ᠰᠢᠷᠣᠢ᠂ ᠤᠰᠤ᠂ ᠴᠠᠬᠢᠯᠭᠠᠨ᠂ ᠠᠭᠤᠷ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠨᠢᠰᠬᠡᠯ ᠤᠨ ᠪᠠᠭᠤᠳᠠᠯ ᠢ ᠬᠤᠯᠪᠣᠬᠤ ᠵᠠᠮ ᠤᠨ ᠲᠣᠣᠷ ᠤᠨ ᠲᠦᠷᠦᠯ ᠵᠦᠢᠯ ᠢ ᠰᠠᠶᠢᠲᠤᠷ ᠪᠠᠶᠢᠭᠤᠯᠵᠤ᠂ ᠨᠢᠰᠬᠡᠯ ᠤᠨ ᠪᠠᠭᠤᠳᠠᠯ ᠤᠨ ᠬᠥᠮᠦᠨ ᠤ ᠤᠷᠤᠰᠬᠠᠯ ᠪᠠᠷᠠᠭᠠᠨ ᠭᠦᠢᠯᠭᠡᠭᠡᠨ ᠤ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠡᠬᠡ ᠬᠠᠭᠤᠷᠠᠢ ᠶᠢᠨ ᠭᠠᠷᠠᠮ᠂ ᠠᠭᠠᠷ ᠤᠨ ᠭᠠᠷᠠᠮ ᠤᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠬᠤ ᠬᠡᠷᠡᠭᠲᠡᠢ᠃ ᠲᠤᠰᠬᠠᠶᠢᠵᠢᠭᠰᠠᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠡᠬᠢ ᠪᠠᠶᠠᠯᠢᠭ ᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠮᠦᠨ᠎ᠡ ᠹᠷᠣᠨᠲ ᠲᠡᠶᠢᠰᠢ ᠲᠥᠪᠯᠡᠷᠡᠭᠦᠯᠵᠦ᠂ ᠠᠵᠤ ᠦᠢᠯᠡᠰ ᠢ ᠣᠶᠢᠯᠠᠭᠠᠬᠤ᠂ ᠬᠤᠳᠠᠯᠳᠤᠭᠠᠴᠢᠨ ᠤᠷᠢᠬᠤ ᠳᠤ ᠴᠢᠳᠠᠮᠠᠭᠠᠢ᠂ ᠦᠢᠯᠡᠴᠢᠯᠡᠵᠦ ᠴᠢᠳᠠᠬᠤ ᠨᠢᠭᠡ ᠪᠦᠯᠦᠭ ᠰᠢᠯᠢᠳᠡᠭ ᠺᠠᠳ᠋ᠷ ᠢ ᠬᠥᠮᠦᠵᠢᠭᠦᠯᠵᠦ ᠰᠢᠯᠢᠨ ᠳᠡᠪᠰᠢᠭᠦᠯᠬᠦ ᠬᠡᠷᠡᠭᠲᠡᠢ ᠭᠡᠪᠡ᠃      ᠯᠢᠦ ᠵᠢᠢ ᠶᠢᠩ᠂ ᠼᠤᠤ ᡁᠢ᠂ ᠯᠢᠦ ᠵᠠᠨ ᠶᠢᠩ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ