ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ DeepSeek ᠰᠢᠰᠲ᠋ᠧᠮ ᠤᠨ ᠭᠦᠨᠵᠡᠭᠡᠢ ᠬᠡᠷᠡᠭᠯᠡᠯᠲᠡ ᠶᠢ ᠢᠳᠡᠪᠬᠢᠲᠡᠶ ᠠᠬᠢᠭᠤᠯᠪᠠ
ᠨᠡᠶᠢᠲᠡᠯᠡᠭᠰᠡᠨ ᠴᠠᠭ᠄
2025/3/11
       ︵ᠰᠤᠷᠪᠤᠯᠵᠢᠯᠠᠭᠴᠢ ᠠᠨ ᠨᠠ︶ ᠣᠶᠢᠷ᠎ᠠ ᠶᠢᠨ ᠡᠳᠦᠷ᠂ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ DeepSeek ᠰᠢᠰᠲ᠋ᠧᠮ ᠤᠨ ᠠᠷᠠᠳ ᠤᠨ ᠶᠠᠪᠤᠳᠠᠯ ᠤᠨ ᠬᠦᠷᠢᠶᠡᠨ ᠳᠠᠬᠢ ᠭᠦᠨᠵᠡᠭᠡᠢ ᠬᠡᠷᠡᠭᠯᠡᠯᠲᠡ ᠪᠠ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠣᠶᠤᠨᠴᠢ ᠦᠢᠯᠡᠴᠢᠯᠡᠭᠡ᠂ ᠲᠤᠭ᠎ᠠ ᠪᠠᠷᠢᠮᠲᠠ ᠶᠢᠨ ᠵᠠᠳᠠᠯᠤᠯᠲᠠ᠂ ᠠᠦ᠋ᠲ᠋ᠣᠴᠢᠯᠠᠭᠰᠠᠨ ᠶᠠᠪᠤᠴᠠ ᠵᠡᠷᠭᠡ ᠮᠡᠷᠭᠡᠵᠢᠯ ᠢ ᠣᠷᠣᠭᠤᠯᠤᠨ ᠬᠡᠷᠡᠭᠯᠡᠬᠦ ᠪᠠᠷ ᠳᠠᠮᠵᠢᠭᠤᠯᠤᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠠᠷᠠᠳ ᠤᠨ ᠶᠠᠪᠤᠳᠠᠯ ᠤᠨ ᠠᠵᠢᠯ ᠤᠨ ᠦᠷ᠎ᠡ ᠪᠦᠲᠦᠮᠵᠢ ᠬᠢᠭᠡᠳ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠢᠵᠤ᠂ ᠰᠢᠨᠵᠢᠯᠡᠬᠦ ᠤᠬᠠᠭᠠᠨᠴᠢᠯᠠᠭᠰᠠᠨ᠂ ᠨᠡᠩ ᠣᠨᠣᠪᠴᠢᠲᠠᠢ᠂ ᠣᠶᠤᠨᠴᠢᠯᠠᠭᠰᠠᠨ ᠲᠠᠶᠢᠰᠢ ᠶᠡᠭᠡ ᠠᠯᠬᠤᠮ ᠢᠶᠠᠷ ᠤᠷᠤᠭᠰᠢᠯᠠᠪᠠ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠣᠷᠣᠰᠢᠭᠤᠯᠭ᠎ᠠ ᠶᠢᠨ ᠦᠢᠯᠡᠴᠢᠯᠡᠭᠡ᠂ ᠣᠷᠤᠭ ᠤᠨ ᠳᠠᠩᠰᠠᠯᠠᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠣᠯᠠᠨ ᠵᠠᠩᠭᠢᠯᠠᠭ᠎ᠠ ᠶᠢᠨ ᠬᠦᠷᠢᠶᠡᠨ ᠳᠤ ᠢᠳᠡᠪᠬᠢᠲᠡᠶ ᠬᠠᠶᠢᠨ ᠰᠦᠪᠡᠭᠴᠢᠯᠡᠵᠦ᠂ ᠬᠢᠮᠡᠯ ᠤᠶᠤᠨ ᠢᠶᠠᠷ ᠠᠷᠠᠳ ᠤᠨ ᠶᠠᠪᠤᠳᠠᠯ ᠤᠨ ᠲᠤᠭ᠎ᠠ ᠪᠠᠷᠢᠮᠲᠠ ᠶᠢ ᠵᠠᠳᠠᠯᠵᠤ᠂ ᠲᠥᠷᠥ ᠶᠢᠨ ᠪᠣᠳᠣᠯᠭ᠎ᠠ ᠲᠣᠭᠲᠠᠭᠠᠬᠤ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ᠂ ᠦᠢᠯᠡᠴᠢᠯᠡᠭᠡᠨ ᠤ ᠵᠠᠭᠪᠤᠷ ᠲᠤ ᠨᠠᠩ ᠣᠯᠠᠨ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ ᠤᠶᠤᠨᠲᠤ ᠠᠷᠠᠳ ᠤᠨ ᠶᠠᠪᠤᠳᠠᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ