| | | ᠣᠶᠢᠷ᠎ᠠ ᠶᠢᠨ ᠡᠳᠦᠷ᠂ ᠢᠦᠢ ᠴᠢᠤᠸᠠᠨ ᠲᠣᠭᠤᠷᠢᠭ ᠤᠨ ᠴᠢᠩ ᠴᠢᠤᠸᠠᠨ ᠵᠡᠭᠡᠯᠢ ᠶᠢᠨ ᠪᠠᠭ᠎ᠠ ᠰᠤᠷᠭᠠᠭᠤᠯᠢ ᠪᠠᠶᠠᠯᠢᠭ | ᠰᠠᠶᠢᠬᠠᠨ ᠲᠠᠮᠢᠷ ᠤᠨ ᠬᠥᠳᠡᠯᠭᠡᠭᠡᠨ ᠥᠷᠨᠢᠭᠦᠯᠪᠡ᠃ ᠥᠷᠯᠥᠭᠡ ᠪᠦᠷᠢ᠂ ᠳᠠᠭᠤᠤ ᠬᠥᠭᠵᠢᠮ ᠤᠨ ᠬᠦᠭ ᠠᠶᠠᠰ ᠳᠤᠮᠲᠠ | ᠰᠤᠷᠤᠭᠴᠢᠳ ᠤᠳᠠᠭᠠᠨ ᠭᠦᠶᠦᠬᠦ᠂ ᠪᠡᠯᠡᠳᠬᠡᠯ ᠬᠦᠳᠡᠯᠭᠡᠭᠡᠨ ᠬᠢᠬᠦ ᠵᠡᠷᠭᠡ ᠥᠷᠯᠥᠭᠡ ᠶᠢᠨ ᠲᠠᠮᠢᠷ ᠤᠨ ᠪᠣᠯᠪᠠᠰᠤᠷᠠᠯ ᠬᠢᠵᠦ᠂ | ᠰᠠᠶᠢᠨ ᠰᠠᠶᠢᠬᠠᠨ ᠤᠷᠮ᠎ᠠ ᠰᠡᠳᠬᠢᠯᠭᠡ ᠪᠠᠷ ᠰᠢᠨ᠎ᠡ ᠨᠢᠭᠡ ᠡᠳᠦᠷ ᠤᠨ ᠰᠤᠷᠤᠯᠴᠠᠯᠭ᠎ᠠ ᠠᠮᠢᠳᠤᠷᠠᠯ ᠳᠤ ᠪᠠᠨ ᠤᠷᠤᠯᠴᠠᠨ᠎ᠠ᠃ | ᠣᠶᠢᠯᠠᠭᠠᠭᠰᠠᠨ ᠢᠶᠠᠷ᠂ ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ 2 ᠴᠠᠭ ᠤᠨ | ᠶᠡᠷᠦᠩᠬᠡᠶᠢᠯᠡᠭᠰᠡᠨ ᠪᠡᠶ᠎ᠡ ᠲᠠᠮᠢᠷ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭ᠎ᠠ ᠠᠴᠠ ᠡᠬᠢᠯᠡᠨ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ | ᠶᠡᠷᠦᠩᠬᠡᠶᠢᠯᠡᠭᠰᠡᠨ ᠪᠡᠶ᠎ᠡ ᠲᠠᠮᠢᠷ ᠤᠨ ᠠᠵᠢᠯᠯᠠᠭ᠎ᠠ ᠶᠢᠨ ᠴᠠᠭ ᠢ 2 ᠴᠠᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ︾ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠪᠠ᠃ | ᠰᠤᠷᠪᠤᠯᠵᠢᠯᠠᠭᠴᠢ ᠸᠠᠩ ᠱᠣᠣ ᠺᠠᠢ ᠰᠡᠭᠦᠳᠡᠷᠯᠡᠪᠡ |