︵ᠳᠠᠳᠤᠯᠭ᠎ᠠ ᠶᠢᠨ ᠰᠤᠷᠪᠤᠯᠵᠢᠯᠠᠭᠴᠢ ᠷᠦᠸᠧ ᠭᠦ᠋ ᠴᠢᠮᠡᠭᠡᠯᠡᠭᠴᠢ ᠰᠢᠶᠧ ᠱᠤᠤ ᠳ᠋ᠦᠩ︶ ᠨᠢᠳᠤᠨᠤᠨ ᠠᠴᠠ ᠨᠠᠭᠠᠰᠢ᠂ ᠲᠣᠭᠲᠠᠬᠤ ᠰᠢᠶᠠᠨ | ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ᠂ ᠴᠢᠳᠠᠪᠤᠷᠢᠲᠠᠨ ᠢ ᠲᠠᠲᠠᠬᠤ ᠡᠷᠴᠢᠮ ᠢᠶᠠᠨ ᠴᠢᠩᠭᠠᠷᠠᠭᠤᠯᠬᠤ᠂ ᠴᠢᠨᠠᠷ ᠰᠠᠶᠢᠲᠠᠢ | ᠲᠠᠪᠴᠠᠩ ᠤᠨ ᠠᠴᠢᠶᠠᠯᠠᠪᠤᠷᠢ ᠶᠢ ᠪᠤᠢ ᠪᠣᠯᠭᠠᠬᠤ᠂ ᠡᠯ᠎ᠡ ᠲᠦᠷᠦᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ︽ᠶᠦᠨ ᠵᠦᠩ ᠤᠷᠤᠨ ᠨᠤᠲᠤᠭ ᠤᠨ ᠴᠢᠳᠠᠪᠤᠷᠢᠲᠠᠨ︾ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠪᠦᠬᠦ ᠰᠢᠶᠠᠨ ᠤ | ᠴᠢᠳᠠᠪᠤᠷᠢᠲᠠᠨ ᠤ ᠠᠵᠢᠯ ᠤᠨ ᠪᠦᠬᠦᠯᠢ ᠴᠣᠭᠴᠠ ᠶᠢᠨ ᠲᠠᠪᠰᠢᠯᠳᠠ ᠶᠢ ᠠᠬᠢᠭᠤᠯᠪᠠ᠃ | ᠴᠢᠳᠠᠪᠤᠷᠢᠲᠠᠨ ᠤ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠬᠢᠵᠦ ᠦᠢᠯᠡᠰ ᠪᠤᠰᠬᠠᠬᠤ ᠶᠢ | ᠵᠣᠷᠢᠭᠵᠢᠭᠤᠯᠪᠠ᠃ ︽ᠨᠢᠭᠡ ᠥᠷᠲᠡᠭᠡ ᠮᠠᠶ᠋ᠢᠭ︾ ᠤᠨ ᠴᠢᠳᠠᠪᠤᠷᠢᠲᠠᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠠᠢ᠃ ᠲᠣᠭᠲᠠᠬᠤ ᠰᠢᠶᠠᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠲᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠳᠠᠭᠠᠳᠬᠠᠯ᠂ ᠥᠯᠥ | ᠬᠥᠳᠡᠯᠬᠦ ᠬᠥᠷᠥᠩᠭᠡ᠂ ᠳᠣᠲᠣᠭᠠᠳᠤ ᠶᠢ ᠬᠠᠮᠠᠭᠠᠯᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠭᠠᠶᠢᠯᠢ ᠶᠢᠨ ᠶᠠᠪᠤᠳᠠᠯ | ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠨᠡᠶᠢᠳᠭᠡᠵᠦ ᠦᠢᠯᠡᠴᠢᠯᠡᠭᠡᠨ ᠤ ᠴᠤᠩᠬᠤᠪᠴᠢ ᠭᠠᠷᠭᠠᠵᠤ᠂ ᠲᠤᠰᠬᠠᠢ ᠬᠥᠮᠥᠨ ᠲᠣᠬᠢᠷᠠᠭᠤᠯᠤᠨ ᠡᠯ᠎ᠡ ᠲᠥᠷᠥᠯ ᠤᠨ | ᠴᠢᠳᠠᠪᠤᠷᠢᠲᠠᠨ ᠢ ᠬᠠᠪᠰᠤᠷᠤᠨ ᠨᠡᠷ᠎ᠡ ᠮᠡᠳᠡᠭᠦᠯᠬᠦ᠂ ᠡᠷᠦᠬᠡ ᠠᠮᠠ ᠣᠷᠣᠭᠤᠯᠬᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ | ᠨᠥᠬᠦᠪᠦᠷᠢ ᠭᠤᠶᠤᠴᠢᠯᠠᠨ ᠮᠡᠳᠡᠭᠦᠯᠬᠦ ᠵᠡᠷᠭᠡ ᠠᠵᠢᠯ ᠢ ᠭᠦᠢᠴᠡᠳᠬᠡᠵᠦ᠂ ᠦᠨᠳᠦᠰᠦᠨ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ | ᠪᠣᠯᠤᠭᠰᠠᠨ ᠭᠡᠮᠲᠦᠯ᠂ ᠡᠮᠴᠢᠯᠡᠭᠡ ᠵᠡᠷᠭᠡ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡ ᠶᠢ ᠵᠠᠯᠭᠠᠨ ᠭᠦᠢᠴᠡᠳᠭᠡᠪᠡ᠃ ᠰᠢᠶᠠᠨ ᠳᠤ ᠰᠠᠭᠤᠷᠢᠰᠢᠭ᠎ᠠ ᠠᠵᠤ | ᠠᠬᠤᠶᠢᠯᠠᠯ ᠳᠤ ᠳᠠᠩᠰᠠᠯᠠᠭᠤᠯᠬᠤ᠂ ᠬᠠᠤᠯᠢ ᠴᠠᠭᠠᠵᠠ ᠶᠢᠨ ᠯᠠᠪᠯᠠᠭ᠎ᠠ ᠬᠢᠬᠦ᠂ ᠭᠠᠶᠢᠯᠢ ᠲᠤᠰᠢᠶᠠᠬᠤ ᠭᠠᠶᠢᠯᠢ ᠭᠦᠢᠴᠡᠳᠬᠡᠬᠦ ᠵᠡᠷᠭᠡ ᠦᠢᠯᠡᠴᠢᠯᠡᠭᠡ ᠬᠠᠩᠭᠠᠵᠤ᠂ | ︽ᠨᠢᠭᠡ ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠲᠥᠪᠯᠡᠷᠡᠭᠦᠯᠦᠨ ᠭᠦᠢᠴᠡᠳᠬᠡᠬᠦ᠂ ᠪᠦᠬᠦ ᠶᠠᠪᠤᠴᠠ ᠳᠤ ᠮᠥᠷᠳᠡᠬᠦ︾ ᠶᠢ ᠪᠡᠶᠡᠯᠡᠭᠦᠯᠪᠡ᠃ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ 30 | ᠨᠡᠷᠡᠰ ᠳᠡᠭᠡᠳᠦ ᠰᠤᠷᠭᠠᠭᠤᠯᠢ ᠲᠡᠭᠦᠰᠦᠭᠰᠡᠳ ᠲᠤ ᠰᠦᠢᠳᠬᠡᠯ ᠦᠭᠡᠶ ᠠᠳᠠᠯ ᠦᠢᠯᠡᠰ ᠪᠣᠰᠬᠠᠬᠤ ᠪᠣᠯᠪᠠᠰᠤᠷᠠᠭᠤᠯᠤᠯ ᠬᠠᠩᠭᠠᠪᠠ᠃ ᠨᠥᠬᠦᠴᠡᠯ ᠳᠤ ᠨᠡᠶᠢᠴᠡᠬᠦ | ᠬᠤᠪᠢ ᠶᠢᠨ ᠦᠢᠯᠡᠰ ᠴᠣᠭᠴᠠᠯᠠᠭᠴᠢ᠂ ᠵᠢᠵᠢᠭ ᠪᠢᠴᠢᠯ ᠠᠵᠤ ᠠᠬᠤᠶᠢᠯᠠᠯ ᠳᠤ 875 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠪᠠᠲᠤᠯᠠᠭᠠᠲᠤ | ᠵᠢᠭᠡᠯᠡᠯᠭᠡ ᠬᠠᠩᠭᠠᠪᠠ᠃ | ᠴᠢᠳᠠᠪᠤᠷᠢᠲᠠᠨ ᠢ ᠲᠠᠲᠠᠬᠤ ᠡᠷᠴᠢᠮ ᠢᠶᠠᠨ ᠴᠢᠩᠭᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ | ᠳᠡᠭᠡᠭᠰᠢᠯᠡᠭᠦᠯᠪᠡ᠃ ᠳᠡᠭᠡᠳᠦ ᠳᠡᠰ ᠤᠨ ᠴᠢᠳᠠᠪᠤᠷᠢᠲᠠᠨ ᠢ ᠲᠠᠲᠠᠬᠤ ᠶᠢ ᠶᠡᠬᠡᠪᠡᠷ ᠬᠡᠷᠡᠭᠵᠢᠭᠦᠯᠪᠡ᠃ ︽ᠵᠠᠷᠯᠠᠨ ᠮᠠᠩᠯᠠᠶᠢᠯᠠᠭᠤᠯᠬᠤ︾ ᠴᠢᠬᠤᠯᠠ ᠶᠡᠭᠡ ᠲᠤᠰᠬᠠᠶ | ᠵᠦᠢᠯ ᠪᠠ ᠳᠡᠭᠡᠳᠦ ᠲᠠᠰ ᠤᠨ ᠴᠢᠳᠠᠪᠤᠷᠢᠲᠠᠨ ᠢ ᠲᠠᠲᠠᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠤᠨ ᠲᠠᠰ ᠤᠨ ᠳᠠᠭᠠᠭᠤᠯᠤᠭᠴᠢ | ᠴᠢᠳᠠᠪᠤᠷᠢᠲᠠᠨ᠂ ᠣᠷᠣᠨ ᠨᠤᠲᠤᠭ ᠤᠨ ᠲᠠᠰ ᠤᠨ ᠳᠠᠭᠠᠭᠤᠯᠤᠭᠴᠢ ᠴᠢᠳᠠᠪᠤᠷᠢᠲᠠᠨ᠂ ᠣᠷᠣᠨ ᠨᠤᠲᠤᠭ ᠤᠨ ᠲᠠᠰ ᠤᠨ ᠳᠠᠭᠠᠭᠤᠯᠤᠭᠴᠢ ᠴᠢᠳᠠᠪᠤᠷᠢᠲᠠᠨ᠂ | ᠳ᠋ᠣᠺᠲ᠋ᠣᠷ ᠵᠡᠷᠭᠡ ᠳᠡᠭᠡᠳᠦ ᠲᠠᠰ ᠤᠨ ᠴᠢᠳᠠᠪᠤᠷᠢᠲᠠᠨ 73 ᠬᠥᠮᠦᠨ ᠢ ᠤᠶᠠᠨ ᠢᠶᠠᠷ ᠲᠠᠲᠠᠨ ᠠᠪᠴᠢᠷᠠᠪᠠ᠃ ︽ᠤᠶᠤᠲᠠᠳ ᠢ ᠬᠥᠬᠡᠬᠤᠲᠠ ᠳᠤ ᠦᠯᠡᠳᠡᠭᠡᠬᠦ︾ | ᠲᠤᠰᠬᠠᠶ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ︽ᠰᠦᠯᠵᠢᠶᠡᠨ ᠳᠡᠭᠡᠷᠡᠬᠢ+ᠰᠦᠯᠵᠢᠶᠡᠨ ᠭᠠᠳᠠᠨᠠᠬᠢ︾ ᠠᠷᠭ᠎ᠠ ᠮᠠᠶ᠋ᠢᠭ ᠢᠶᠠᠷ ᠴᠢᠳᠠᠪᠤᠷᠢᠲᠠᠨ ᠤᠷᠢᠬᠤ | ᠠᠵᠢᠯᠯᠠᠭ᠎ᠠ ᠶᠢ ᠬᠤᠶᠠᠷ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 600 ᠭᠠᠷᠤᠶ ᠠᠵᠢᠯ ᠤᠨ ᠪᠠᠶᠢᠷᠢ ᠬᠠᠩᠭᠠᠵᠤ᠂ ᠠᠵᠢᠯ ᠡᠷᠢᠭᠰᠡᠳ ᠤᠨ ᠬᠥᠮᠦᠨ | ᠤᠳᠠᠭ᠎ᠠ 5000 ᠭᠠᠷᠤᠶ ᠬᠦᠷᠴᠡᠢ᠃ | ᠴᠢᠨᠠᠷ ᠰᠠᠶᠢᠲᠠᠶ ᠲᠠᠪᠴᠠᠩ ᠤᠨ ᠠᠴᠢᠶᠠᠯᠠᠪᠤᠷᠢ ᠶᠢ ᠪᠣᠶ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠶᠢ ᠠᠬᠢᠭᠤᠯᠪᠠ᠃ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠵᠤ᠂ | ᠨᠢᠭᠡᠨᠲᠡ ᠪᠠᠶᠢᠭ᠎ᠠ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠳᠡᠰ ᠳᠡᠪᠰᠢᠬᠦ ᠶᠢ ᠠᠬᠢᠭᠤᠯᠪᠠ᠃ ᠥᠪᠥᠷ ᠮᠣᠩᠭᠤᠯ ᠤᠨ ᠶᠢᠨ ᠳ᠋ᠠ ᠸᠧᠶ ᠡᠮ ᠤᠨ ᠦᠢᠯᠡᠰ ᠤᠨ | ᠬᠢᠵᠠᠭᠠᠷᠲᠤ ᠺᠣᠮᠫᠠᠨᠢ ᠶᠢᠨ ᠭᠤᠷᠪᠠᠳᠤᠭᠠᠷ ᠬᠤᠭᠤᠴᠠᠭᠠᠨ ᠤ ᠲᠤᠷᠰᠢᠯᠲᠠ ᠶᠢᠨ ᠲᠠᠰᠤᠭ ᠠᠩᠬ᠎ᠠ ᠠᠯᠬᠤᠮ ᠪᠠᠶᠢᠭᠤᠯᠤᠭᠳᠠᠵᠤ᠂ ᠶᠢᠨ ᠳ᠋ᠠ ᠸᠧᠶ ᠰᠤᠳᠤᠯᠤᠨ | ᠨᠡᠭᠡᠭᠡᠬᠦ ᠲᠥᠪ ᠤᠨ ᠲᠥᠷᠥᠯ ᠵᠦᠢᠯ ᠨᠢ ᠠᠵᠤ ᠦᠢᠯᠡᠳᠪᠦᠷᠢ ᠶᠢᠨ ᠢᠰᠬᠡᠬᠦ ᠮᠡᠷᠭᠡᠵᠢᠯ᠂ ᠬᠢᠮᠢ ᠶᠢᠨ ᠠᠵᠤ ᠦᠢᠯᠡᠳᠪᠦᠷᠢ ᠶᠢᠨ ᠪᠣᠯᠪᠠᠰᠤᠷᠠᠭᠤᠯᠬᠤ ᠮᠡᠷᠭᠡᠵᠢᠯ᠂ | ᠠᠮᠢᠳᠤ ᠪᠣᠳᠠᠰ ᠤᠨ ᠢᠰᠬᠡᠯᠲᠡ ᠬᠢᠭᠡᠳ ᠨᠡᠶᠢᠯᠡᠮᠡᠯ ᠠᠮᠢᠳᠤ ᠪᠣᠳᠠᠰ ᠤᠨ ᠮᠡᠷᠭᠡᠵᠢᠯ ᠢ ᠨᠡᠶᠢᠳᠭᠡᠨ᠂ ᠤᠯᠤᠰ ᠤᠨ ᠳᠡᠰ ᠤᠨ ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠲᠦᠪ ᠢ ᠪᠥᠬᠦ ᠬᠦᠴᠦᠨ ᠢᠶᠠᠷ ᠢᠶᠠᠨ ᠴᠤᠭᠴᠠᠯᠠᠪᠠ᠃ ᠱᠧᠨ ᠵᠧᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠠᠮᠢᠳᠤ ᠪᠣᠳᠠᠰ ᠤᠨ ᠦᠢᠯᠡᠳᠭᠡᠯ ᠤᠨ ᠳᠤᠮᠲᠠ ᠶᠢᠨ ᠲᠤᠷᠰᠢᠯᠲᠠ ᠶᠢᠨ ᠨᠡᠪᠴᠢᠭᠦᠯᠬᠦ ᠲᠠᠪᠴᠠᠩ ᠤᠨ ᠨᠢᠭᠡᠳᠦᠭᠡᠷ ᠬᠤᠭᠤᠴᠠᠭᠠᠨ ᠤ | ᠢᠰᠬᠡᠬᠦ ᠲᠠᠪᠴᠠᠩ ᠢ ᠪᠥᠲᠥᠭᠡᠨ ᠪᠠᠶᠢᠭᠤᠯᠵᠤ᠂ ᠣᠲᠣ ᠶᠢᠨ ᠪᠠᠶᠢᠭ᠎ᠠ ᠦᠢᠯᠡᠳᠭᠦᠨ ᠤ ᠤᠷ᠎ᠠ ᠮᠡᠷᠭᠡᠰᠢᠯ ᠤᠨ ᠮᠡᠷᠭᠡᠵᠢᠯ ᠤᠨ ᠰᠢᠯᠢᠳᠡᠭᠵᠢᠭᠦᠯᠦᠯᠲᠡ᠂ ᠰᠢᠨ᠎ᠡ | ᠦᠢᠯᠡᠳᠭᠦᠨ ᠤ ᠤᠷ᠎ᠠ ᠮᠡᠷᠭᠡᠰᠢᠯ ᠤᠨ ᠰᠢᠯᠭᠠᠨ ᠪᠠᠲᠤᠯᠠᠭ᠎ᠠ ᠬᠢᠭᠡᠳ ᠰᠢᠯᠢᠳᠡᠭᠵᠢᠭᠦᠯᠦᠯᠲᠡ᠂ ᠥᠨᠳᠥᠷ ᠨᠡᠮᠡᠯᠲᠡ ᠥᠷᠲᠡᠭ ᠪᠥᠬᠦᠶ ᠦᠢᠯᠡᠳᠭᠦᠨ ᠤ GMP | ᠦᠢᠯᠡᠳᠪᠦᠷᠢᠯᠡᠯ ᠵᠢᠴᠢ ᠨᠡᠶᠢᠯᠡᠮᠡᠯ ᠠᠮᠢᠳᠤ ᠪᠣᠳᠠᠰ ᠤᠨ ᠦᠷ᠎ᠡ ᠪᠦᠲᠦᠭᠡᠯ ᠢ ᠤᠯᠠᠷᠢᠭᠤᠯᠬᠤ ᠳᠤᠮᠳᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠠᠪᠴᠠᠩ | ᠵᠡᠷᠭᠡ 4 ᠵᠦᠢᠯ ᠤᠨ ᠴᠢᠳᠠᠮᠵᠢ ᠶᠢ ᠠᠴᠢᠶᠠᠯᠠᠵᠤ᠂ ᠨᠡᠶᠢᠯᠡᠮᠡᠯ ᠠᠮᠢᠳᠤ ᠪᠣᠳᠠᠰ ᠤᠨ ᠬᠦᠷᠢᠶᠡᠨ ᠳᠤ ᠰᠤᠳᠤᠯᠤᠨ ᠨᠡᠭᠡᠭᠡᠬᠦ ᠠᠴᠠ ᠳᠤᠮᠳᠠ ᠶᠢᠨ ᠲᠤᠷᠰᠢᠯᠲᠠ ᠳᠠᠬᠢᠨ | ᠠᠵᠤ ᠦᠢᠯᠡᠰᠵᠢᠬᠦ ᠬᠦᠷᠲᠡᠯᠡᠬᠢ ᠭᠤᠷᠪᠠᠨ ᠱᠠᠲᠤᠨ ᠤ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠪᠠ᠃ | ᠡᠯ᠎ᠡ ᠲᠥᠷᠥᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠡᠩᠨᠡᠭᠡ ᠶᠢ | ᠪᠤᠵᠠᠭᠠᠶᠢᠷᠠᠭᠤᠯᠪᠠ᠃ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ ᠴᠢᠳᠠᠪᠤᠷᠢᠲᠠᠨ ᠢ ᠬᠦᠮᠦᠵᠢᠭᠦᠯᠪᠠ᠃ ᠦᠨᠳᠦᠰᠦᠨ | ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠥᠨᠳᠥᠷ ᠬᠡᠪ ᠪᠣᠯᠪᠠᠰᠤᠷᠠᠯ ᠲᠠᠢ | ᠲᠠᠷᠢᠶᠠᠴᠢᠨ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ | ᠵᠡᠷᠭᠡ ᠭᠤᠤᠯ ᠰᠡᠳᠦᠪᠲᠦ ᠪᠣᠯᠪᠠᠰᠤᠷᠠᠯ ᠤᠨ ᠠᠩᠭᠢ ᠶᠢ 10 ᠭᠠᠷᠤᠶ ᠲᠠᠯᠠᠪᠤᠷ ᠡᠷᠬᠢᠯᠡᠵᠦ᠂ 300 ᠭᠠᠷᠤᠶ ᠬᠥᠮᠦᠨ ᠢ ᠪᠣᠯᠪᠠᠰᠤᠷᠠᠯ ᠳᠤ ᠣᠷᠣᠯᠴᠠᠭᠤᠯᠵᠤ᠂ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ ᠡᠩᠨᠡᠭᠡ ᠵᠢᠴᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ | ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠪᠡ᠃ 2024 ᠣᠨ ᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ | ᠰᠢᠰᠲ᠋ᠧᠮᠵᠢ ᠶᠢᠨ ᠥᠭᠡᠷᠡᠴᠢᠯᠡᠯᠲᠡ ᠬᠢᠭᠡᠳ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠥᠷᠨᠢᠭᠦᠯᠵᠦ᠂ ᠡᠷᠳᠡᠨᠢ ᠰᠢᠰᠢ᠂ ᠢᠳᠡᠰᠢᠨ ᠬᠤᠨᠢ᠂ ᠤᠰᠤᠨ | ᠭᠠᠷᠤᠯᠲᠠ ᠵᠡᠷᠭᠡ ᠠᠵᠤ ᠦᠢᠯᠡᠰ ᠤᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ 6 ᠰᠠᠭᠤᠷᠢᠨ ᠭᠠᠵᠠᠷ ᠢ ᠰᠣᠩᠭᠤᠨ | ᠪᠠᠶᠢᠭᠤᠯᠵᠤ᠂ 44 ᠮᠡᠷᠭᠡᠵᠢᠯ ᠤᠨ ᠵᠢᠭᠠᠨ ᠵᠢᠯᠣᠭᠤᠳᠣᠭᠴᠢ ᠶᠢ ᠰᠣᠩᠭᠤᠨ ᠤᠷᠢᠵᠤ᠂ 132 ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ | ᠡᠷᠦᠬᠡ ᠶᠢ ᠰᠢᠯᠢᠨ ᠰᠣᠩᠭᠤᠵᠤ᠂ 3 ᠲᠠᠷᠢᠶᠠᠯᠠᠩ ᠤᠨ ᠮᠡᠷᠭᠡᠵᠢᠯᠲᠡᠨ ᠢ ᠣᠨᠴᠠ ᠤᠷᠢᠵᠤ ᠰᠠᠭᠤᠷᠢᠨ ᠭᠠᠵᠠᠷ ᠲᠤ ᠣᠴᠢᠭᠤᠯᠤᠨ ᠲᠤᠬᠠᠶ ᠶᠢᠨ ᠭᠠᠵᠠᠷ ᠲᠤᠨᠢ | ᠵᠢᠭᠠᠨ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠮᠡᠷᠭᠡᠵᠢᠯ᠂ ᠰᠢᠨ᠎ᠡ ᠡᠭᠦᠯᠳᠡᠷ ᠢ ᠳᠡᠯᠭᠡᠷᠡᠭᠦᠯᠪᠡ᠃ ᠲᠡᠷᠢᠭᠦᠨ ᠤ ᠨᠡᠶᠢᠲᠡᠯᠢᠭ ᠵᠢᠱᠢᠶ᠎ᠡ ᠶᠢ | ᠰᠣᠩᠭᠤᠨ ᠪᠤᠶᠢᠵᠢᠭᠤᠯᠪᠠ᠃ ︽ᠶᠦᠨ ᠵᠦᠩ ᠤᠷᠤᠨ ᠨᠤᠲᠤᠭ ᠤᠨ ᠴᠢᠳᠠᠪᠤᠷᠢᠲᠠᠨ︾ ᠦᠨᠳᠦᠰᠦᠨ ᠱᠠᠲᠤᠨ ᠳᠤ ᠦᠢᠯᠡᠴᠢᠯᠡᠬᠦ ︽ᠲᠠᠶᠢᠰᠠᠨ ᠤ | ᠮᠥᠷᠦ᠋ᠢᠴᠡᠭᠡᠨ︾ ᠡᠷᠭᠢᠯᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠭᠰᠢ ᠶᠢᠨ ᠰᠤᠷᠭᠠᠨ ᠬᠥᠮᠦᠵᠢᠯ ᠢ ᠳᠡᠮᠵᠢᠬᠦ᠂ ᠰᠢᠨᠵᠢᠯᠡᠬᠦ ᠤᠬᠠᠭᠠᠨ | ᠮᠡᠷᠭᠡᠵᠢᠯ ᠤᠨ ᠵᠢᠯᠣᠭᠤᠳᠣᠯᠭ᠎ᠠ ᠬᠢᠬᠦ᠂ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠴᠢᠳᠠᠪᠤᠷᠢ ᠵᠡᠷᠭᠡ ᠠᠭᠤᠯᠭ᠎ᠠ ᠶᠢᠨ ᠲᠣᠭᠤᠷᠢᠨ ᠳᠤ ︽ᠮᠥᠷᠦ᠋ᠢᠴᠡᠭᠡᠨ︾ | ᠬᠢᠵᠦ᠂ ᠤᠷᠤᠯᠳᠤᠭᠠᠨ ᠤ ᠳᠠᠷᠠᠭ᠎ᠠ ᠰᠢᠯᠭᠠᠷᠠᠭᠤᠯᠵᠤ ᠭᠠᠷᠭᠠᠭᠰᠠᠨ ᠡᠯ᠎ᠡ ᠬᠦᠷᠢᠶᠡᠨ ᠤ ᠰᠢᠯᠢᠳᠡᠭ ᠴᠢᠳᠠᠪᠤᠷᠢᠲᠠᠨ ᠢ ᠤᠬᠠᠭᠤᠯᠤᠨ ᠳᠡᠯᠭᠡᠷᠡᠭᠦᠯᠪᠡ᠃ | |