︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠪᠠ | ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠮᠠᠨ ᠤ ᠬᠤᠲᠠ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠦᠴᠦᠷᠬᠡᠭᠵᠢᠨ ᠰᠢᠯᠢᠳᠡᠭᠵᠢᠬᠦ ᠶᠢ ᠲᠦᠷᠭᠡᠳᠬᠡᠨ ᠠᠬᠢᠭᠤᠯᠪᠠ᠃ | ᠬᠤᠷᠠᠯ ᠳᠡᠭᠡᠷ᠎ᠡ᠂ 10 ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠰᠡᠳᠬᠢᠴᠡ ᠪᠠᠨ | ᠶᠠᠷᠢᠯᠴᠠᠵᠤ᠂ ᠠᠷᠭ᠎ᠠ ᠬᠡᠮᠵᠢᠶ᠎ᠡ ᠪᠠᠨ ᠵᠥᠪᠳᠡᠯᠴᠡᠪᠡ᠃ ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠪᠣᠣ ᠭᠠᠩ ᠬᠡᠯᠡᠬᠦ ᠳᠡᠭᠡᠨ᠂ ᠬᠤᠳᠠ ᠶᠢᠨ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠪᠣᠯ ᠣᠷᠣᠨ ᠤ ᠲᠥᠪ ᠬᠤᠲᠠ ᠶᠢᠨ ᠬᠥᠭᠵᠢᠯᠲᠡ ᠶᠢᠨ ᠴᠢᠬᠤᠯᠠ ᠬᠦᠴᠦᠨ ᠮᠥᠨ᠂ ᠬᠤᠳᠠ ᠶᠢᠨ ᠨᠠᠮ ᠤᠨ ᠬᠤᠷᠢᠶ᠎ᠠ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ᠂ ᠮᠠᠨ ᠤ ᠬᠤᠳᠠ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠠᠰᠢᠭ ᠢᠯᠡᠳᠲᠡ | ᠳᠡᠭᠡᠭᠰᠢᠯᠡᠵᠦ᠂ ᠠᠮᠢᠵᠢᠷᠠᠯ ᠤᠨ ᠬᠦᠴᠦᠨ ᠦᠷ᠎ᠡ ᠪᠦᠲᠦᠮᠵᠢ ᠦᠷᠭᠦᠯᠵᠢᠯᠡᠨ ᠨᠡᠮᠡᠭᠳᠡᠵᠦ᠂ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠰᠠᠯᠲᠠ ᠶᠢᠨ ᠬᠢᠷᠢ ᠲᠦᠪᠰᠢᠨ ᠪᠠ ᠭᠤᠤᠯᠯᠠᠬᠤ ᠥᠷᠢᠰᠥᠯᠳᠦᠬᠦ | ᠬᠦᠴᠦᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠰᠡᠳᠬᠢᠴᠡ ᠪᠠᠨ ᠤᠯᠠᠮ | ᠨᠢᠭᠡ ᠠᠯᠬᠤᠮ ᠡᠮᠬᠢᠯᠡᠵᠦ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠡᠬᠢ ᠪᠠᠶᠠᠯᠢᠭ᠂ ᠤᠶᠤᠨ ᠴᠢᠳᠠᠯ ᠢᠶᠠᠨ ᠲᠤᠬᠠᠶᠢᠯᠠᠭᠰᠠᠨ ᠠᠵᠢᠯ᠂ ᠲᠤᠰᠬᠠᠢ | ᠮᠡᠷᠭᠡᠵᠢᠯ ᠤᠨ ᠬᠦᠷᠢᠶᠡᠨ ᠳᠤ ᠲᠥᠪᠯᠡᠷᠡᠭᠦᠯᠵᠦ᠂ ᠶᠡᠭᠡ ᠳᠤ ᠰᠢᠨᠤᠬᠠᠶᠢᠷᠠᠵᠤ ᠪᠦᠷᠢᠨ ᠢ ᠬᠦᠭᠡᠭᠡᠴᠡᠯᠳᠦᠨ᠂ ᠠᠯᠢᠪᠠ ᠶᠢ ᠬᠢᠶ᠎ᠡ ᠭᠡᠵᠦ ᠰᠠᠨᠠᠭᠠᠰᠢᠷᠠᠵᠤ ᠪᠤᠯᠬᠤ ᠦᠭᠡᠢ᠃ ᠵᠠᠬ᠎ᠠ | ᠳᠡᠯᠭᠡᠭᠦᠷᠴᠢᠯᠡᠭᠰᠡᠨ ᠰᠡᠳᠬᠢᠬᠦᠢ ᠶᠢ ᠪᠠᠲᠤᠵᠢᠭᠤᠯᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠴᠢᠩᠭ᠎ᠠ ᠵᠢᠷᠤᠮᠯᠠᠨ᠂ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠱᠠᠳᠤ ᠳᠠᠪᠬᠤᠷᠭ᠎ᠠ ᠶᠢ ᠪᠠᠭᠠᠰᠬᠠᠬᠤ᠂ ᠦᠷ᠎ᠡ ᠪᠦᠲᠦᠮᠵᠢ ᠳᠣᠣᠷ᠎ᠠ ᠠᠰᠢᠭᠯᠠᠮᠵᠢ ᠦᠭᠡᠢ ᠡᠳ᠋ ᠬᠦᠷᠦᠩᠭᠡ ᠶᠢ ᠰᠠᠯᠭᠠᠵᠤ | ᠰᠢᠢᠳᠪᠦᠷᠢᠯᠡᠨ᠂ ᠠᠵᠢᠯ ᠤᠨ ᠪᠦᠲᠦᠮᠵᠢ ᠪᠠᠷ ᠤᠳᠤᠷᠢᠳᠤᠮᠵᠢ ᠪᠣᠯᠭᠠᠭᠰᠠᠨ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠰᠠᠶᠢᠲᠤᠷ ᠬᠡᠷᠡᠭᠯᠡᠵᠦ᠂ ᠠᠵᠤ | ᠠᠬᠤᠶᠢᠯᠠᠯ ᠤᠨ ᠳᠡᠭᠡᠳᠦ ᠲᠤᠤᠷᠠᠳᠤ ᠱᠠᠲᠤᠨ ᠤ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠢ ᠦᠨᠡᠨ ᠬᠦ ᠬᠥᠭᠵᠢᠭᠡᠬᠦ ᠬᠡᠷᠡᠭᠲᠡᠢ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠵᠠᠩᠭᠢᠯᠠᠭ᠎ᠠ ᠶᠢᠨ ᠭᠤᠭᠴᠤᠭᠠᠨ ᠳᠤ ᠬᠢᠨᠠᠨ ᠪᠣᠳᠣᠵᠤ | ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠡᠵᠡᠩᠨᠡᠯᠲᠡ ᠬᠠᠮᠢᠶᠠᠷᠤᠯᠲᠠ ᠶᠢ | ᠦᠨᠡᠨ ᠬᠦ ᠵᠢᠷᠤᠮᠵᠢᠭᠤᠯᠬᠤ ᠬᠡᠷᠡᠭᠲᠡᠶ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠵᠥᠪ ᠴᠢᠭᠯᠡᠯ ᠢ ᠪᠠᠷᠢᠮᠲᠠᠯᠠᠬᠤ᠂ ᠶᠡᠭᠡ ᠲᠠᠯ᠎ᠠ ᠶᠢ ᠪᠣᠳᠣᠯᠬᠢᠯᠠᠬᠤ᠂ ᠨᠠᠶᠢᠳᠠᠪᠤᠷᠢᠵᠢᠭᠤᠯᠤᠯᠲᠠ ᠶᠢ | ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ | ᠴᠢᠶᠣᠤ ᠢᠦᠢ ᡂᠢ᠂ ᠯᠢᠦ ᠵᠢᠢ ᠶᠢᠩ᠂ ᠸᠠᠩ ᠺᠦᠨ᠂ ᠼᠤᠤ ᡁᠢ᠂ ᠹᠦ᠋ ᠶᠢᠨ ᠽᠠᠢ᠂ ᠲᠠᠯ᠎ᠠ᠂ ᠵᠦ ᠵᠢᠶᠠᠨ ᠭᠦᠸᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ |