ᠭᠦᠭᠡᠬᠤᠲᠠ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠣᠯᠣᠨ ᠬᠡᠪᠴᠢᠶᠡᠵᠢᠭᠰᠡᠨ ᠦᠷ᠎ᠡ ᠠᠰᠢᠭ ᠢᠶᠠᠨ ᠬᠦᠴᠦᠯᠡᠨ ᠳᠡᠭᠡᠭᠰᠢᠯᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2025/3/12
      ᠭᠦᠭᠡᠬᠤᠳᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠭᠦᠭᠡᠬᠤᠲᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ ᠤᠳᠤ ᠦᠶ᠎ᠡ ᠶᠢᠨ ᠣᠨᠴᠠᠯᠢᠭᠲᠤ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠪᠦᠲᠦᠭᠡᠭᠳᠡᠬᠦᠨ ᠢ ᠡᠷᠴᠢᠮᠲᠡᠢ ᠨᠡᠭᠡᠭᠡᠨ ᠬᠥᠭᠵᠢᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠣᠯᠣᠨ ᠬᠡᠪᠴᠢᠶᠡᠵᠢᠭᠰᠡᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠤ ᠪᠠᠶᠢᠨ᠎ᠠ᠃ᠭᠦᠭᠡᠬᠤᠳᠠ ᠶᠢᠨ ᠲᠦᠮᠡᠳ ᠵᠡᠭᠦᠨ ᠬᠤᠰᠢᠭᠤᠨ ᠤ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠯᠳᠠᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠤᠮᠫᠠᠨᠢ ᠶᠢᠨ ᠳᠤᠯᠠᠭᠠᠨ ᠬᠦᠯᠡᠮᠵᠢ ᠳᠠᠬᠢ ︽ᠵᠢᠶᠠ ᠰᠢ ᠨᠠ︾ ᠲᠥᠪᠡᠳ ᠬᠠᠰᠢ  ᠶᠢᠨ ᠤᠷᠭᠤᠴᠠ ᠮᠠᠰᠢ ᠰᠠᠶᠢᠨ ᠪᠠᠶᠢᠵᠤ᠂ ᠬᠠᠷᠠᠭᠰᠠᠨ ᠪᠦᠭᠦᠨ ᠤ ᠬᠠᠷᠠᠭ᠎ᠠ ᠶᠢ ᠪᠠᠶᠠᠰᠬᠠᠨ᠎ᠠ᠃ ᠣᠶᠢᠯᠠᠭᠠᠭᠰᠠᠨ ᠢᠶᠠᠷ᠂ ᠲᠤᠰ ᠡᠭᠦᠯᠳᠡᠷ ᠤᠨ ᠲᠥᠪᠡᠳ ᠬᠠᠰᠢ ᠶᠢᠨ ᠭᠡᠯᠪᠡᠷᠢ ᠨᠢ ᠰᠠᠶᠢᠬᠠᠨ ᠪᠥᠭᠡᠳ ᠢᠳᠡᠬᠦ ᠳᠤ ᠠᠮᠲᠠᠲᠠᠢ ᠪᠠᠶᠢᠳᠠᠭ ᠪᠣᠯᠬᠤᠷ ᠵᠢᠩ ᠳᠡᠭᠡᠨ 15 ᠲᠥᠭᠦᠷᠢᠭ ᠲᠤ ᠬᠦᠷᠴᠦ᠂ ᠠᠯᠳᠠᠨ ᠺᠤᠮᠫᠠᠨᠢ ᠶᠢᠨ ᠬᠢᠨ ︽ᠰᠠᠭᠤᠷᠢᠨ + ᠲᠠᠷᠢᠶᠠᠯᠠᠬᠤ ᠡᠷᠦᠭᠡ︾ ᠶᠢᠨ ᠵᠠᠭᠪᠤᠷ ᠢᠶᠠᠷ ᠲᠤᠰ ᠡᠭᠦᠯᠳᠡᠷ ᠤᠨ ᠲᠥᠪᠡᠳ ᠬᠠᠰᠢ ᠶᠢ ᠵᠢᠯ ᠤᠨ ᠳᠦᠷᠪᠡᠨ ᠤᠯᠠᠷᠢᠯ ᠢᠶᠠᠷ ᠲᠠᠷᠢᠵᠤ᠂ ᠵᠢᠯ ᠤᠨ 10 ᠲᠦᠮᠡ ᠭᠠᠷᠤᠢ ᠺᠢᠯᠦᠭᠷᠠᠮ ᠲᠥᠪᠡᠳ ᠬᠠᠰᠢ ᠬᠤᠷᠢᠶᠠᠨ ᠪᠣᠷᠣᠯᠠᠭᠤᠯᠵᠤ ᠪᠤᠢ᠃      ᠣᠶᠢᠷ᠎ᠠ ᠶᠢᠨ ᠵᠢᠯ ᠳᠤ ᠲᠦᠮᠡᠳ ᠵᠡᠭᠦᠨ ᠬᠤᠰᠢᠭᠤ ᠭᠠᠵᠠᠷ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠲᠥᠬᠦᠭᠡᠷᠦᠮᠵᠢᠲᠦ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠦᠨ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠠ ᠬᠡᠪᠴᠢᠶᠡᠵᠢᠭᠰᠡᠨ ᠦᠷ᠎ᠡ ᠠᠰᠢᠭ ᠢ ᠳᠡᠭᠡᠭᠰᠢᠯᠡᠭᠦᠯᠵᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠨᠢ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢᠶᠠᠷ ᠦᠨᠡᠯᠡᠭᠳᠡᠪᠡ᠃ ᠲᠤᠰ ᠬᠦᠷᠢᠶᠡᠯᠡᠩ ᠲᠣᠭᠤᠷᠢᠭ ᠨᠢ 6 ᠰᠢᠶᠠᠩ ᠪᠠᠯᠭᠠᠰᠤᠨ ᠤ 265.3 ᠲᠦᠮᠡᠨ ᠮᠦ ᠶᠢᠨ ᠭᠠᠵᠠᠷ ᠢ ᠡᠵᠡᠯᠡᠵᠦ᠂ ︽ᠨᠢᠭᠡ ᠲᠡᠩᠭᠡᠯᠢᠭ᠂ ᠬᠤᠶᠠᠷ ᠭᠤᠣᠯᠳᠠᠯᠭ᠎ᠠ᠂ ᠲᠠᠪᠤᠨ ᠲᠣᠭᠤᠷᠢᠭ᠂ ᠣᠯᠠᠨ ᠰᠠᠭᠤᠷᠢᠨ︾ ᠤ ᠶᠡᠷᠦᠩᠬᠡᠢ ᠪᠠᠶᠢᠷᠢᠰᠢᠭᠤᠯᠤᠯᠲᠠ ᠶᠢ ᠪᠦᠷᠢᠯᠳᠦᠭᠦᠯᠦᠨ᠂ ᠵᠢᠶᠠ ᠱᠢ ᠦᠵᠦᠮ᠂ ᠬᠤᠷᠢᠨ ᠲᠣᠰᠬᠤᠨ ᠤ ᠨᠠᠪᠴᠢᠯᠢᠭ ᠨᠣᠭᠤᠭ᠎ᠠ᠂ ᠰᠠᠶᠢᠨᠪᠤᠯᠠᠭ ᠤᠨ ᠬᠡᠮᠬᠡ ᠵᠡᠷᠭᠡ ᠨᠢᠭᠡ ᠪᠦᠯᠦᠭ ᠴᠢᠨᠠᠷ ᠰᠠᠶᠢᠲᠠᠢ ᠣᠨᠴᠠᠯᠢᠭᠲᠤ ᠪᠦᠲᠦᠭᠡᠭᠳᠡᠬᠦᠨ ᠲᠠᠢ ᠪᠣᠯᠵᠤ᠂ ᠭᠦᠭᠡᠬᠤᠲᠠ ᠶᠢᠨ ᠲᠠᠷᠢᠶᠠᠯᠠᠩ ᠤᠨ ᠦᠢᠯᠡᠰ ᠤᠨ ᠰᠢᠨ᠎ᠡ ᠶᠢ ᠡᠭᠦᠳᠬᠦ ᠥᠨᠳᠦᠷᠯᠢᠭ ᠪᠣᠯᠵᠤ ᠪᠠᠶᠢᠨ᠎ᠠ᠃      ᠲᠦᠮᠡᠳ ᠵᠡᠭᠦᠨ ᠬᠤᠰᠢᠭᠤᠨ ᠤ ᠨᠢᠳᠤᠨᠤᠨ ᠤ 10 ᠰᠠᠷ᠎ᠠ ᠳᠤ ᠪᠠᠷᠢᠯᠭ᠎ᠠ ᠡᠬᠢᠯᠡᠭᠦᠯᠦᠭᠰᠡᠨ ᠣᠲᠣ ᠦᠶ᠎ᠡ ᠶᠢᠨ ᠲᠠᠷᠢᠶᠠᠯᠠᠩ ᠤᠨ ᠣᠶᠤᠨᠴᠢ ᠬᠦᠯᠡᠮᠵᠢ  ᠶᠢᠨ ᠲᠥᠷᠥᠯ ᠵᠦᠢᠯ ᠨᠢ 267 ᠮᠦ ᠶᠢᠨ ᠭᠠᠵᠠᠷ ᠡᠵᠡᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 3.45 ᠳ᠋ᠦᠩᠰᠢᠭᠤᠷ ᠲᠥᠭᠦᠷᠢᠭ ᠲᠤ ᠬᠦᠷᠴᠦ᠂ ᠡᠨᠡ ᠵᠢᠯ ᠤᠨ ᠡᠴᠦᠰ ᠲᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠤᠶ᠃ ︽ᠲᠥᠷᠥᠯ ᠵᠦᠢᠯ ᠠᠰᠢᠭᠯᠠᠯᠲᠠ ᠳᠤ ᠣᠷᠣᠭᠰᠠᠨ ᠤ ᠳᠠᠷᠠᠭ᠎ᠠ ᠲᠥᠪᠡᠳ ᠬᠠᠰᠢ  ᠶᠢᠨ ᠴᠢᠬᠢ ᠪᠣᠶᠢᠵᠢᠭᠤᠯᠬᠤ ᠲᠥᠪ᠂ ᠦᠢᠯᠡᠳᠪᠦᠷᠢᠯᠡᠯ ᠤᠨ ᠲᠥᠪ᠂ ᠢᠯᠭᠠᠨ ᠪᠣᠭᠤᠳᠠᠯᠯᠠᠬᠤ ᠲᠥᠪ᠂ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠲᠥᠪ ᠢ ᠪᠠᠶᠢᠭᠤᠯᠵᠤ᠂ ᠴᠢᠬᠢ ᠪᠣᠶᠢᠵᠢᠭᠤᠯᠬᠤ᠂ ᠦᠢᠯᠡᠳᠪᠦᠷᠢᠯᠡᠬᠦ᠂ ᠡᠳ᠋ᠰᠢᠭᠦᠯᠦᠨ ᠪᠤᠯᠪᠠᠰᠤᠷᠠᠭᠤᠯᠬᠤ ᠪᠠ ᠪᠣᠷᠣᠯᠠᠭᠤᠯᠬᠤ ᠪᠦᠭᠦ ᠠᠵᠤ ᠦᠢᠯᠡᠰ ᠤᠨ ᠬᠡᠯᠬᠢᠶ᠎ᠡ ᠶᠢ ᠪᠦᠭᠦ ᠬᠦᠴᠦᠨ ᠢᠶᠠᠷ ᠴᠣᠭᠴᠠᠯᠠᠨ᠂ ᠠᠵᠤ ᠦᠢᠯᠡᠰᠵᠢᠭᠰᠡᠨ ᠬᠡᠪᠴᠢᠶᠡᠵᠢᠭᠰᠡᠨ ᠣᠲᠣ ᠦᠶ᠎ᠡ ᠶᠢᠨ ᠣᠶᠤᠨᠴᠢ ᠲᠠᠷᠢᠶᠠᠯᠠᠩ ᠤᠨ ᠵᠠᠭᠪᠤᠷ  ᠢ ᠪᠦᠷᠢᠯᠳᠦᠭᠦᠯᠬᠦ ᠪᠣᠯᠣᠨ᠎ᠠ︾ ᠭᠡᠵᠦ ᠠᠯᠲᠠᠨ ᠬᠢᠵᠠᠭᠠᠷᠲᠤ ᠺᠤᠮᠫᠠᠨᠢ ᠶᠢᠨ ᠲᠥᠬᠦᠭᠡᠷᠦᠮᠵᠢᠲᠦ ᠲᠠᠷᠢᠶᠠᠯᠠᠩ ᠤᠨ ᠭᠠᠵᠠᠷ ᠤᠨ ᠬᠠᠷᠢᠭᠤᠴᠠᠯᠭᠠᠲᠠᠨ ᠲᠢᠶᠠᠨ ᠶᠧ ᠶᠠᠷᠢᠵᠤ ᠪᠠᠶᠢᠯ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ