︵ᠰᠤᠷᠪᠤᠯᠵᠢᠯᠠᠭᠴᠢ ᠰᠦᠩ ᠰᠢᠶᠠᠩ ᠬᠤᠸᠠ︶ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠥᠬᠡᠬᠤᠲᠠ ︽ᠪᠦᠷᠢᠨ ᠴᠢᠳᠠᠮᠵᠢᠲᠤ ᠺᠠᠷᠲ︾ ᠢᠶᠠᠷ | ᠨᠡᠶᠢᠲᠡ 34258.62 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠪᠠ᠂ ᠡᠭᠦᠨ ᠳᠤ᠂ ᠲᠠᠷᠢᠶᠠᠴᠢᠳ ᠤᠨ ᠨᠥᠬᠦᠪᠥᠷᠢ ᠮᠥᠩᠭᠦ 30918.07 | ᠲᠦᠮᠡᠨ ᠲᠥᠭᠦᠷᠢᠭ᠂ 90.25% ᠶᠢ ᠡᠵᠡᠯᠡᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠪᠡᠯᠡ ᠮᠥᠩᠭᠦ 3340.55 ᠲᠦᠮᠡᠨ | ᠲᠥᠭᠦᠷᠢᠭ᠂ 9.75% ᠶᠢ ᠡᠵᠡᠯᠡᠪᠡ᠃ ᠪᠥᠬᠦ ᠬᠤᠲᠠ ᠶᠢᠨ 89 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ | 70.54 ᠲᠦᠮᠡᠨ ᠬᠥᠮᠦᠨ ᠤᠳᠠᠭ᠎ᠠ ᠲᠠᠷᠬᠠᠭᠠᠪᠠ᠂ ᠡᠭᠦᠨ ᠳᠤ ᠬᠥᠳᠡᠭᠡ ᠲᠣᠰᠬᠤᠨ ᠤ ᠨᠥᠬᠦᠪᠥᠷᠢ ᠣᠯᠬᠤ ᠡᠲᠡᠭᠡᠳ 67.44 ᠲᠦᠮᠡᠨ ᠬᠥᠮᠦᠨ | ᠤᠳᠠᠭ᠎ᠠ ᠬᠦᠷᠴᠦ᠂ 95.6% ᠶᠢ ᠡᠵᠡᠯᠡᠪᠡ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠣᠯᠬᠤ ᠡᠲᠡᠭᠡᠳ 3.1 ᠲᠦᠮᠡᠨ ᠬᠥᠮᠦᠨ | ᠤᠳᠠᠭ᠎ᠠ ᠳᠤ ᠬᠦᠷᠴᠦ᠂ 4.4% ᠶᠢ ᠡᠵᠡᠯᠡᠪᠡ᠃ | 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠲᠠᠷᠬᠠᠭᠠᠭᠰᠠᠨ ᠪᠡᠯᠡ | ᠮᠦᠩᠭᠦ ᠶᠢᠨ ᠲᠦᠷᠦᠯ ᠵᠦᠢᠯ 7 ᠬᠦᠷᠢᠶᠡᠨ ᠤ 35 ᠲᠥᠷᠥᠯ ᠤᠨ 41 ᠵᠦᠢᠯ ᠢ ᠬᠠᠮᠤᠷᠴᠠᠢ᠃ ᠡᠳ᠋ ᠤᠨ ᠵᠠᠰᠠᠭ ᠤᠨ ᠨᠥᠬᠦᠪᠥᠷᠢ ᠮᠥᠩᠭᠦ ᠳᠤ᠂ ᠵᠣᠭᠤᠰ ᠤᠨ | ᠲᠤᠭ᠎ᠠ ᠨᠢ ᠨᠡᠯᠢᠶᠡᠳ ᠶᠡᠭᠡ ᠨᠢ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠴᠠᠯᠢᠩ ᠤᠨ ᠨᠥᠬᠦᠪᠥᠷᠢ ᠶᠢᠨ ᠲᠥᠷᠥᠯ᠂ ᠲᠥᠯᠥᠪᠯᠡᠭᠡᠲᠦ ᠦᠷᠡᠵᠢᠯ ᠤᠨ ᠲᠥᠷᠥᠯ᠂ | ᠪᠦᠲᠦᠭᠡᠨ ᠪᠠᠶᠢᠭᠤᠯᠤᠯᠲᠠ ᠶᠢᠨ ᠲᠥᠷᠥᠯ᠂ ᠲᠠᠷᠢᠶᠠᠯᠠᠩ ᠤᠨ ᠲᠥᠷᠥᠯ ᠵᠡᠷᠭᠡ ᠠᠷᠠᠳ ᠤᠨ ᠠᠮᠢᠳᠤᠷᠠᠯ ᠤᠨ ᠲᠥᠷᠥᠯ ᠤᠨ ᠲᠠᠪᠤᠨ ᠶᠡᠭᠡ ᠨᠥᠬᠦᠪᠥᠷᠢ ᠶᠢᠨ ᠪᠡᠯᠡ | ᠮᠥᠩᠭᠦ ᠪᠠᠭᠲᠠᠨ᠎ᠠ᠃ |