ᠪᠣᠣ ᠭᠠᠩ ᠾᠧ ᠬᠠᠢ ᠳ᠋ᠦᠩ 360 ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠧᠦ ᠬᠤᠩ ᠢ ᠲᠠᠢ ᠬᠡᠯᠡᠯᠴᠡᠭᠡ ᠬᠢᠵᠦ ᠭᠡᠷ᠎ᠡ ᠲᠣᠭᠲᠠᠬᠤ ᠶᠢ ᠭᠡᠷᠡᠴᠢᠯᠡᠪᠡ
ᠨᠡᠶᠢᠲᠡᠯᠡᠭᠰᠡᠨ ᠴᠠᠭ᠄
2025/3/13
      ︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ 360 ᠪᠦᠯᠦᠭᠯᠡᠯ ᠤᠨ ᠡᠭᠦᠰᠭᠡᠨ ᠪᠠᠶᠢᠭᠤᠯᠤᠭᠴᠢ᠂ ᠬᠡᠷᠡᠭ ᠮᠡᠳᠡᠭᠴᠢᠳ ᠤᠨ ᠳᠠᠷᠤᠭ᠎ᠠ ᠵᠧᠦ ᠬᠤᠩ ᠢ ᠲᠠᠢ ᠬᠡᠯᠡᠯᠴᠡᠭᠡ ᠬᠢᠪᠡ᠃      ᠪᠣᠣ ᠭᠠᠩ ᠠᠴᠠ ᠵᠧᠦ ᠬᠤᠩ ᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠳᠤ᠂ ᠬᠥᠬᠡᠬᠤᠲᠠ ᠲᠥᠷᠥ ᠶᠢᠨ ᠪᠣᠳᠣᠯᠭ᠎ᠠ᠂ ᠣᠷᠣᠨ ᠪᠠᠶᠢᠷᠢ᠂ ᠨᠣᠭᠤᠭᠠᠨ ᠴᠠᠬᠢᠯᠭᠠᠨ᠂ ᠠᠵᠤ ᠦᠢᠯᠡᠰ ᠵᠡᠷᠭᠡ ᠳᠠᠪᠠᠭᠤᠯᠢᠭ ᠲᠠᠭᠠᠨ ᠲᠦᠰᠢᠭᠯᠡᠨ᠂ ᠨᠢᠭᠡ ᠪᠦᠯᠦᠭ ᠲᠣᠯᠣᠭᠠᠶᠢᠯᠠᠭᠴᠢ ᠠᠵᠤ ᠠᠬᠤᠶᠢᠯᠠᠯ ᠤᠨ ᠲᠤᠭ᠎ᠠ ᠪᠠᠷᠢᠮᠲᠠ ᠶᠢᠨ ᠲᠥᠪ᠂ ᠬᠡᠲᠦ ᠪᠣᠳᠣᠯᠭ᠎ᠠ ᠶᠢᠨ ᠲᠠᠪᠴᠠᠩ᠂ ᠣᠶᠤᠨᠴᠢ ᠪᠣᠳᠣᠯᠭ᠎ᠠ ᠶᠢᠨ ᠲᠥᠪ ᠢ ᠴᠤᠭᠯᠠᠷᠠᠭᠤᠯᠵᠤ᠂ ᠣᠯᠠᠨ ᠲᠣᠮᠣ ᠵᠠᠭᠪᠤᠷ ᠤᠨ ᠪᠣᠯᠪᠠᠰᠤᠷᠠᠯ᠂ ᠵᠦᠢᠴᠢᠯᠡᠯ ᠵᠡᠷᠭᠡ ᠠᠵᠤ ᠠᠬᠤᠶᠢᠯᠠᠯ ᠬᠤᠶᠢᠨ᠎ᠠ ᠬᠤᠶᠢᠨ᠎ᠠ ᠠᠴᠠ ᠪᠠᠨ ᠰᠠᠭᠤᠷᠢᠰᠢᠵᠤ᠂ ᠲᠣᠭᠠᠴᠢᠯᠠᠭᠰᠠᠨ ᠠᠵᠤ ᠦᠢᠯᠡᠰ ᠨᠢ ᠨᠡᠯᠢᠶᠡᠳ ᠪᠠᠲᠤ ᠪᠠᠬᠢ ᠰᠠᠭᠤᠷᠢ ᠲᠠᠢ ᠪᠣᠯᠤᠭᠰᠠᠨ ᠪᠠᠶᠢᠨ᠎ᠠ᠃ ᠬᠢᠮᠡᠯ ᠤᠶᠤᠨ ᠤ ᠠᠵᠤ ᠦᠢᠯᠡᠰ ᠲᠦᠷᠭᠡᠨ ᠬᠥᠭᠵᠢᠬᠦ ᠶᠢᠨ ᠵᠡᠷᠭᠡᠪᠡᠷ᠂ ᠰᠦᠯᠵᠢᠶ᠎ᠡ᠂ ᠲᠤᠭ᠎ᠠ ᠪᠠᠷᠢᠮᠲᠠ ᠵᠢᠴᠢ ᠬᠢᠮᠡᠯ ᠣᠶᠤᠨ ᠤ ᠠᠮᠤᠷ ᠲᠦᠪᠰᠢᠨ ᠤ ᠬᠡᠷᠡᠭᠴᠡᠭᠡ ᠱᠠᠭᠠᠷᠳᠠᠯᠭ᠎ᠠ ᠦᠳᠲᠦᠷ ᠨᠡᠮᠡᠭᠳᠡᠵᠡᠢ᠃ 360 ᠪᠦᠯᠦᠭᠯᠡᠯ ᠲᠣᠭᠠᠴᠢᠯᠠᠭᠰᠠᠨ ᠠᠮᠤᠷ ᠲᠦᠪᠰᠢᠨ ᠤ ᠬᠦᠷᠢᠶᠡᠨ ᠳᠠᠬᠢ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠣᠷᠣᠨ ᠤ ᠲᠥᠪ ᠬᠤᠲᠠ ᠲᠠᠢ ᠬᠠᠮᠲᠤᠷᠠᠯᠴᠠᠬᠤ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠠᠵᠤ ᠠᠬᠤᠶᠢᠯᠠᠯ ᠤᠨ ᠬᠢᠨ ᠲᠤᠰ ᠤᠳᠠᠭ᠎ᠠ ᠶᠢᠨ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠲᠣᠭᠠᠴᠢᠯᠠᠭᠰᠠᠨ ᠠᠮᠤᠷ ᠲᠦᠪᠰᠢᠨ ᠤ ᠰᠢᠰᠲ᠋ᠧᠮᠵᠢ ᠶᠢᠨ ᠪᠠᠶᠢᠭᠤᠯᠤᠯᠲᠠ᠂  ᠬᠢᠮᠡᠯ ᠤᠶᠤᠨ ᠮᠡᠷᠭᠡᠵᠢᠯ ᠢ ᠨᠢᠭᠡ ᠴᠤᠬᠴᠠᠵᠢᠭᠤᠯᠤᠬᠰᠠᠨ ᠠᠮᠤᠷ ᠲᠦᠪᠰᠢᠨ ᠤ ᠬᠡᠷᠡᠭᠯᠡᠯᠲᠡ᠂ ᠤᠶᠤᠨᠲᠤ ᠬᠤᠳᠠ ᠶᠢᠨ ᠵᠠᠰᠠᠯᠲᠠ᠂ ᠠᠮᠤᠷ ᠲᠦᠪᠰᠢᠨ ᠤ ᠪᠤᠯᠪᠠᠰᠤᠷᠠᠭᠤᠯᠤᠯ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠣᠷᠣᠨ ᠤ ᠲᠥᠪ ᠬᠤᠲᠠ ᠶᠢᠨ ᠬᠢᠮᠡᠯ ᠤᠶᠤᠨ ᠤ ᠠᠵᠤ ᠦᠢᠯᠡᠰ ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠥᠨᠳᠦᠷᠯᠢᠭ ᠢ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠢ᠃      ᠵᠧᠦ ᠬᠤᠩ ᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ 360 ᠪᠦᠯᠦᠭᠯᠡᠯ ᠤᠨ ᠬᠥᠬᠡᠬᠤᠲᠠ ᠳᠠᠬᠢ ᠲᠦᠷᠦᠯ ᠵᠦᠢᠯ ᠢ ᠴᠢᠬᠤᠯᠠᠴᠢᠯᠠᠨ ᠳᠡᠮᠵᠢᠭᠰᠡᠨ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠬᠥᠬᠡᠬᠤᠲᠠ ᠪᠣᠳᠣᠯᠭ᠎ᠠ ᠶᠢᠨ ᠬᠦᠴᠦᠨ ᠤ ᠠᠵᠤ ᠦᠢᠯᠡᠰ ᠤᠨ ᠪᠠᠷᠠᠭᠠᠯᠬᠢᠯᠠᠯ ᠤᠨ ᠴᠢᠨᠠᠷᠲᠠᠢ ᠪᠠᠶᠢᠷᠢᠰᠢᠭᠤᠯᠤᠯᠲᠠ ᠳᠤ ᠬᠢᠮᠡᠯ ᠤᠶᠤᠨ ᠤ ᠵᠠᠩᠭᠢᠯᠠᠭ᠎ᠠ ᠶᠢ ᠴᠢᠩᠭ᠎ᠠ ᠠᠳᠬᠤᠵᠤ᠂ ᠬᠤᠳᠠ ᠶᠢᠨ ᠬᠥᠭᠵᠢᠯᠲᠡ ᠳᠤ ᠠᠵᠠ ᠲᠣᠬᠢᠶᠠᠯ ᠣᠯᠭᠤᠭᠰᠠᠨ ᠪᠠᠶᠢᠨ᠎ᠠ᠃ 360 ᠪᠦᠯᠦᠭᠯᠡᠯ ᠠᠵᠤ ᠠᠬᠤᠶᠢᠯᠠᠯ ᠤᠨ ᠤᠠᠴᠠᠯᠢᠭᠲᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠬᠡᠬᠤᠲᠠ ᠳᠠᠬᠢ ᠪᠡᠯᠡ ᠣᠷᠣᠭᠤᠯᠤᠯᠲᠠ ᠶᠢᠨ ᠪᠠᠶᠢᠷᠢᠰᠢᠭᠤᠯᠤᠯᠲᠠ ᠪᠠᠨ ᠴᠢᠨᠠᠭᠰᠢᠳᠠ ᠥᠷᠭᠡᠳᠬᠡᠵᠦ᠂ ᠰᠦᠯᠵᠢᠶ᠎ᠡ ᠪᠣᠯᠣᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠪᠠᠲᠤᠯᠠᠭ᠎ᠠ᠂ ᠲᠣᠮᠣ ᠵᠠᠭᠪᠤᠷ ᠤᠨ ᠬᠡᠷᠡᠭᠯᠡᠭᠡᠨ ᠤ ᠪᠠᠶᠢᠳᠠᠯ ᠢ ᠪᠠᠶᠠᠯᠢᠭᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠳᠤ ᠬᠦᠴᠦᠨ ᠨᠡᠮᠡᠷᠢᠯᠡᠬᠦ᠂ ᠲᠣᠭᠠᠴᠢᠯᠠᠭᠰᠠᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠢᠮᠡᠯ ᠤᠶᠤᠨ ᠤ ᠠᠵᠤ ᠦᠢᠯᠡᠰ ᠤᠨ ᠠᠮᠢ ᠠᠬᠤᠢ ᠶᠢ ᠰᠢᠯᠢᠳᠡᠭᠵᠢᠭᠦᠯᠵᠦ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠡᠨᠧᠷᠭᠢ ᠬᠤᠷᠠᠮᠳᠤᠭᠤᠯᠵᠤ ᠬᠦᠴᠦᠨ ᠨᠡᠮᠡᠷᠢᠯᠡᠨ᠎ᠡ ᠭᠡᠵᠡᠢ᠃      ᠬᠡᠯᠡᠯᠴᠡᠭᠡ ᠶᠢᠨ ᠳᠠᠷᠠᠭ᠎ᠠ᠂ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 360 ᠪᠦᠯᠦᠭᠯᠡᠯ ᠲᠠᠢ ᠬᠢᠮᠡᠯ ᠤᠶᠤᠨ ᠬᠢᠭᠡᠳ ᠲᠣᠭᠠᠴᠢᠯᠠᠭᠰᠠᠨ ᠠᠮᠤᠷ ᠲᠦᠪᠰᠢᠨ ᠤ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠲᠤᠬᠠᠶ ᠭᠡᠷ᠎ᠡ ᠲᠣᠭᠲᠠᠪᠠ᠃     ᠰᠦᠨ ᠬᠤᠤ᠂ ᠼᠤᠤ ᡁᠢ᠂ ᠨᠢᠦ ᠹᠠᠩ ᠽᠧ᠂ ᠵᠦ ᠵᠢᠶᠠᠨ ᠭᠦᠸᠧ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ