︵ᠰᠤᠷᠪᠤᠯᠵᠢᠯᠠᠭᠴᠢ ᠯᠢᠶᠠᠩ ᠵᠢᠩ ᠱᠥ︶ 3 ᠳ᠋ᠤᠭᠠᠷ ᠰᠠᠷ᠎ᠠ ᠶᠢᠨ 12 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠠᠴᠠ ᠤᠶᠢᠯᠠᠭᠠᠭᠰᠠᠨ ᠨᠢ᠂ ︽ᠬᠥᠬᠡᠬᠤᠲᠠ ᠪᠤᠭᠤᠲᠤ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ᠨᠢᠭᠡ ᠬᠤᠲᠠᠴᠢᠯᠠᠯᠲᠠ ᠶᠢᠨ ᠴᠢᠨᠠᠷ ᠰᠠᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠡᠯᠡᠯᠴᠡᠭᠡᠷ︾ ᠲᠣᠭᠲᠠᠭᠰᠠᠨ ᠠᠴᠠ ᠨᠠᠭᠠᠰᠢ᠂ ᠣᠳᠣ ᠪᠣᠯᠲᠠᠯ᠎ᠠ᠂ ᠬᠥᠬᠡᠬᠤᠲᠠ ᠪᠤᠭᠤᠲᠤ ᠶᠢᠨ ︽ᠣᠷᠣᠨ ᠪᠦᠰᠡ ᠠᠯᠤᠰᠯᠠᠨ ᠨᠡᠢᠳᠡᠮ | ᠭᠦᠢᠴᠡᠳᠭᠡᠬᠦ︾ ᠵᠦᠢᠯᠡᠰ ᠤᠨ ᠶᠡᠷᠦᠩᠬᠡᠢ ᠲᠤᠭ᠎ᠠ ᠨᠢ 335 ᠬᠦᠷᠴᠡᠢ᠃ | ᠣᠶᠢᠯᠠᠭᠠᠭᠰᠠᠨ ᠢᠶᠠᠷ᠂ ︽ᠬᠥᠬᠡᠬᠤᠲᠠ ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ᠨᠢᠭᠡ | ᠬᠤᠲᠠᠴᠢᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ︾ ᠢ ᠨᠠᠶᠢᠳᠠᠪᠤᠷᠢᠵᠢᠭᠤᠯᠵᠤ᠂ | ᠬᠥᠬᠡᠬᠤᠲᠠ᠂ ᠪᠤᠭᠤᠲᠤ ᠬᠤᠲᠠ ᠶᠢᠨ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠶᠢᠨ ᠲᠥᠯᠥᠭᠡ᠂ ᠬᠤᠶᠠᠷ ᠬᠤᠲᠠ ᠬᠡᠷᠡᠭ ᠶᠠᠪᠤᠳᠠᠯ᠂ ᠠᠷᠭ᠎ᠠ ᠵᠠᠮ᠂ ᠠᠵᠢᠯᠲᠠᠨ ᠵᠡᠷᠭᠡ ᠭᠤᠷᠪᠠᠨ ᠵᠠᠩᠭᠢᠯᠠᠭ᠎ᠠ ᠶᠢᠨ ᠭᠤᠤᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠪᠠᠲᠤᠳᠬᠠᠨ᠂ ᠠᠵᠢᠯᠲᠠᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ | ᠬᠥᠬᠡᠬᠤᠲᠠ ᠪᠤᠭᠤᠲᠤ ᠬᠤᠲᠠ ᠶᠢᠨ ᠨᠡᠶᠢᠳᠡᠮ ᠭᠦᠢᠴᠡᠳᠬᠡᠬᠦ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠦᠢᠯᠡᠴᠢᠯᠡᠭᠡᠨ ᠤ | ᠭᠦᠨᠴᠡ ᠪᠠ ᠥᠷᠭᠡᠴᠡ ᠶᠢ ᠥᠷᠭᠡᠳᠬᠡᠪᠡ᠃ 2024 ᠣᠨ ᠤ ᠡᠬᠢᠨ ᠳᠤ᠂ ᠬᠥᠬᠡᠬᠤᠲᠠ ᠪᠤᠭᠤᠲᠤ ᠬᠤᠶᠠᠷ ᠭᠠᠵᠠᠷ 192 ᠵᠦᠢᠯᠡᠰ ᠤᠨ ᠭᠡᠷ᠎ᠡ ᠲᠣᠭᠲᠠᠪᠠ᠃ | 2024 ᠣᠨ ᠤ ᠡᠴᠦᠰ ᠲᠤ ᠬᠤᠶᠠᠷ ᠭᠠᠵᠠᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠨᠢᠭᠡ ᠵᠢᠯ ᠤᠨ ᠬᠠᠮᠵᠢᠯᠴᠠᠨ | ᠬᠦᠴᠦᠯᠡᠬᠦ ᠪᠠᠷ ᠳᠡᠮᠵᠢᠨ᠂ ᠬᠥᠬᠡᠬᠤᠲᠠ ᠪᠤᠭᠤᠲᠤ ᠶᠢᠨ ᠬᠤᠲᠠ ᠶᠢᠨ ᠳᠡᠰ ᠤᠨ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠵᠦᠢᠯᠡᠰ ᠤᠨ | ᠶᠡᠷᠦᠩᠬᠡᠶ ᠲᠤᠭ᠎ᠠ 312 ᠵᠦᠢᠯᠡᠰ ᠲᠤ ᠬᠦᠷᠴᠦ᠂ ︽ᠬᠤᠶᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠳᠠᠩᠰᠠᠯᠠᠯᠲᠠ︾ | ︽ᠺᠣᠮᠫᠠᠨᠢ ᠶᠢᠨ ᠪᠤᠰᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠬᠦᠴᠦᠨ ᠥᠬᠡᠶ ᠪᠣᠯᠭᠠᠭᠰᠠᠨ ᠳᠡᠩᠰᠡᠯᠡᠯᠲᠡ︾ ᠵᠡᠷᠭᠡ 120 ᠵᠦᠢᠯ ᠤᠨ ᠥᠨᠳᠥᠷ | ᠳᠠᠪᠲᠠᠮᠵᠢᠲᠤ ᠵᠦᠢᠯᠡᠰ ᠢ ᠨᠡᠮᠡᠵᠦ᠂ ᠨᠡᠶᠢᠳᠡᠮ ᠭᠦᠢᠴᠡᠳᠭᠡᠬᠦ ᠵᠦᠢᠯᠡᠰ ᠤᠨ ᠲᠤᠭ᠎ᠠ ᠬᠡᠮᠵᠢᠶ᠎ᠡ ᠦᠳᠲᠡᠷ ᠲᠦᠷᠭᠡᠨ ᠨᠡᠮᠡᠭᠳᠡᠵᠡᠢ᠃ 2024 ᠣᠨ ᠤ ᠡᠬᠢᠨ ᠳᠤ᠂ | ᠬᠤᠶᠠᠷ ᠭᠠᠵᠠᠷ ᠤᠨ ᠬᠢᠨ ᠳᠠᠬᠢᠨᠲᠠ ᠡᠷᠲᠡ ᠲᠦᠯᠦᠪᠯᠡᠨ᠂ ᠡᠷᠲᠡ ᠬᠦᠳᠦᠯᠦᠯᠴᠡᠨ᠂ ᠡᠷᠲᠡ ᠬᠦᠴᠦᠯᠡᠵᠦ᠂ ᠤᠷᠤᠨ ᠪᠦᠰᠡ ᠠᠯᠤᠰᠯᠠᠭᠰᠠᠨ ᠠᠵᠢᠯ ᠤᠨ | ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠵᠦ᠂ ᠬᠤᠶᠠᠷ ᠰᠠᠷ᠎ᠠ ᠶᠢᠨ ᠳᠤᠲᠤᠷ᠎ᠠ ᠨᠡᠶᠢᠳᠡᠮ ᠭᠦᠢᠴᠡᠳᠬᠡᠬᠦ ᠵᠦᠢᠯᠡᠰ 23 ᠨᠡᠮᠡᠭᠳᠡᠵᠦ᠂ ᠤᠳᠤᠬᠠᠨ ᠳᠤ | ᠶᠡᠷᠦᠩᠬᠡᠶ ᠲᠤᠭ᠎ᠠ 335 ᠵᠦᠢᠯᠡᠰ ᠲᠤ ᠬᠦᠷᠴᠡᠢ᠃ | 2025 ᠣᠨ ᠳᠤ᠂ ᠬᠥᠬᠡᠬᠤᠲᠠ ᠪᠤᠭᠤᠲᠤ ᠬᠤᠶᠠᠷ ᠬᠤᠲᠠ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠭᠡᠬᠦ ᠶᠢ ᠠᠬᠢᠭᠤᠯᠬᠤ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠷᠭᠦᠯᠵᠢᠯᠡᠨ ᠭᠦᠨᠵᠡᠭᠡᠶ ᠬᠠᠮᠲᠤᠷᠠᠯᠴᠠᠵᠤ᠂ 100 ᠵᠦᠢᠯᠡᠰ ᠠᠴᠠ ᠳᠤᠲᠠᠭᠤ ᠥᠬᠡᠶ ᠬᠤᠰᠢᠭᠤ ᠰᠢᠶᠠᠨ | ᠲᠣᠭᠤᠷᠢᠭ ᠵᠢᠴᠢ ᠳᠣᠤᠷᠠᠬᠢ ᠲᠠᠰ ᠳᠠᠪᠬᠤᠷᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ᠬᠥᠬᠡᠬᠤᠲᠠ ᠪᠤᠭᠤᠲᠤ ᠶᠢᠨ ︽ᠣᠷᠣᠨ | ᠪᠦᠰᠡ ᠠᠯᠤᠰᠯᠠᠨ ᠨᠡᠶᠢᠳᠡᠮ ᠭᠦᠢᠴᠡᠳᠭᠡᠬᠦ︾ ᠶᠢ ᠪᠡᠶᠡᠯᠡᠭᠦᠯᠬᠦ ᠶᠢ ᠢᠳᠡᠪᠬᠢᠲᠡᠶ ᠠᠬᠢᠭᠤᠯᠤᠨ᠎ᠠ᠃ ᠪᠠᠷᠢᠮᠵᠢᠶ᠎ᠠ ᠶᠢ ᠨᠢᠭᠡᠳᠦᠯᠲᠡᠶ ᠬᠡᠷᠡᠭᠵᠢᠭᠦᠯᠬᠦ᠂ ᠰᠦᠯᠵᠢᠶᠡᠨ | ᠭᠠᠳᠠᠨᠠᠬᠢ ᠦᠢᠯᠡᠴᠢᠯᠡᠭᠡᠨ ᠤ ᠴᠣᠩᠬᠤᠪᠴᠢ ᠶᠢ ᠲᠣᠬᠢᠷᠠᠭᠤᠯᠬᠤ᠂ ᠵᠣᠬᠢᠴᠠᠭᠤᠯᠤᠨ ᠬᠠᠷᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠵᠡᠷᠭᠡ | ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠬᠡᠬᠤᠲᠠ ᠪᠤᠭᠤᠲᠤ ᠶᠢᠨ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠰᠢᠨ᠎ᠡ | ᠳᠠᠪᠰᠢᠯᠲᠠ ᠶᠢ ᠪᠡᠶᠡᠯᠡᠭᠦᠯᠦᠨ᠎ᠡ᠃ | |