︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠳᠤ᠂ ᠬᠥᠬᠡᠬᠤᠲᠠ ᠶᠢᠨ ᠭᠤᠣᠯ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠬᠤᠷᠢᠨᠭᠡᠷ | ᠰᠢᠶᠠᠨ᠂ ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠂ ᠢᠦᠢ ᠴᠢᠤᠸᠠᠨ ᠲᠣᠭᠤᠷᠢᠭ᠂ ᠴᠢᠩ ᠱᠦᠢ ᠾᠧ ᠰᠢᠶᠠᠨ᠂ ᠲᠣᠭᠲᠠᠬᠤ ᠰᠢᠶᠠᠨ ᠳᠤ | ᠭᠦᠨᠵᠡᠭᠡᠶᠢᠷᠡᠨ ︽ᠭᠤᠯᠳᠤᠷᠢᠯ ᠴᠡᠪᠡᠷᠯᠡᠬᠦ ᠠᠵᠢᠯᠯᠠᠭ᠎ᠠ︾ ᠶᠢᠨ ᠲᠤᠰᠬᠠᠢ ᠪᠠᠶᠢᠴᠠᠭᠠᠯᠲᠠ ᠥᠷᠨᠢᠭᠦᠯᠪᠡ᠃ | ᠲᠣᠰ ᠤᠳᠠᠭᠠᠨ ᠤ ᠲᠤᠰᠬᠠᠶ ᠪᠠᠶᠢᠴᠠᠭᠠᠯᠲᠠ ᠨᠢ ᠤᠯᠠᠭᠠᠨᠮᠥ᠋ᠷᠡᠨ᠂ ᠶᠡᠭᠡ ᠲᠦᠷᠭᠡᠨ ᠭᠤᠤᠯ ᠤᠨ ᠭᠤᠤᠯ ᠭᠤᠯᠳᠤᠷᠢᠯ ᠤᠨ ᠣᠷᠣᠨ ᠤ ᠲᠠᠷᠢᠶᠠᠯᠠᠬᠤ ᠶᠢ | ᠴᠠᠭᠠᠵᠠᠯᠠᠬᠤ ᠱᠤᠭᠤᠮ ᠤᠨ ᠪᠠᠶᠢᠷᠢᠯᠠᠭᠤᠯᠤᠯᠲᠠ ᠶᠢᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠦᠵᠡᠬᠦ ᠶᠢᠨ ᠬᠠᠮᠲᠤ ᠵᠠᠮ ᠳᠠᠭᠠᠤ ᠵᠢᠷᠤᠭᠠᠰᠤ ᠪᠤᠯᠠᠭᠠᠷᠢ ᠶᠢᠨ | ᠶᠠᠰᠤ ᠴᠢᠨᠠᠷ ᠢ ᠰᠤᠭᠤᠴᠢᠨ ᠪᠠᠶᠢᠴᠠᠭᠠᠪᠠ᠃ ᠪᠠᠶᠢᠴᠠᠭᠠᠭᠰᠠᠨ ᠢᠶᠠᠷ᠂ ᠣᠨᠴᠠ ᠵᠠᠷᠢᠮ ᠭᠠᠵᠠᠷ ᠣᠷᠣᠨ ᠳᠤ ᠬᠥᠭᠦᠷᠭᠡ᠂ ᠬᠡᠰᠡᠭ ᠣᠶ᠂ ᠵᠢᠭᠠᠰᠤᠨ ᠨᠠᠭᠤᠷ ᠵᠡᠷᠭᠡ | ᠤᠰᠤ ᠬᠤᠷᠢᠭᠯᠠᠬᠤ ᠠᠰᠠᠭᠤᠳᠠᠯ ᠣᠷᠣᠰᠢᠵᠤ᠂ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃ ᠡᠨᠡ ᠬᠤᠭᠤᠴᠠᠭᠠᠨ ᠳᠤ᠂ | ᠬᠠᠮᠢᠶ᠎ᠠ ᠪᠥᠬᠦᠶ ᠬᠤᠰᠢᠭᠤ ᠰᠢᠶᠠᠨ ᠲᠣᠭᠤᠷᠢᠭ ᠤᠨ ︽ᠭᠤᠯᠳᠤᠷᠢᠯ ᠴᠡᠪᠡᠷᠯᠡᠬᠦ ᠠᠵᠢᠯᠯᠠᠭ᠎ᠠ︾ ᠶᠢ ᠠᠬᠢᠭᠤᠯᠤᠭᠰᠠᠨ ᠪᠠᠶᠢᠳᠠᠯ ᠤᠨ ᠲᠤᠬᠠᠶ ᠲᠤᠰᠬᠠᠶ ᠰᠡᠳᠦᠪᠲᠦ | ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ᠂ ᠲᠠᠷᠢᠶᠠᠯᠠᠬᠤ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ᠂ ᠲᠠᠷᠢᠶᠠᠯᠠᠬᠤ ᠶᠢ ᠴᠠᠭᠠᠵᠠᠯᠠᠬᠤ ᠵᠠᠷᠯᠢᠭ ᠳᠠᠷᠤᠮᠠᠯᠯᠠᠨ ᠲᠠᠷᠬᠠᠭᠠᠭᠰᠠᠨ᠂ ᠲᠠᠷᠢᠶᠠᠯᠠᠬᠤ ᠶᠢ ᠴᠠᠭᠠᠵᠠᠯᠠᠬᠤ ᠱᠤᠭᠤᠮ ᠤᠨ ᠳᠣᠲᠣᠷᠠᠬᠢ ᠭᠠᠵᠠᠷ ᠤᠨ | ᠰᠠᠭᠤᠷᠢ ᠲᠤᠭ᠎ᠠ ᠵᠢᠴᠢ ᠡᠷᠬᠡ ᠶᠢ ᠨᠤᠲᠠᠯᠠᠨ ᠲᠣᠭᠲᠠᠭᠠᠭᠰᠠᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ | ᠲᠣᠬᠢᠷᠠᠭᠤᠯᠤᠯᠲᠠ ᠵᠡᠷᠭᠡ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠪᠠ᠃ | ᠬᠤᠲᠠ ᠶᠢᠨ ᠭᠤᠤᠯ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠠᠴᠠ᠂ ᠡᠯ᠎ᠡ ᠬᠤᠰᠢᠭᠤ ᠰᠢᠶᠠᠨ ᠲᠣᠭᠤᠷᠢᠭ ᠤᠨ ᠭᠤᠤᠯ ᠤᠨ ᠳᠠᠷᠤᠭ᠎ᠠ ᠶᠢᠨ | ᠠᠯᠪᠠᠨ ᠬᠡᠷ ᠲᠦᠷᠦᠭᠦᠯᠡᠵᠦ ᠶᠡᠷᠦᠩᠬᠡᠶᠢᠯᠡᠨ ᠠᠳᠬᠤᠵᠤ᠂ ᠬᠢᠨᠠᠨ ᠵᠢᠯᠣᠭᠤᠳᠴᠤ ᠪᠠᠶᠢᠴᠠᠭᠠᠬᠤ ᠪᠠ ᠬᠠᠷᠢᠭᠤ ᠮᠡᠳᠡᠭᠦᠯᠬᠦ ᠠᠵᠢᠯ ᠢ ᠰᠠᠶᠢᠲᠤᠷ ᠬᠢᠵᠦ᠂ | ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠠᠰᠢᠭᠲᠠᠶ | ᠴᠠᠭ ᠲᠣᠬᠢᠶᠠᠯ ᠢ ᠰᠠᠶᠢᠲᠤᠷ ᠠᠳᠬᠤᠵᠤ᠂ ᠤᠬᠠᠭᠤᠯᠵᠤ ᠬᠥᠲᠥᠯᠦᠨ ᠵᠢᠯᠣᠭᠤᠳᠬᠤ ᠠᠵᠢᠯ ᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠵᠠᠮ ᠢᠶᠠᠷ | ᠳᠠᠮᠵᠢᠭᠤᠯᠤᠨ ᠲᠠᠷᠢᠶᠠᠯᠠᠬᠤ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠭᠦᠯᠬᠦ ᠶᠢ ᠦᠨᠡᠨ ᠬᠦ ᠪᠠᠲᠤᠯᠠᠵᠤ᠂ ᠨᠠᠩ ᠪᠣᠳᠠᠲᠠᠶ ᠠᠷᠭ᠎ᠠ | ᠬᠡᠮᠵᠢᠶ᠎ᠡ᠂ ᠨᠠᠩ ᠶᠡᠭᠡ ᠡᠷᠴᠢᠮ ᠢᠶᠠᠷ ︽ᠭᠤᠯᠳᠤᠷᠢᠯ ᠴᠡᠪᠡᠷᠯᠡᠬᠦ ᠠᠵᠢᠯᠯᠠᠭ᠎ᠠ︾ ᠶᠢᠨ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ | ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃ | |