ᠮᠣᠳᠣ ᠳᠠᠷᠢᠬᠤ ᠪᠠᠶᠠᠷ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2025/3/13
 
0313.jpg
      3 ᠳ᠋ᠤᠭᠠᠷ ᠰᠠᠷ᠎ᠠ ᠶᠢᠨ 12 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠬᠥᠬᠡᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠢᠨ᠎ᠡ ᠬᠤᠲᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠭᠡᠷ ᠭᠤᠷᠪᠠᠨ ᠱᠠᠲᠤ ᠬᠤᠯᠪᠣᠭᠠᠯᠠᠨ ᠬᠦᠳᠦᠯᠦᠯᠴᠡᠵᠦ᠂ ᠰᠤᠶᠤᠯ ᠴᠡᠴᠡᠷᠯᠢᠭ ᠲᠤ 47 ᠳ᠋ᠤᠭᠠᠷ ᠳᠤᠮᠳᠠᠳᠤ ᠤᠯᠤᠰ ᠤᠨ ᠮᠣᠳᠣ ᠳᠠᠷᠢᠬᠤ ᠪᠠᠶᠠᠷ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠷᠠᠳᠢᠣ᠋ ᠨᠡᠪᠲᠡᠷᠡᠭᠦᠯᠭᠡ ᠨᠡᠪᠲᠡᠷᠡᠭᠦᠯᠬᠦ᠂ ᠬᠥᠨᠳᠡᠯᠡᠨ ᠪᠢᠴᠢᠭᠡᠰᠦ ᠡᠯᠭᠦᠬᠦ᠂ ᠭᠠᠷ ᠤᠭᠤᠲᠠ ᠪᠠ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠠᠯᠪᠠᠨ ᠵᠢᠷᠤᠮ ᠤᠨ ᠮᠣᠳᠣ ᠲᠠᠷᠢᠬᠤ ᠤᠬᠠᠭᠤᠯᠭ᠎ᠠ ᠶᠢᠨ ᠪᠤᠯᠤᠩ ᠭᠠᠷᠭᠠᠬᠤ ᠵᠢᠴᠢ ᠡᠷᠲᠡᠨ ᠤ ᠮᠣᠳᠣ ᠨᠡᠷᠡᠳᠦ ᠮᠣᠳᠣᠨ ᠤ ᠭᠡᠷᠡᠯ ᠵᠢᠷᠤᠭ ᠤᠨ ᠦᠵᠡᠭᠦᠯᠦᠯᠭᠡ ᠶᠢᠨ ᠰᠠᠮᠪᠠᠷ᠎ᠠ ᠭᠠᠷᠭᠠᠬᠤ ᠵᠡᠷᠭᠡ ᠤᠯᠠᠨ ᠵᠦᠢᠯ ᠤᠨ ᠤᠬᠠᠭᠤᠯᠭ᠎ᠠ ᠶᠢᠨ ᠬᠡᠯᠪᠡᠷᠢ ᠪᠠᠷ ᠥᠷᠭᠡᠨ ᠤᠯᠠᠨ ᠬᠤᠳᠠ ᠶᠢᠨ ᠠᠷᠠᠳ ᠲᠤ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ᠂ ᠡᠷᠲᠡᠨ ᠤ ᠮᠣᠳᠣ ᠨᠡᠷᠡᠳᠦ ᠮᠣᠳᠣ ᠶᠢ ᠬᠠᠮᠠᠭᠠᠯᠠᠬᠤ᠂ ᠢᠨᠲ᠋ᠧᠷ ᠰᠦᠯᠵᠢᠶᠡᠨ ᠳᠤ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠥᠷᠭᠡᠨ ᠤᠯᠠᠨ ᠬᠤᠳᠠ ᠶᠢᠨ ᠠᠷᠠᠳ ᠤᠨ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠬᠦᠳᠦᠯᠦᠨ ᠵᠢᠯᠣᠭᠤᠳᠴᠤ ᠵᠣᠷᠢᠭᠵᠢᠭᠤᠯᠪᠠ᠃      ᠰᠤᠷᠪᠤᠯᠵᠢᠯᠠᠭᠴᠢ ᠯᠢᠦ ᠯᠢ ᠰᠢᠶᠠ ᠰᠡᠭᠦᠳᠡᠷᠯᠡᠪᠡ   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ