︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠶᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2025/3/13
      ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 12 ᠤᠨ ᠴᠠᠬᠢᠯᠭᠠᠨ ᠮᠡᠳᠡᠭᠡ   ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠥᠬᠦ ᠤᠯᠤᠰ ᠲᠤ ᠲᠠᠷᠬᠠᠭᠠᠪᠠ᠃      ᠨᠠᠮ ᠤᠨ ᠰᠤᠷᠲᠠᠯ ᠪᠣᠯ ᠳᠠᠷᠤᠢ ᠨᠠᠮ ᠤᠨ ᠲᠦᠷᠢ ᠲᠥᠷᠬᠦ ᠮᠥᠨ᠂ ᠲᠡᠷᠡ ᠨᠢ ᠬᠥᠮᠦᠨ ᠤ ᠰᠡᠳᠭᠢᠯ ᠤᠨ ᠬᠠᠨᠳᠤᠰᠢ ᠳᠤ ᠬᠤᠯᠪᠣᠭᠳᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠪᠦᠲᠦᠵᠦ ᠪᠦᠷᠢᠯᠬᠦ ᠶᠢ ᠲᠣᠭᠲᠠᠭᠠᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠠᠴᠠ ᠡᠬᠢᠯᠡᠨ ᠬᠦᠴᠢᠷ ᠰᠡᠳᠦᠪ ᠢ ᠰᠶᠢᠳᠪᠦᠷᠢᠯᠡᠵᠤ᠂ ᠳᠡᠭᠡᠷ᠎ᠡ ᠠᠴᠠ ᠳᠣᠷᠣᠭᠰᠢ ᠲᠤᠭᠤᠰᠢᠯᠠᠭᠤᠯᠵᠤ᠂ ᠳᠡᠭᠡᠷ᠎ᠡ ᠱᠠᠳᠤ ᠨᠢ ᠳᠣᠤᠷ᠎ᠠ ᠱᠠᠳᠤ ᠪᠠᠨ ᠳᠠᠶᠢᠴᠢᠯᠠᠬᠤ ᠶᠢ ᠪᠠᠷᠢᠮᠲᠠᠯᠠᠵᠤ᠂ ᠰᠢᠨ᠎ᠡ ᠪᠠᠶᠢᠳᠠᠯ ᠳᠣᠣᠷ᠎ᠠ ᠰᠤᠷᠲᠠᠯ ᠤᠨ ᠪᠠᠶᠢᠭᠤᠯᠤᠯᠲᠠ ᠳᠤ ᠶᠠᠭᠤ ᠶᠢ ᠠᠳᠬᠤᠬᠤ᠂ ᠬᠡᠷᠬᠢᠨ ᠠᠳᠬᠤᠬᠤ ᠠᠰᠠᠭᠤᠳᠠᠯ ᠢ ᠰᠢᠢᠳᠪᠦᠷᠢᠯᠡᠪᠡ᠃ ᠨᠠᠢᠮᠠᠨ ᠲᠣᠭᠲᠠᠭᠠᠯ ᠢ ᠨᠢᠭᠡ ᠯᠡ ᠳᠣᠣᠷ᠎ᠠ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠪᠦᠬᠦ ᠲᠠᠯ᠎ᠠ ᠪᠠᠷ ᠠᠮᠢᠳᠤᠯᠢᠭᠵᠢᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠰᠢᠨᠡᠳᠴᠦ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠮᠠᠨ ᠤ ᠨᠠᠮ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠳᠦᠷᠰᠦ ᠪᠠᠶᠢᠳᠠᠯ ᠢᠶᠠᠷ ᠠᠷᠠᠳ ᠤᠯᠠᠨ ᠤ ᠢᠲᠡᠭᠡᠯ ᠬᠦᠷᠢᠶᠡᠯᠡᠯ ᠢ ᠤᠯᠪᠠ᠃ ᠰᠢ ᠶᠢᠨ ᠫᠢᠩ ᠨᠥᠬᠦᠷ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ ᠨᠡᠶᠢᠳᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠨᠢ ᠠᠯᠤᠰ ᠭᠡᠳᠦ ᠶᠢᠨ ᠬᠠᠷᠠᠯᠲᠠ ᠲᠠᠢ᠂ ᠠᠭᠤᠯᠤᠭᠳᠠᠬᠤᠨ ᠪᠠᠶᠠᠯᠢᠭ᠂ ᠦᠵᠡᠯ ᠰᠠᠨᠠᠭ᠎ᠠ ᠭᠦᠨᠵᠡᠭᠡᠶ ᠪᠠᠶᠢᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠳᠥᠷᠪᠡᠨ ᠰᠤᠷᠲᠠᠯ︾ ᠢ ᠵᠠᠯᠠᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠤᠷᠲᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠢ ᠪᠠᠲᠤᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ ᠦᠨᠡᠨ ᠬᠦ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃      ︽ᠥᠭᠦᠯᠡᠯᠲᠡ ᠶᠢᠨ ᠲᠡᠭᠦᠪᠦᠷᠢ︾ ᠨᠢ 9 ᠲᠤᠰᠬᠠᠢ ᠰᠡᠳᠦᠪ ᠬᠤᠪᠢᠶᠠᠵᠤ᠂ ᠨᠡᠶᠢᠳᠡ 299 ᠬᠡᠰᠡᠭ ᠥᠭᠦᠯᠡᠯᠲᠡ ᠲᠠᠢ ᠪᠠᠶᠢᠵᠤ᠂ ᠰᠢ ᠶᠢᠨ ᠫᠢᠩ ᠨᠥᠬᠦᠷ ᠤᠨ 2012 ᠣᠨ ᠤ 11 ᠰᠠᠷ᠎ᠠ ᠠᠴᠠ 2025 ᠣᠨ ᠤ 2 ᠰᠠᠷ᠎ᠠ ᠪᠣᠯᠲᠠᠯᠠᠬᠢ ᠬᠤᠭᠤᠴᠠᠭᠠᠨ ᠳᠠᠬᠢ ᠮᠡᠳᠡᠭᠦᠯᠦᠯᠲᠡ᠂ ᠶᠠᠷᠢᠶ᠎ᠠ᠂ ᠵᠢᠭᠠᠪᠤᠷᠢ᠂ ᠣᠷᠣᠰᠢᠯ ᠵᠡᠷᠭᠡ 130 ᠭᠠᠷᠤᠢ ᠴᠢᠬᠤᠯᠠ ᠲᠤᠯᠭᠤᠷ ᠪᠢᠴᠢᠭ ᠠᠴᠠ ᠰᠣᠩᠭᠤᠨ ᠠᠪᠤᠪᠠ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ