ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ ᠾᠧ ᠬᠠᠢ ᠳ᠋ᠦᠩ ᠣᠷᠣᠯᠴᠠᠵᠠᠢ | ︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 13 ᠤ ᠡᠳᠦᠷ᠂ ︽DeepSeek ᠰᠢᠰᠲ᠋ᠧᠮ ᠢ ᠰᠠᠶᠢᠳᠤᠷ ᠰᠤᠷᠤᠯᠴᠠᠵᠤ ᠬᠡᠷᠡᠭᠯᠡᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠣᠶᠤᠨᠴᠢ ᠤᠷᠤᠨ ᠤ ᠲᠥᠪ ᠬᠤᠲᠠ ᠶᠢᠨ ᠪᠦᠲᠦᠭᠡᠨ ᠪᠠᠢᠭᠤᠯᠤᠯᠲᠠ ᠶᠢ ᠲᠦᠷᠭᠡᠳᠭᠡᠬᠦ︾ ᠶᠢᠨ | ᠲᠤᠭᠤᠷᠢᠨ ᠳᠤ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠢᠯᠠᠩ ︵ᠥᠷᠭᠡᠳᠭᠡᠭᠰᠡᠨ︶︶ 2025 ᠣᠨ ᠤ ᠭᠤᠷᠪᠠᠳᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ | ᠭᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠠᠴᠠ ᠵᠧᠵᠢᠶᠠᠩ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠭᠴᠢ ᠶᠢᠨ ᠬᠦᠷᠢᠶᠡᠯᠡᠩ ᠤᠨ ᠳᠠᠷᠤᠭ᠎ᠠ᠂ ᠬᠢᠮᠡᠯ ᠤᠶᠤᠨ ᠤ ᠰᠤᠳᠤᠯᠭᠠᠨ ᠤ ᠭᠠᠵᠠᠷ ᠤᠨ | ᠳᠠᠷᠤᠭ᠎ᠠ ᠦ᠋ ᠹᠸᠢ ᠫᠷᠤᠹᠧᠰᠰᠤᠷ ᠢ ᠤᠷᠢᠵᠤ ︽DeepSeek᠄ ᠪᠦᠬᠦ ᠨᠡᠶᠢᠭᠡᠮ ᠤᠨ ᠡᠳ᠋ᠯᠡᠬᠦ ᠲᠦᠭᠡᠮᠡᠯ ᠤᠶᠤᠨ ᠴᠢᠳᠠᠪᠤᠷᠢ︾ ᠭᠡᠬᠦ ᠰᠡᠳᠦᠪ ᠢᠶᠠᠷ ᠲᠤᠰᠬᠠᠢ ᠰᠡᠳᠦᠪᠲᠦ | ᠵᠢᠯᠣᠭᠤᠳᠤᠯᠭ᠎ᠠ ᠬᠢᠯᠭᠡᠪᠡ᠃ | ᠪᠣᠣ ᠭᠠᠩ ᠬᠡᠯᠡᠬᠦ ᠳᠡᠭᠡᠨ᠂ AI ᠮᠡᠷᠭᠡᠵᠢᠯ ᠢ ᠰᠤᠷᠤᠯᠴᠠᠨ ᠬᠡᠷᠡᠭᠯᠡᠬᠦ ᠪᠣᠯ ᠬᠠᠯᠠᠮᠰᠢᠯ ᠤᠨᠨᠢᠭᠡᠨ ᠴᠠᠭ ᠤᠨ ᠪᠤᠳᠤᠯᠭ᠎ᠠ ᠪᠢᠰᠢ᠂ ᠬᠠᠷᠢᠨ ᠣᠷᠣᠨ ᠤ ᠲᠥᠪ ᠬᠤᠲᠠ ᠶᠢᠨ | ᠢᠷᠡᠭᠡᠳᠦᠢ ᠶᠢᠨ ᠬᠥᠭᠵᠢᠯᠲᠡ ᠳᠤ ᠬᠤᠯᠪᠣᠭᠳᠠᠬᠤ ᠤᠷᠳᠤ ᠬᠤᠭᠤᠴᠠᠭᠠᠨ ᠤ ᠦᠢᠯᠡᠰ ᠮᠥᠨ᠃ ᠤᠯᠤᠰ ᠤᠨ ︽ᠵᠡᠭᠦᠨ ᠤ ᠲᠤᠭ᠎ᠠ ᠶᠢ ᠪᠠᠷᠠᠭᠤᠨ ᠳᠤ ᠪᠤᠳᠤᠬᠤ︾ ᠵᠠᠩᠭᠢᠯᠠᠭ᠎ᠠ ᠶᠢᠨ | ᠬᠤᠲᠠ ᠪᠣᠯᠤᠭᠰᠠᠨ ᠤ ᠬᠤᠪᠢ ᠳᠤ᠂ ᠬᠥᠬᠡᠬᠤᠲᠠ ᠶᠢᠨ ᠬᠢᠮᠡᠯ ᠤᠶᠤᠨ ᠢ ᠬᠦᠭᠵᠢᠭᠦᠯᠦᠨ ᠬᠡᠷᠡᠭᠯᠡᠬᠦ ᠰᠠᠭᠤᠷᠢ ᠲᠠᠢ᠂ ᠳᠠᠪᠠᠭᠤᠯᠢᠭ ᠲᠠᠢ ᠶᠤᠮ᠃ ᠪᠥᠬᠦ ᠬᠤᠲᠠ ᠶᠢᠨ ᠡᠯ᠎ᠡ ᠱᠠᠲᠤᠨ ᠤ | ᠤᠳᠤᠷᠢᠳᠬᠤ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠬᠢᠮᠡᠯ ᠤᠶᠤᠨ ᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ AI ᠮᠡᠷᠭᠡᠵᠢᠯ ᠢ | ᠰᠤᠷᠤᠯᠴᠠᠬᠤ ᠲᠤᠯᠭᠠᠮ᠎ᠠ ᠰᠡᠳᠭᠢᠯᠭᠡ ᠪᠠᠨ ᠳᠡᠭᠡᠭᠰᠢᠯᠡᠭᠦᠯᠵᠦ᠂ AI ᠮᠡᠷᠭᠡᠵᠢᠯ ᠤᠨ ᠬᠥᠭᠵᠢᠯᠲᠡ ᠶᠢᠨ ᠤᠷᠤᠰᠬᠠᠯ ᠢ ᠰᠠᠯᠤᠯ ᠥᠬᠡᠶ ᠳᠠᠭᠠᠵᠤ᠂ ᠰᠢᠨ᠎ᠡ ᠮᠡᠷᠭᠡᠵᠢᠯ ᠢ ᠰᠤᠷᠤᠯᠴᠠᠵᠤ᠂ | ᠰᠢᠨ᠎ᠡ ᠬᠤᠪᠢᠰᠤᠯᠲᠠ ᠶᠢ ᠬᠦᠷᠢᠶᠡᠯᠡᠬᠦ ᠬᠡᠷᠡᠭᠲᠡᠶ᠃ AI ᠮᠡᠷᠭᠡᠵᠢᠯ ᠢ ᠰᠤᠷᠤᠯᠴᠠᠬᠤ ᠪᠣᠳᠠᠲᠤ ᠦᠷ᠎ᠡ ᠪᠦᠳᠦᠮᠵᠢᠳᠤ ᠴᠢᠨᠠᠷ ᠢ ᠳᠡᠭᠡᠭᠰᠢᠯᠡᠭᠦᠯᠵᠦ᠂ ︽AI+ ᠵᠠᠰᠠᠭ ᠤᠨ ᠶᠠᠪᠤᠳᠠᠯ ᠤᠨ | ᠦᠢᠯᠡᠴᠢᠯᠡᠭᠡ︾ ︽AI +ᠠᠵᠤ ᠦᠢᠯᠡᠰ ᠤᠨ ᠬᠥᠭᠵᠢᠯᠲᠡ︾ ︽AI +ᠬᠤᠳᠠ ᠶᠢᠨ ᠵᠠᠰᠠᠯᠲᠠ︾ ᠶᠢ ᠲᠦᠷᠭᠡᠳᠬᠡᠨ ᠠᠬᠢᠭᠤᠯᠵᠤ᠂ ᠡᠩ ᠲᠡᠷᠢᠭᠦᠨ ᠳᠤ AI ᠮᠡᠷᠭᠡᠵᠢᠯ ᠢ | ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠮᠡᠳᠡᠷᠡᠯ ᠤᠨ ᠰᠡᠵᠢᠭᠦᠷ︾ ᠲᠤ ᠬᠡᠷᠡᠭᠯᠡᠵᠦ᠂ ᠰᠤᠷᠭᠠᠨ ᠬᠥᠮᠦᠵᠢᠯ ᠡᠮ | ᠡᠮᠨᠡᠯᠭᠡ᠂ ᠣᠶᠤᠨᠴᠢ ᠵᠠᠮ ᠬᠠᠷᠢᠯᠴᠠᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠬᠦᠷᠢᠶᠡᠨ ᠳᠠᠬᠢ ᠬᠢᠮᠡᠯ ᠤᠶᠤᠨ ᠤ ᠬᠡᠷᠡᠭᠯᠡᠯᠲᠡ ᠶᠢ ᠴᠢᠩᠭᠠᠳᠬᠠᠵᠤ᠂ ᠬᠢᠮᠡᠯ ᠤᠶᠤᠨ ᠢᠶᠠᠷ ᠤᠯᠠᠨ | ᠠᠵᠢᠯ ᠦᠢᠯᠡᠰ ᠲᠤ ᠨᠡᠩ ᠰᠠᠶᠢᠲᠤᠷ ᠴᠢᠳᠠᠪᠤᠷᠢ ᠤᠯᠭᠤᠭᠤᠯᠬᠤ ᠬᠡᠷᠡᠭᠲᠡᠢ᠃ AI ᠮᠡᠷᠭᠡᠵᠢᠯ ᠢ ᠰᠤᠷᠤᠯᠴᠠᠬᠤ ᠬᠠᠷᠢᠭᠤᠴᠠᠯᠭᠠᠲᠤ ᠰᠡᠳᠬᠢᠯᠭᠡ ᠪᠠᠨ ᠳᠡᠭᠡᠭᠰᠢᠯᠡᠭᠦᠯᠵᠦ᠂ ︽AI ᠠᠵᠢᠯ | ᠠᠯᠳᠠᠭᠤᠯᠬᠤ︾ ᠵᠦᠷᠢᠯᠳᠦᠲᠦ ᠦᠵᠡᠯᠲᠡ᠂ ︽ᠮᠡᠷᠭᠡᠵᠢᠯ ᠤᠨ ᠨᠢᠭᠤᠴᠠᠭᠠᠢ ᠣᠨᠣᠯ︾ ᠤᠨ ᠪᠡᠷᠬᠡᠰᠢᠶᠡᠬᠦ ᠰᠡᠳᠬᠢᠯᠭᠡ᠂ ︽ᠲᠦᠷ ᠴᠠᠭ ᠤᠨ ᠬᠠᠯᠠᠮᠰᠢᠯ︾ ᠤᠨ ᠬᠦᠯᠢᠴᠡᠩᠭᠦᠢ ᠪᠤᠰᠤ | ᠪᠤᠳᠤᠯ ᠢ ᠲᠠᠶᠠᠭᠳᠠᠵᠤ᠂ ᠤᠬᠠᠮᠰᠠᠷ ᠠᠴᠠ ᠪᠠᠨ ᠲᠣᠭᠠᠴᠢᠯᠠᠭᠰᠠᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠬᠤᠰᠢᠭᠤᠷᠠᠯ ᠮᠡᠷᠭᠡᠵᠢᠯ ᠠᠴᠠ ᠦᠷ᠎ᠡ ᠪᠦᠲᠦᠮᠵᠢ ᠡᠷᠢᠯᠬᠢᠯᠡᠵᠦ᠂ | ︽ᠬᠥᠮᠦᠨ ᠮᠠᠰᠢᠨ ᠬᠠᠮᠵᠢᠯᠴᠠᠬᠤ︾ ᠰᠢᠨ᠎ᠡ ᠵᠠᠭᠪᠤᠷ ᠢᠶᠠᠷ ᠣᠷᠣᠨ ᠤ ᠲᠥᠪ ᠤᠨ ᠬᠤᠲᠠ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ | ᠭᠡᠵᠡᠢ᠃ | ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ | | |