ᠬᠦᠬᠡᠬᠤᠲᠠ ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/14
ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ      ︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠠᠳᠠᠯᠢ ᠪᠤᠰᠤ ᠬᠦᠷᠢᠶᠡᠨ ᠠᠴᠠ ᠢᠷᠡᠭᠰᠡᠨ 50 ᠵᠠᠯᠠᠭᠤ ᠺᠠᠳ᠋ᠷ ᠲᠠᠢ ᠨᠢᠭᠤᠷᠳᠠᠨ ᠶᠠᠷᠢᠯᠴᠠᠵᠤ᠂ ᠤᠯᠠᠨ ᠤ ᠬᠤᠪᠢ ᠬᠥᠮᠥᠨ ᠤ ᠦᠰᠦᠨ ᠪᠤᠶᠢᠵᠢᠯᠲᠠ᠂ ᠠᠵᠢᠯ ᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠵᠢᠴᠢ ᠵᠠᠯᠠᠭᠤ ᠺᠠᠳ᠋ᠷᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠰᠠᠨᠠᠯ ᠰᠠᠨᠠᠭᠤᠯᠭ᠎ᠠ ᠶᠢ ᠰᠣᠨᠣᠰᠴᠤ᠂ ᠤᠯᠠᠨ ᠢ ᠬᠦᠰᠡᠯᠡᠩ ᠢᠲᠡᠭᠡᠯ ᠪᠢᠰᠢᠷᠡᠯ ᠤᠨ ᠰᠠᠭᠤᠷᠢ ᠪᠠᠨ ᠪᠠᠬᠢᠵᠢᠭᠦᠯᠵᠦ᠂ ᠡᠷᠳᠡᠮ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠯᠠᠪᠳᠠᠭᠤᠨ ᠪᠠᠲᠤᠲᠠᠢ ᠪᠠᠷ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠤᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠳᠤ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠬᠡᠷᠡᠭᠲᠡᠢ ᠭᠡᠵᠦ ᠵᠣᠷᠢᠭᠵᠢᠭᠤᠯᠪᠠ᠃      ᠵᠠᠯᠠᠭᠤ ᠺᠠᠳ᠋ᠷᠴᠤᠳ ᠤᠨ ᠲᠥᠯᠥᠭᠡᠯᠡᠭᠴᠢᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠪᠦᠦ ᠭᠠᠩ ᠬᠡᠯᠡᠭᠰᠡᠨ ᠨᠢ᠂ ᠶᠡᠷᠦᠩᠬᠡᠢ ᠱᠦᠵᠢ ᠰᠢ ᠶᠢᠨ ᠫᠢᠩ ᠵᠠᠯᠠᠭᠤ ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠠᠨ ᠤᠳᠠᠭ᠎ᠠ ᠱᠠᠭᠠᠷᠳᠠᠯᠭ᠎ᠠ ᠳᠤᠷᠠᠳᠴᠤ᠂ ᠪᠠᠶᠢᠷᠢᠯᠠᠭᠤᠯᠤᠯᠲᠠ ᠬᠢᠵᠡᠢ᠂ ᠪᠦᠬᠦ ᠬᠤᠳᠠ ᠶᠢᠨ ᠥᠷᠭᠡᠨ ᠤᠯᠠᠨ ᠵᠠᠯᠠᠭᠤ ᠺᠠᠳ᠋ᠷᠴᠤᠳ ᠡᠭᠦᠨ ᠤ ᠳᠣᠲᠣᠷᠠᠬᠢ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠵᠦ᠂ ᠶᠡᠭᠡ ᠦᠢᠯᠡᠳᠦᠯ ᠦᠵᠡᠭᠦᠯᠵᠦ ᠳᠡᠶᠢᠯᠬᠦ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠲᠤᠯᠭᠠᠭᠤᠷᠢ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ᠃ ᠬᠤᠪᠢ ᠬᠥᠮᠦᠨ ᠤ ᠬᠦᠰᠡᠯᠡᠩ ᠢᠶᠠᠨ ᠬᠤᠳᠠ ᠶᠢᠨ ᠵᠢᠷᠤᠭ ᠲᠥᠯᠥᠪᠯᠡᠭᠡ ᠳᠤ ᠠᠭᠤᠰᠤᠯᠴᠠᠭᠤᠯᠵᠤ᠂ ᠡᠨᠡ ᠬᠦ ᠬᠤᠳᠠ ᠳᠠᠬᠢ ᠬᠠᠶᠢᠷ᠎ᠠ ᠰᠡᠳᠬᠢᠯᠭᠡ ᠪᠣᠯᠤᠨ ᠠᠵᠢᠯ ᠦᠢᠯᠡᠰ ᠲᠡᠭᠡᠨ ᠬᠠᠷᠢᠭᠤᠴᠠᠬᠤ ᠰᠡᠳᠬᠢᠯᠭᠡ ᠶᠢ ᠡᠪᠦᠷᠯᠡᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠬᠡᠷᠡᠭᠲᠡᠢ᠃ ᠯᠠᠷᠵᠢᠶ᠎ᠠ ᠶᠠᠩᠪᠠ ᠲᠠᠲᠠᠬᠤ ᠦᠭᠡᠢ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠦᠨᠳᠦᠰᠦᠨ ᠱᠠᠲᠤᠨ ᠤ ᠵᠠᠰᠠᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠡᠮᠦᠨ᠎ᠡ ᠹᠷᠣᠨᠲ ᠲᠤ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠳᠠᠷᠤᠤ ᠬᠢᠴᠢᠶᠡᠩᠭᠦᠢ ᠪᠠᠷ ᠤᠯᠠᠨ ᠲᠦᠮᠡᠨ ᠠᠴᠠ ᠰᠤᠷᠤᠯᠴᠠᠵᠤ᠂ ᠦᠢᠯᠡᠳᠦᠯᠭᠡ ᠠᠴᠠ ᠰᠤᠷᠤᠯᠴᠠᠵᠤ᠂ ᠠᠵᠢᠯ ᠬᠢᠵᠦ ᠳᠡᠶᠢᠯᠬᠦ ᠦᠢᠯᠡᠰ ᠪᠦᠲᠦᠭᠡᠵᠦ ᠳᠡᠶᠢᠯᠬᠦ ᠦᠨᠡᠨ ᠴᠢᠳᠠᠪᠤᠷᠢ ᠲᠠᠢ ᠪᠤᠯᠬᠤ ᠬᠡᠷᠡᠭᠲᠡᠢ᠃ ᠲᠠᠪᠴᠠᠩ ᠢ ᠨᠠᠨᠳᠢᠩᠨᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ᠂ ᠪᠤᠰᠢᠭᠤ ᠱᠠᠯᠠᠮᠠᠭᠠᠶ ᠠᠵᠢᠯ ᠤᠨ ᠰᠤᠷᠲᠠᠯ ᠪᠣᠯᠤᠨ ᠤᠷᠳᠤ ᠬᠤᠭᠤᠴᠠᠭᠠᠨ ᠤ ᠦᠵᠡᠯ ᠤᠨ ᠲᠡᠦᠬᠡ ᠶᠢᠨ ᠲᠡᠰᠪᠦᠷᠢ ᠲᠡᠪᠴᠢᠶᠡᠷᠢ ᠶᠢ ᠢᠮᠠᠭᠲᠠ ᠪᠠᠲᠤᠯᠠᠵᠤ᠂ ᠤᠶᠤᠨ ᠴᠢᠳᠠᠯ ᠢᠶᠠᠨ ᠠᠵᠢᠯ ᠳᠡᠭᠡᠷ᠎ᠡ ᠪᠠᠨ ᠲᠠᠯᠪᠢᠵᠤ᠂ ᠬᠥᠭᠡᠭᠡᠴᠡᠯᠳᠦᠯ ᠢᠶᠠᠨ ᠠᠵᠢᠯ ᠦᠢᠯᠡᠰ ᠳᠡᠭᠡᠷ᠎ᠡ ᠪᠠᠨ ᠲᠠᠯᠪᠢᠬᠤ ᠬᠡᠷᠡᠭᠲᠡᠶ᠃ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠲᠣᠭᠲᠠᠯ ᠬᠦᠴᠦᠨ ᠢᠶᠠᠨ ᠳᠡᠭᠡᠭᠰᠢᠯᠡᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ︽ᠠᠩᠬᠠᠨ ᠤ ᠲᠣᠪᠴᠢ︾ ᠶᠢ ᠰᠠᠶᠢᠲᠤᠷ ᠲᠣᠪᠴᠢᠯᠠᠬᠤ ᠬᠡᠷᠡᠭᠲᠡᠶ᠃ ᠡᠯ᠎ᠡ ᠱᠠᠲᠤᠨ ᠤ ᠵᠣᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠴᠢᠯᠥᠭᠡᠯᠡᠵᠦ᠂ ᠵᠠᠯᠠᠭᠤ ᠺᠠᠳ᠋ᠷᠴᠤᠳ ᠢ ᠬᠠᠯᠠᠮᠵᠢᠯᠠᠨ ᠬᠠᠶᠢᠷᠠᠯᠠᠵᠤ᠂ ᠲᠠᠪᠴᠠᠩ ᠢ ᠰᠠᠶᠢᠲᠤᠷ ᠪᠠᠶᠢᠭᠤᠯᠵᠤ᠂ ᠤᠯᠠᠨ ᠢ ᠵᠣᠷᠢᠭᠲᠠᠢ ᠪᠠᠷ ᠰᠡᠳᠬᠢᠵᠦ ᠵᠣᠷᠢᠭᠲᠠᠢ ᠠᠵᠢᠯᠯᠠᠭᠤᠯᠬᠤ ᠬᠡᠷᠡᠭᠲᠡᠢ ᠭᠡᠵᠡᠢ᠃      ᠰᠦᠨ ᠬᠤᠤ᠂ ᠴᠢᠶᠣᠤ ᠢᠦᠢ ᡂᠢ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ