ᠾᠧ ᠬᠠᠢ ᠳ᠋ᠦᠩ ᠬᠤᠷᠠᠯ ᠢ ᠡᠷᠬᠢᠯᠡᠵᠡᠢ | ︵ᠰᠤᠷᠪᠤᠯᠵᠢᠯᠠᠭᠴᠢ ᠠᠷᠢᠭᠤᠨ᠎ᠠ︶ 3 ᠳ᠋ᠤᠭᠠᠷ ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ | ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠥᠬᠡᠬᠤᠲᠠ ᠶᠢᠨ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︽2025 ᠣᠨ ᠤ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠲᠤᠬᠠᠢ ᠬᠡᠷᠡᠭᠵᠢᠭᠦᠯᠬᠦ ᠲᠥᠰᠥᠯ︾ ︽ᠬᠥᠬᠡᠬᠤᠲᠠ ᠶᠢᠨ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠠᠷᠭ᠎ᠠ ᠬᠡᠮᠵᠢᠶ᠎ᠡ ᠨᠦᠭᠦᠳ︾ ︽ᠬᠥᠬᠡᠬᠤᠲᠠ ᠶᠢᠨ ᠮᠥᠩᠭᠦᠨ ᠭᠦᠢᠯᠭᠡᠭᠡᠨ ᠢᠶᠠᠷ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠶᠢ ᠳᠡᠮᠵᠢᠬᠦ ᠠᠷᠪᠠᠨ ᠵᠦᠢᠯ ᠤᠨ ᠠᠷᠭ᠎ᠠ ᠬᠡᠮᠵᠢᠶ᠎ᠡ︾ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ ᠱᠠᠭᠠᠷᠳᠠᠭᠰᠠᠨ ᠨᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠦᠷᠢᠮ ᠢ ᠲᠡᠭᠦᠯᠳᠡᠷᠵᠢᠭᠦᠯᠵᠦ᠂ ᠡᠭᠦᠷᠭᠡ ᠶᠢ ᠨᠠᠶᠢᠳᠠᠪᠤᠷᠢᠵᠢᠭᠤᠯᠤᠨ᠂ ᠰᠠᠶᠢᠲᠤᠷ ᠰᠢᠯᠭᠠᠨ | ᠬᠢᠨᠠᠵᠤ᠂ ᠣᠯᠠᠨ ᠲᠦᠮᠡᠨ ᠤ ᠰᠡᠳᠬᠢᠯ ᠠᠯᠭᠠᠰᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠠᠳᠠᠯ ᠠᠬᠤᠶ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ | ᠪᠦᠷᠢᠨᠰᠢᠬᠦᠯᠦᠨ᠂ ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠬᠠᠷᠠᠯᠲᠠ ᠶᠢ ᠴᠢᠩᠭ᠎ᠠ ᠪᠠᠷᠢᠮᠲᠠᠯᠠᠨ᠂ ᠤᠯᠤᠰ ᠤᠨ | ᠲᠠᠰ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠶᠡᠬᠡᠪᠡᠷ ᠳᠡᠮᠵᠢᠵᠦ᠂ ᠭᠤᠤᠯᠳᠠᠯᠭ᠎ᠠ ᠲᠠᠢ ᠡᠭᠦᠷᠭᠡ ᠶᠢ ᠠᠩᠬᠠᠷᠴᠤ᠂ | ᠥᠭᠡᠷᠡᠴᠢᠯᠡᠯᠲᠡ ᠶᠢᠨ ᠨᠠᠩ ᠶᠡᠭᠡ ᠡᠵᠡᠨ ᠮᠡᠳᠡᠬᠦ ᠡᠷᠬᠡ ᠣᠯᠬᠤ ᠬᠢᠭᠡᠳ ᠣᠲᠣ ᠦᠶ᠎ᠡ ᠶᠢᠨ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠠᠴᠠ | ᠠᠵᠢᠯ ᠢᠶᠠᠨ ᠥᠷᠨᠢᠭᠦᠯᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶ ᠶᠢᠨ ᠬᠥᠭᠵᠢᠯᠲᠡ ᠶᠢᠨ ᠳᠠᠭᠠᠭᠤᠯᠤᠭᠴᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽ᠬᠥᠬᠡᠬᠤᠲᠠ ᠶᠢᠨ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠠᠷᠭ᠎ᠠ ᠬᠡᠮᠵᠢᠶ᠎ᠡ ᠨᠦᠭᠦᠳ︾ ᠢ ᠵᠤᠷᠪᠤᠰ ᠳᠠᠷᠠᠭᠠᠯᠠᠨ ᠰᠠᠶᠢᠲᠤᠷ ᠨᠠᠶᠢᠳᠠᠪᠤᠷᠢᠵᠢᠭᠤᠯᠵᠤ᠂ ᠦᠨᠡᠯᠡᠨ ᠵᠢᠱᠢᠬᠦ ᠪᠠ | ᠬᠠᠷᠢᠭᠤ ᠲᠤᠰᠬᠠᠬᠤ ᠠᠵᠢᠯ ᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠡᠯᠡ ᠲᠣᠬᠢᠷᠠᠭᠤᠯᠭ᠎ᠠ ᠶᠢᠨ | ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠪᠣᠳᠠᠲᠤ ᠴᠣᠭᠴᠠ ᠶᠢᠨ ᠠᠵᠤ ᠠᠬᠤᠢ ᠶᠢᠨ | ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠠᠩᠬᠠᠨ ᠤ ᠡᠭᠦᠳᠦᠯᠲᠡ ᠶᠢᠨ | ᠬᠤᠭᠤᠴᠠᠭᠠᠨ ᠳᠠᠬᠢ ᠪᠡᠯᠡ ᠮᠥᠩᠭᠦ ᠴᠤᠭᠯᠠᠭᠤᠯᠬᠤ ᠬᠦᠴᠢᠷᠳᠡᠯ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠬᠢᠵᠠᠭᠠᠷ ᠲᠠᠢ ᠵᠡᠷᠭᠡ ᠬᠦᠴᠢᠷ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠮᠥᠩᠭᠦᠨ ᠭᠦᠢᠯᠭᠡᠭᠡᠨ ᠤ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠵᠤ᠂ ᠦᠷ᠎ᠡ ᠪᠦᠲᠦᠮᠵᠢ ᠶᠢ ᠮᠥᠷᠳᠡᠨ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢ ᠤᠬᠠᠭᠤᠯᠤᠨ ᠳᠡᠯᠭᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |