︵ᠰᠤᠷᠪᠤᠯᠵᠢᠯᠠᠭᠴᠢ ᠦ᠋ ᠽᠢ ᠰᠢᠥᠸᠠᠨ︶ 3 ᠳ᠋ᠤᠭᠠᠷ ᠰᠠᠷ᠎ᠠ ᠶᠢᠨ 14 ᠤ ᠡᠳᠦᠷ ᠰᠤᠷᠪᠤᠯᠵᠢᠯᠠᠭᠴᠢ ᠬᠥᠬᠡᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ ᠠᠴᠠ ᠣᠶᠢᠯᠠᠭᠠᠭᠰᠠᠨ ᠢᠶᠠᠷ᠂ 2024 ᠣᠨ ᠳᠤ ᠬᠥᠬᠡᠬᠤᠲᠠ ᠳᠤ ᠰᠢᠨ᠎ᠡ ᠪᠠᠷ 5 ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ | ᠬᠦᠷᠢᠶᠡᠯᠡᠩ ᠨᠡᠮᠡᠭᠳᠡᠵᠦ᠂ ᠨᠡᠶᠢᠲᠡ 9 ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠢ ᠪᠠᠶᠢᠭᠤᠯᠵᠤ ᠳᠠᠭᠤᠰᠬᠠᠪᠠ ︵ᠳᠡᠭᠡᠳᠦ ᠰᠤᠷᠭᠠᠭᠤᠯᠢ ᠲᠠᠢ | ᠬᠠᠮᠲᠤᠷᠠᠨ ᠪᠠᠶᠢᠭᠤᠯᠤᠭᠰᠠᠨ ᠨᠢᠭᠡ ᠶᠢ ᠪᠠᠭᠲᠠᠭᠠᠨ᠎ᠠ︶ ᠃ ᠣᠳᠣᠬᠠᠨ ᠳᠤ ᠶᠠᠭ 61 ᠬᠦᠷᠢᠶᠡᠯᠡᠩ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ ᠪᠠᠶᠢᠨ᠎ᠠ᠃ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠤᠨ ᠠᠵᠢᠯ ᠨᠡᠯᠢᠶᠡᠳ ᠣᠷᠣᠢ ᠡᠬᠢᠯᠡᠭᠰᠡᠨ ᠪᠣᠯᠪᠠᠴᠤ ᠠᠬᠢᠴᠠ ᠲᠦᠷᠭᠡᠨ | ᠪᠠᠶᠢᠵᠤ᠂ 2022 ᠣᠨ ᠳᠤ ᠠᠩᠬ᠎ᠠ 4 ᠵᠥᠪᠰᠢᠶᠡᠷᠡᠭᠳᠡᠭᠰᠡᠨ ᠠᠴᠠ ᠤᠳᠤ ᠪᠣᠯᠲᠠᠯ᠎ᠠ 9 ᠪᠣᠯᠵᠤ᠂ ᠢᠯᠡᠳᠲᠡ ᠠᠮᠵᠢᠯᠲᠠ ᠣᠯᠵᠠᠢ᠃ ᠡᠨᠡ 9 ᠰᠢᠨᠵᠢᠯᠡᠬᠦ | ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠨᠢ᠄ ᠥᠪᠥᠷ ᠮᠣᠩᠭᠤᠯ ᠤᠨ ᠦᠴᠤᠸᠠᠨ ᠰᠢᠶᠠᠨ ᠤ ᠨᠣᠬᠠᠶ ᠶᠢᠨ ᠬᠤᠰᠢᠭᠤ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ ᠮᠣᠩᠭᠤᠯ ᠤᠨ ᠦᠴᠤᠸᠠᠨ ᠰᠢᠶᠠᠨ ᠤ ᠨᠣᠶᠢᠯ ᠪᠤᠭᠤᠳᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ | ᠬᠦᠷᠢᠶᠡᠯᠡᠩ᠂ ᠥᠪᠥᠷ ᠮᠣᠩᠭᠤᠯ ᠤᠨ ᠬᠤᠷᠢᠨᠬᠡᠷ ᠰᠢᠶᠠᠨ ᠤ ᠰᠠᠭᠠᠯᠢ ᠶᠢᠨ ᠢᠮᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ | ᠮᠣᠩᠭᠤᠯ ᠤᠨ ᠲᠦᠮᠡᠳ ᠵᠡᠭᠦᠨ ᠬᠤᠰᠢᠭᠤᠨ ᠤ ᠰᠠᠭᠠᠯᠢ ᠶᠢᠨ ᠦᠨᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ ᠮᠣᠩᠭᠤᠯ ᠤᠨ | ᠲᠣᠭᠲᠠᠬᠤ ᠰᠢᠶᠠᠨ ᠤ ᠦᠵᠦᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ ᠮᠣᠩᠭᠤᠯ ᠤᠨ ᠴᠢᠩ ᠱᠦᠢ ᠾᠧ ᠰᠢᠶᠠᠨ ᠤ | ᠪᠤᠭᠤᠳᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ ᠮᠣᠩᠭᠤᠯ ᠤᠨ ᠦᠴᠤᠸᠠᠨ ᠰᠢᠶᠠᠨ ᠤ ᠲᠥᠮᠥᠰᠥ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ ᠮᠣᠩᠭᠤᠯ ᠤᠨ ᠲᠦᠮᠡᠳ ᠵᠡᠭᠦᠨ ᠬᠤᠰᠢᠭᠤᠨ ᠤ ᠡᠷᠳᠡᠨᠢ ᠰᠢᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ | ᠬᠦᠷᠢᠶᠡᠯᠡᠩ ᠪᠠ ᠥᠪᠥᠷ ᠮᠣᠩᠭᠤᠯ ᠤᠨ ᠲᠣᠭᠲᠠᠬᠤ ᠰᠢᠶᠠᠨ ᠤ ᠲᠡᠵᠢᠭᠡᠯ ᠡᠪᠡᠰᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ︵ᠲᠣᠰ | ᠵᠢᠵᠢᠭ ᠬᠦᠷᠢᠶᠡᠯᠡᠩ ᠢ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠶ ᠶᠢᠨ ᠰᠤᠳᠤᠯᠭᠠᠨ ᠤ ᠬᠦᠷᠢᠶᠡᠯᠡᠩ ᠬᠠᠮᠲᠤᠷᠠᠨ ᠪᠠᠶᠢᠭᠤᠯᠵᠤ᠂ ᠬᠦᠷᠢᠶᠡᠯᠡᠩ ᠶᠡᠭᠡ ᠰᠤᠷᠭᠠᠭᠤᠯᠢ ᠬᠠᠮᠲᠤᠷᠠᠨ ᠪᠠᠶᠢᠭᠤᠯᠤᠭᠰᠠᠨ ᠰᠢᠨᠵᠢ ᠴᠢᠨᠠᠷ ᠲᠠᠢ︶ | ᠵᠡᠷᠭᠡ ᠪᠣᠢ᠃ ᠣᠳᠣᠬᠠᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠳᠤ ᠲᠡᠷᠢᠭᠦᠨ ᠲᠤᠰᠬᠠᠶ ᠮᠡᠷᠭᠡᠵᠢᠯᠲᠡᠨ 9 ᠬᠥᠮᠦᠨ᠂ ᠪᠤᠰᠤᠳ | ᠲᠤᠰᠬᠠᠶ ᠮᠡᠷᠭᠡᠵᠢᠯᠲᠡᠨ 47 ᠬᠥᠮᠦᠨ᠂ ᠠᠰᠫᠢᠷᠠᠨᠲ 43 ᠬᠥᠮᠦᠨ ᠪᠠᠶᠢᠨ᠎ᠠ᠃ | ᠠᠩᠬᠠᠨ ᠤ ᠲᠤᠷᠰᠢᠨ ᠪᠦᠲᠦᠭᠡᠨ ᠪᠠᠶᠢᠭᠤᠯᠬᠤ ᠠᠴᠠ ᠣᠳᠣ ᠦᠶ᠎ᠡ ᠶᠢᠨ ᠪᠦᠬᠦ ᠲᠠᠯ᠎ᠠ ᠪᠠᠷ ᠥᠷᠨᠢᠬᠦ ᠬᠦᠷᠲᠡᠯ᠎ᠡ᠂ ᠬᠥᠬᠡᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠲᠡᠷᠢᠭᠦᠨ ᠤ ᠲᠠᠷᠢᠶᠠᠯᠠᠩ ᠤᠨ ᠮᠡᠷᠭᠡᠵᠢᠯ ᠢ ᠤᠷᠤᠭᠤᠯᠬᠤ᠂ ᠰᠢᠯᠢᠳᠡᠭ ᠡᠭᠦᠯᠳᠡᠷ ᠢ ᠪᠤᠶᠢᠵᠢᠭᠤᠯᠬᠤ᠂ ᠥᠨᠳᠥᠷ | ᠦᠷ᠎ᠡ ᠠᠰᠢᠭᠲᠤ ᠲᠠᠷᠢᠵᠤ ᠲᠡᠵᠢᠭᠡᠨ ᠦᠷᠡᠵᠢᠭᠦᠯᠬᠦ ᠵᠠᠭᠪᠤᠷ ᠢ ᠳᠡᠯᠭᠡᠷᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠲᠤᠬᠠᠢ ᠶᠢᠨ ᠭᠠᠵᠠᠷ ᠤᠨ ᠲᠠᠷᠢᠶᠠᠯᠠᠩ ᠤᠨ | ᠦᠢᠯᠡᠳᠪᠦᠷᠢᠯᠡᠯ ᠤᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠶᠢᠨ ᠬᠠᠮᠲᠤ ᠲᠠᠷᠢᠶᠠᠴᠢᠳ ᠤᠨ ᠮᠡᠷᠭᠡᠵᠢᠯ ᠤᠨ ᠪᠣᠯᠪᠠᠰᠣᠷᠠᠭᠤᠯᠤᠯ ᠢ ᠢᠳᠡᠪᠬᠢᠲᠡᠢ | ᠴᠢᠩᠭᠠᠳᠬᠠᠵᠤ᠂ ᠲᠠᠷᠢᠶᠠᠴᠢᠳ ᠢ ᠬᠠᠪᠰᠤᠷᠤᠨ ᠣᠳᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠢ ᠡᠵᠡᠮᠰᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠤᠯᠠᠮ | ᠨᠢᠭᠡ ᠠᠯᠬᠤᠮ ᠳᠡᠭᠡᠭᠰᠢᠯᠡᠭᠦᠯᠪᠡ᠃ 2024 ᠣᠨ ᠳᠤ᠂ ᠥᠪᠥᠷ ᠮᠣᠩᠭᠤᠯ ᠤᠨ ᠦᠴᠤᠸᠠᠨ ᠰᠢᠶᠠᠨ ᠤ ᠨᠣᠶᠢᠯ ᠪᠤᠭᠤᠳᠠᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠵᠢᠭ ᠬᠦᠷᠢᠶᠡᠯᠡᠩ ᠨᠢ ᠳᠤᠮᠳᠠᠳᠤ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠲᠤ ︽ᠬᠠᠮᠤᠭ ᠤᠨ ᠰᠠᠶᠢᠬᠠᠨ ᠰᠢᠨᠵᠢᠯᠡᠬᠦ | ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ︾ ᠢᠶᠠᠷ ᠦᠨᠡᠯᠡᠭᠳᠡᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠲᠤ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠯᠢᠳᠡᠭ ᠵᠢᠵᠢᠭ | ᠬᠦᠷᠢᠶᠡᠯᠡᠩ︾ ᠢᠶᠠᠷ ᠦᠨᠡᠯᠡᠭᠳᠡᠪᠡ᠃ | ᠣᠳᠣᠬᠠᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠨᠢ ᠨᠢᠭᠡᠨᠲᠡ ᠬᠥᠬᠡᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠭᠡᠨ ᠤ ᠨᠢᠭᠡᠨ ᠰᠠᠶᠢᠬᠠᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ 2024 ᠣᠨ ᠤ ᠡᠴᠦᠰ ᠪᠣᠯᠲᠠᠯ᠎ᠠ᠂ ᠬᠥᠬᠡᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠨᠡᠶᠢᠲᠡ 23 ᠪᠠᠶᠢᠭᠤᠯᠵᠤ᠂ | ᠲᠤᠷᠰᠢᠯᠲᠠ ᠶᠢᠨ ᠲᠠᠯᠠᠪᠠᠶ 11155 ᠮᠥ᠂ ᠮᠡᠷᠭᠡᠵᠢᠯ ᠤᠨ ᠨᠥᠯᠥᠭᠡᠯᠡᠬᠦ ᠲᠠᠯᠠᠪᠠᠶ 131000 ᠮᠥ ᠪᠠᠶᠢᠵᠤ᠂ ᠮᠡᠷᠭᠡᠵᠢᠯ ᠢᠶᠠᠷ ᠨᠦᠯᠦᠭᠡᠯᠡᠭᠰᠡᠨ ᠲᠠᠷᠢᠶᠠᠴᠢᠨ | ᠡᠷᠦᠬᠡ ᠨᠡᠶᠢᠲᠡ 700 ᠭᠠᠷᠤᠶ ᠡᠷᠦᠬᠡ ᠪᠣᠯᠪᠠ᠃ ᠲᠠᠷᠢᠶᠠᠴᠢᠳ ᠢ ᠵᠣᠬᠢᠶᠠᠨ ᠪᠠᠶᠢᠭᠤᠯᠤᠨ 55 ᠲᠠᠯᠠᠪᠤᠷ ᠤᠳᠠᠭ᠎ᠠ ᠪᠣᠯᠪᠠᠰᠤᠷᠠᠯ ᠬᠦᠷᠲᠡᠭᠡᠵᠦ᠂ 7960 | ᠭᠠᠷᠤᠶ ᠬᠥᠮᠦᠨ ᠤᠳᠠᠭ᠎ᠠ ᠪᠣᠯᠪᠠᠰᠤᠷᠠᠭᠤᠯᠤᠯ ᠳᠤ ᠣᠷᠣᠯᠴᠠᠭᠤᠯᠵᠤ᠂ ᠮᠡᠷᠭᠡᠵᠢᠯ ᠤᠨ ᠵᠢᠯᠣᠭᠤᠳᠣᠯᠭ᠎ᠠ ᠬᠢᠭᠡᠳ ᠲᠠᠷᠢᠶᠠᠴᠢᠨ ᠡᠷᠦᠬᠡ ᠶᠢᠨ ᠦᠢᠯᠡᠴᠢᠯᠡᠭᠡ ᠶᠢ | 3700 ᠭᠠᠷᠤᠶ ᠬᠥᠮᠦᠨ ᠤᠳᠠᠭ᠎ᠠ ᠦᠷᠨᠢᠭᠦᠯᠵᠦ᠂ ᠬᠤᠯᠪᠣᠭᠳᠠᠯ ᠪᠥᠬᠦᠶ ᠠᠵᠤ ᠠᠬᠤᠶᠢᠯᠠᠯ ᠳᠤ 20 ᠭᠠᠷᠤᠶ ᠤᠳᠠᠭ᠎ᠠ ᠮᠡᠷᠭᠡᠵᠢᠯ ᠤᠨ ᠦᠢᠯᠡᠴᠢᠯᠡᠭᠡ | ᠬᠠᠩᠭᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠢᠶᠠᠷ ᠳᠠᠮᠵᠢᠭᠤᠯᠤᠨ 8 ᠵᠦᠢᠯ ᠤᠨ ᠲᠤᠰᠬᠠᠶ ᠠᠰᠢᠭ ᠢ ᠣᠯᠵᠤ᠂ 2 ᠵᠦᠢᠯ ᠤᠨ | ᠮᠡᠷᠭᠡᠵᠢᠯ ᠤᠨ ᠳᠦᠷᠢᠮ ᠲᠣᠭᠲᠠᠭᠠᠯ ᠢ ᠪᠦᠷᠢᠯᠳᠦᠭᠦᠯᠵᠦ᠂ 28 ᠵᠦᠢᠯ ᠤᠨ ᠰᠢᠨ᠎ᠡ ᠮᠡᠷᠭᠡᠵᠢᠯ ᠢ ᠳᠡᠯᠭᠡᠷᠡᠭᠦᠯᠵᠦ᠂ 106 ᠰᠢᠨ᠎ᠡ ᠡᠭᠦᠯᠳᠡᠷ ᠢ ᠳᠡᠯᠭᠡᠷᠡᠭᠦᠯᠦᠨ᠂ | ᠲᠠᠷᠢᠶᠠᠴᠢᠳ ᠤᠨ ᠣᠷᠣᠯᠭ᠎ᠠ ᠪᠠ ᠭᠠᠷᠤᠯᠲᠠ ᠪᠠᠨ ᠨᠡᠮᠡᠭᠳᠡᠭᠦᠯᠬᠦ ᠶᠢ ᠠᠬᠢᠭᠤᠯᠪᠠ᠃ ᠨᠡᠶᠢᠲᠡ 20 ᠭᠠᠷᠤᠶ ᠤᠷᠤᠨ ᠨᠤᠲᠤᠭ ᠤᠨ ᠴᠢᠳᠠᠪᠤᠷᠢᠲᠠᠨ ᠢ | ᠬᠥᠮᠦᠵᠢᠭᠦᠯᠵᠦ᠂ 600 ᠭᠠᠷᠤᠶ ᠬᠥᠮᠦᠨ ᠳᠤ ᠠᠵᠢᠯ ᠣᠯᠭᠤᠵᠤ᠂ 1000 ᠭᠠᠷᠤᠶ ᠬᠥᠮᠦᠨ ᠤᠳᠠᠭ᠎ᠠ ᠶᠢ ᠲᠣᠭᠤᠷᠢᠨ ᠰᠤᠷᠤᠯᠴᠠᠭᠤᠯᠵᠤ᠂ 3000 ᠭᠠᠷᠤᠶ | ᠬᠥᠮᠦᠨ ᠤᠳᠠᠭ᠎ᠠ ᠶᠢ ᠭᠥᠯᠢᠶᠡᠨ ᠠᠪᠴᠤ ᠵᠣᠴᠢᠯᠠᠪᠠ᠃ |