ᠵᠠᠯᠠᠭᠤ ᠨᠠᠰᠤ ᠪᠠᠨ ᠤᠯᠤᠰ ᠤᠨ ᠪᠠᠲᠤᠯᠠᠨ ᠬᠠᠮᠠᠭᠠᠯᠠᠯᠲᠠ ᠳᠤ ᠵᠣᠷᠢᠭᠤᠯᠤᠶ᠎ᠠ
ᠨᠡᠶᠢᠲᠡᠯᠡᠭᠰᠡᠨ ᠴᠠᠭ᠄
2025/3/17
0317.jpg
      3 ᠳ᠋ᠤᠭᠠᠷ ᠰᠠᠷ᠎ᠠ ᠶᠢᠨ 16 ᠤ ᠡᠳᠦᠷ᠂ ᠬᠥᠬᠡᠬᠤᠲᠠ 2025 ᠣᠨ ᠤ ᠳᠡᠭᠡᠷ᠎ᠡ ᠬᠠᠭᠠᠰ ᠵᠢᠯ ᠤᠨ ᠰᠢᠨ᠎ᠡ ᠴᠡᠷᠢᠭ ᠵᠥᠭᠡᠭᠡᠪᠦᠷᠢᠯᠡᠬᠦ ᠠᠵᠢᠯ ᠵᠢᠩᠬᠢᠨᠢ ᠪᠠᠷ ᠡᠬᠢᠯᠡᠨ᠂ ᠰᠢᠨ᠎ᠡ ᠴᠡᠷᠢᠭ 2 ᠪᠦᠯᠦᠭ ᠬᠤᠪᠢᠶᠠᠭᠳᠠᠨ ᠬᠥᠬᠡᠬᠤᠲᠠ ᠠᠴᠠ ᠮᠣᠷᠳᠠᠵᠤ᠂ ᠴᠡᠷᠢᠭ ᠤᠨ ᠠᠶᠠᠨ ᠢᠶᠠᠨ ᠡᠬᠢᠯᠡᠭᠦᠯᠦᠯ᠎ᠡ᠃      ᠬᠥᠬᠡᠬᠤᠲᠠ ᠶᠢᠨ ᠭᠠᠯᠲᠤ ᠲᠡᠷᠭᠡᠨ ᠤ ᠵᠡᠭᠦᠨ ᠦᠷᠲᠡᠭᠡᠨ ᠳᠤ᠂ ᠥᠪᠴᠢ ᠴᠡᠷᠢᠭ ᠤᠨ ᠬᠤᠪᠴᠠᠰᠤ ᠡᠮᠦᠰᠴᠦ᠂ ᠴᠡᠭᠡᠵᠢᠨ ᠳᠡᠭᠡᠷ᠎ᠡ ᠪᠠᠨ ︽ᠢᠷᠠᠭᠤ ᠠᠯᠳᠠᠷᠲᠠᠢ ᠴᠡᠷᠢᠭ ᠲᠤ ᠣᠷᠣᠬᠤ︾ ᠪᠦᠴᠡ ᠵᠡᠭᠦᠭᠰᠡᠨ ᠰᠢᠨ᠎ᠡ ᠴᠡᠷᠢᠭ ᠤᠳ ᠲᠡᠷᠢ ᠲᠡᠭᠰᠢ ᠵᠢᠭᠰᠠᠵᠤ᠂ ᠠᠳᠡ ᠠᠴᠠ ᠡᠬᠡ ᠤᠯᠤᠰ ᠤᠨ ᠡᠯ᠎ᠡ ᠭᠠᠵᠠᠷ ᠲᠤ ᠮᠣᠷᠳᠠᠨ᠂ ᠴᠡᠷᠢᠭ ᠤᠨ ᠬᠤᠸᠠᠷᠠᠨ ᠳᠤ ᠬᠦᠷᠴᠦ᠂ ᠤᠯᠤᠰ ᠣᠷᠣᠨ ᠢᠶᠠᠨ ᠬᠠᠮᠠᠭᠠᠯᠠᠬᠤ ᠲᠠᠷᠬᠠᠨ ᠡᠭᠦᠷᠭᠡ ᠪᠠᠨ ᠭᠦᠢᠴᠡᠳᠬᠡᠬᠦ ᠪᠣᠯᠣᠨ᠎ᠠ᠃      ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ