ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 13 ᠤ ᠴᠠᠬᠢᠯᠭᠠᠨ ᠮᠡᠳᠡᠭᠡ 3 ᠰᠠᠷ᠎ᠠ ᠶᠢᠨ 13 ᠤ ᠡᠳᠦᠷ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠺᠤᠨᠰᠲ᠋ᠠᠨᠲ᠋ᠢᠨᠣᠰ · ᠲᠠᠰᠦ᠋ᠯᠠᠰ ᠲᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠬᠦᠳᠡ ᠨᠠᠶᠢᠷᠠᠮᠳᠠᠬᠤ ᠭᠷᠧᠭ ᠤᠯᠤᠰ ᠤᠨ ᠶᠡᠷᠦᠩᠬᠡᠶᠢᠯᠡᠭᠴᠢ ᠶᠢᠨ | ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠭᠷᠧᠭ ᠲᠤ ᠴᠥᠮ ᠥᠨᠢ ᠤᠳᠠᠭᠠᠨ ᠲᠡᠦᠬᠡ ᠪᠠ ᠬᠡᠷᠡᠯ ᠰᠠᠴᠤᠷᠠᠩᠭᠤᠢ ᠰᠣᠶᠣᠯ ᠲᠠᠢ᠂ ᠬᠤᠶᠠᠷ ᠤᠯᠤᠰ ᠤᠨ | ᠨᠥᠬᠦᠷᠰᠡᠭ ᠬᠠᠷᠢᠴᠠᠭ᠎ᠠ ᠥᠨᠢ ᠤᠳᠠᠭᠠᠨ ᠤᠯᠠᠮᠵᠢᠯᠠᠯ ᠲᠠᠢ᠂ ᠲᠡᠦᠬᠡ ᠶᠢᠨ ᠳᠠᠪᠲᠠᠯᠲᠠ ᠪᠠᠷ ᠨᠡᠩ ᠰᠢᠨᠡᠳᠴᠦ ᠂ ᠬᠠᠷᠢᠯᠴᠠᠨ ᠣᠶᠢᠯᠠᠭᠠᠯᠴᠠᠵᠤ ᠬᠠᠷᠢᠯᠴᠠᠨ | ᠳᠣᠲᠣᠨᠣᠴᠢᠯᠠᠬᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠬᠦ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠣᠨ᠎ᠠ ᠃ ᠣᠶᠢᠷ᠎ᠠ ᠶᠢᠨ | ᠵᠢᠯ ᠳᠤ ᠂ ᠬᠤᠶᠠᠷ ᠲᠠᠯ᠎ᠠ ᠪᠠᠷ ᠢᠶᠠᠨ ᠫᠢᠷᠸᠢᠢᠶᠧᠹᠰ ᠭᠠᠷᠠᠮ ᠤᠨ ᠲᠦᠷᠦᠯ ᠵᠦᠢᠯ ᠢ ᠦᠷᠭᠦᠯᠵᠢᠯᠡᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠭᠷᠧᠭ ᠤᠨ ᠪᠣᠯᠪᠠᠰᠤᠨ ᠤ ᠬᠠᠷᠢᠯᠴᠠᠨ ᠲᠣᠯᠢᠳᠠᠬᠤ ᠲᠥᠪ᠂ | ᠠᠲ᠋ᠧᠨ ᠳᠠᠬᠢ ᠳᠤᠮᠳᠠᠳᠤ ᠤᠯᠤᠰ ᠤᠨ ᠡᠷᠲᠡᠨ ᠤ ᠪᠣᠯᠪᠠᠰᠤᠨ ᠤ ᠰᠤᠳᠤᠯᠭᠠᠨ ᠤ ᠬᠦᠷᠢᠶᠡᠯᠡᠩ ᠢ ᠬᠠᠮᠲᠤᠷᠠᠨ ᠪᠠᠶᠢᠭᠤᠯᠵᠤ᠂ ᠬᠤᠶᠠᠷ ᠡᠷᠲᠡᠨ ᠤ ᠪᠣᠯᠪᠠᠰᠤᠨ ᠤ ᠡᠶ᠎ᠡ | ᠵᠣᠬᠢᠴᠠᠩᠭᠤᠢ ᠬᠠᠮᠲᠤᠷᠠᠯᠴᠠᠭᠠᠨ ᠤ ᠭᠤᠸ᠎ᠠ ᠰᠠᠶᠢᠬᠠᠨ ᠪᠠ ᠴᠠᠭ ᠦᠶ᠎ᠡ ᠶᠢᠨ ᠡᠭᠦᠷᠭᠡᠯᠡᠯ ᠢ ᠢᠯᠡᠷᠡᠭᠦᠯᠵᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠣᠳᠣᠬᠠᠨ ᠤ ᠳᠡᠯᠡᠬᠡᠢ ᠳ᠋ᠠᠬᠢᠨ ᠤ ᠵᠠᠭᠤᠨ ᠵᠢᠯ ᠳᠤ ᠳᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠴᠦ ᠂ ᠡᠯ᠎ᠡ ᠤᠯᠤᠰ ᠵᠢᠷᠭᠠᠯ | ᠵᠣᠪᠠᠯᠠᠩ ᠢᠶᠠᠨ ᠬᠠᠮᠲᠤᠳᠬᠠᠬᠤ ᠂ ᠬᠤᠪᠢ ᠵᠠᠶᠠᠭ᠎ᠠ ᠪᠠᠨ ᠬᠠᠮᠲᠤᠳᠬᠠᠬᠤ ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠪᠣᠯ ᠪᠦᠬᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠠᠷᠭᠠᠴᠠᠭᠠᠬᠤ ᠳᠤ ᠵᠠᠪᠠᠯ ᠶᠠᠪᠤᠬᠤ ᠵᠠᠮ ᠮᠥᠨ᠃ ᠪᠢ ᠳᠤᠮᠳᠠᠳᠤ ᠭᠷᠧᠭ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯᠣᠨ ᠪᠣᠯᠪᠠᠰᠤᠨ ᠤ ᠰᠣᠯᠢᠯᠴᠠᠭᠠᠨ ᠤ ᠬᠤᠶᠠᠷ ᠶᠡᠭᠡ ᠬᠤᠯᠪᠣᠭᠠᠰᠤ ᠶᠢ ᠴᠢᠩᠭᠠᠯᠠᠵᠤ ᠂ ᠳᠤᠮᠳᠠᠳᠤ ᠭᠷᠧᠭ ᠤᠨ ᠪᠦᠬᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠳᠤᠮᠳᠠᠳᠤ ᠡᠸᠦ᠋ᠷᠦᠫᠡ ᠶᠢᠨ | ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠪᠣᠯᠣᠨ ᠬᠥᠭᠵᠢᠯ ᠴᠡᠴᠡᠭᠯᠡᠯ ᠳᠤ | ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠨ᠎ᠡ ᠭᠡᠵᠦ ᠴᠢᠬᠤᠯᠠᠴᠢᠯᠠᠪᠠ ᠃ | | |