| ︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ | | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 15 ᠤ ᠴᠠᠭᠢᠯᠭᠠᠨ ᠮᠡᠳᠡᠭᠡ 3 ᠰᠠᠷ᠎ᠠ ᠶᠢᠨ 16 ᠤ ᠡᠳᠦᠷ ᠬᠡᠪᠯᠡᠭᠳᠡᠭᠰᠡᠨ 6 ᠳ᠋ᠤᠭᠠᠷ | ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽︿ᠬᠤᠶᠠᠷ ᠤᠬᠲᠤ ᠭᠤᠶᠢᠪᠢᠰᠢ ᠦᠭᠡᠢ﹀ ᠶᠢ ᠪᠠᠷᠢᠮᠲᠠᠯᠠᠨ | ᠨᠠᠶᠢᠳᠠᠪᠤᠷᠢᠵᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2013 ᠣᠨ ᠤ 11 | ᠰᠠᠷ᠎ᠠ ᠠᠴᠠ 2025 ᠣᠨ ᠤ 2 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠲᠣᠪᠴᠢᠯᠠᠯ ᠪᠣᠯᠣᠨ᠎ᠠ᠃ | ᠵᠣᠬᠢᠶᠠᠯ ᠳᠤ᠂ ᠮᠠᠨ ᠤ ᠨᠠᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠬᠤ ᠲᠠᠯ᠎ᠠ ᠪᠠᠷ ᠬᠢ ᠦᠵᠡᠯᠲᠡ ᠪᠣᠯ ᠲᠣᠳᠣᠷᠬᠠᠢ᠂ ᠢᠮᠠᠭᠲᠠ ᠶᠢᠨ | ᠪᠥᠭᠡᠳ ᠲᠠᠰᠤᠷᠠᠯᠳᠠ ᠦᠭᠡᠢ ᠭᠦᠨᠵᠡᠭᠡᠶᠢᠷᠡᠵᠦ᠂ ᠶᠡᠷᠦ ᠠᠴᠠ ᠭᠤᠶᠢᠪᠢᠯᠵᠠᠭᠰᠠᠨ ᠦᠭᠡᠢ ᠶᠤᠮ᠃ ᠮᠠᠨ ᠤ ᠤᠯᠤᠰ ᠤᠨ ᠠᠵᠤ ᠠᠬᠤᠢ ᠶᠢᠨ ᠦᠨᠳᠦᠰᠦᠨ | ᠪᠠᠶᠢᠭᠤᠯᠤᠯ ᠢ ᠦᠨᠳᠦᠰᠦᠨ ᠬᠠᠤᠯᠢ᠂ ᠨᠠᠮ ᠤᠨ ᠳᠦᠷᠢᠮ ᠳᠤ ᠪᠢᠴᠢᠵᠦ ᠣᠷᠣᠭᠤᠯᠤᠭᠰᠠᠨ ᠪᠠᠶᠢᠨ᠎ᠠ᠂ ᠡᠨᠡ ᠪᠣᠯ ᠬᠤᠪᠢᠷᠠᠰᠢ ᠦᠭᠡᠢ ᠪᠥᠭᠡᠳ ᠬᠤᠪᠢᠷᠠᠭᠤᠯᠵᠤ ᠴᠤ | ᠪᠤᠯᠬᠤ ᠦᠭᠡᠢ ᠶᠤᠮ᠃ ᠨᠠᠮ ᠪᠠ ᠤᠯᠤᠰ ᠠᠴᠠ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠤᠬᠲᠤ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠬᠥᠭᠵᠢᠯᠲᠡ ᠶᠢ ᠤᠬᠲᠤ ᠭᠤᠶᠢᠪᠢᠰᠢ ᠦᠭᠡᠢ ᠵᠣᠷᠢᠭᠵᠢᠭᠤᠯᠵᠤ᠂ ᠳᠡᠮᠵᠢᠵᠦ᠂ ᠬᠥᠲᠥᠯᠥᠨ ᠵᠢᠯᠣᠭᠤᠳᠪᠠ︔ ᠨᠠᠮ ᠪᠠ ᠤᠯᠤᠰ ᠠᠴᠠ ᠡᠯ᠎ᠡ ᠵᠦᠢᠯ ᠤᠨ | ᠥᠮᠴᠢᠯᠡᠯ ᠤᠨ ᠠᠵᠤ ᠠᠬᠤᠢ ᠶᠢᠨ ᠬᠠᠤᠯᠢ ᠶᠣᠰᠣᠭᠠᠷ ᠡᠷᠬᠡ ᠲᠡᠭᠰᠢ ᠪᠠᠷ ᠦᠢᠯᠡᠳᠪᠦᠷᠢᠯᠡᠯ ᠤᠨ ᠡᠯᠧᠮᠧᠨ᠋ᠲ ᠢ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ | ᠡᠷᠬᠡ ᠲᠡᠭᠰᠢ ᠪᠠᠷ ᠣᠷᠤᠯᠴᠠᠬᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠳᠠᠯᠢ ᠲᠡᠭᠰᠢ ᠪᠠᠷ ᠭᠦᠷᠲᠡᠭᠦ ᠶᠢ ᠪᠠᠲᠤᠯᠠᠵᠤ᠂ ᠡᠯ᠎ᠡ ᠵᠦᠢᠯ ᠤᠨ ᠥᠮᠴᠢᠯᠡᠯ ᠤᠨ ᠠᠵᠤ | ᠠᠬᠤᠢ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ | ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠪᠠ ᠭᠡᠵᠦ | ᠴᠢᠬᠤᠯᠠᠴᠢᠯᠠᠪᠠ᠃ | ᠵᠣᠬᠢᠶᠠᠯ ᠳᠤ᠂ ᠮᠠᠨ ᠤ ᠤᠯᠤᠰ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠤᠯᠤᠰ ᠮᠥᠨ᠂ ᠨᠡᠶᠢᠲᠡ ᠶᠢᠨ | ᠥᠮᠴᠢᠯᠡᠯ ᠤᠨ ᠠᠵᠤ ᠠᠬᠤᠢ ᠪᠣᠯ ᠤᠷᠳᠤ ᠬᠤᠭᠤᠴᠠᠭᠠᠨ ᠤ ᠲᠤᠷᠰᠢ ᠤᠯᠤᠰ ᠤᠨ ᠬᠥᠭᠵᠢᠯᠲᠡ ᠶᠢᠨ ᠲᠡᠦᠬᠡᠨ ᠶᠠᠪᠤᠴᠠ ᠳᠤ ᠪᠦᠷᠢᠯᠳᠦᠭᠰᠡᠨ ᠶᠤᠮ᠃ ᠤᠯᠤᠰ ᠤᠨ | ᠪᠦᠲᠦᠭᠡᠨ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠲᠣᠪᠣᠶᠢᠮ᠎ᠠ ᠬᠤᠪᠢ | ᠨᠡᠮᠡᠷᠢ ᠦᠵᠡᠭᠦᠯᠦᠭᠰᠡᠨ ᠪᠦᠭᠦ ᠠᠷᠠᠳ ᠲᠦᠮᠡᠨ ᠤ ᠡᠷᠬᠢᠮ ᠨᠠᠨᠳᠢᠨ ᠥᠪ ᠬᠥᠷᠥᠩᠭᠡ ᠪᠣᠯᠣᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠨᠢ ᠮᠠᠨ ᠤ | ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠲᠡᠦᠬᠡᠲᠦ ᠴᠢᠨᠠᠷᠲᠠᠢ ᠬᠤᠪᠢ ᠨᠡᠮᠡᠷᠢ ᠦᠵᠡᠭᠦᠯᠵᠦ᠂ ᠮᠠᠨ ᠤ ᠨᠠᠮ ᠤᠨ ᠲᠦᠷᠦ ᠪᠠᠷᠢᠵᠤ | ᠤᠯᠤᠰ ᠢᠶᠠᠨ ᠮᠠᠨᠳᠤᠭᠤᠯᠬᠤ ᠶᠢᠨ ᠴᠢᠬᠤᠯᠠ ᠲᠤᠯᠭᠠᠭᠤᠷᠢ ᠪᠠ ᠲᠦᠰᠢᠭᠯᠡᠬᠦ ᠬᠦᠴᠦᠨ ᠪᠣᠯᠤᠭᠰᠠᠨ ᠪᠠᠶᠢᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ | ᠰᠠᠶᠢᠲᠤᠷ ᠪᠦᠲᠦᠭᠡᠨ ᠪᠠᠶᠢᠭᠤᠯᠵᠤ᠂ ᠠᠵᠢᠯᠴᠢᠨ ᠠᠩᠭᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠨᠢ ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠶᠢ | ᠪᠠᠬᠢᠵᠢᠭᠦᠯᠬᠦ᠂ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠢ ᠪᠠᠬᠢᠵᠢᠭᠦᠯᠬᠦ ᠳᠤ ᠲᠤᠶᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ | ᠭᠠᠷᠭᠠᠪᠠ᠃ | ᠵᠣᠬᠢᠶᠠᠯ ᠳᠤ᠂ ᠮᠠᠨ ᠤ ᠤᠯᠤᠰ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠪᠠᠭ᠎ᠠ ᠠᠴᠠ ᠪᠠᠨ ᠪᠤᠵᠠᠭᠠᠶᠢᠷᠠᠵᠤ᠂ ᠪᠠᠭᠤᠷᠠᠢ ᠠᠴᠠ ᠪᠠᠨ | ᠬᠦᠴᠦᠷᠬᠡᠭᠵᠢᠭᠰᠡᠨ ᠨᠢ ᠮᠠᠨ ᠤ ᠨᠠᠮ ᠪᠣᠯᠣᠨ ᠤᠯᠤᠰ ᠤᠨ ᠴᠢᠭᠯᠡᠯᠲᠡ ᠲᠦᠷᠦ ᠶᠢᠨ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ ᠪᠡᠶᠡᠯᠡᠭᠳᠡᠭᠰᠡᠨ ᠶᠤᠮ᠃ ᠤᠷᠳᠤ | ᠬᠤᠭᠤᠴᠠᠭᠠᠨ ᠤ ᠲᠤᠷᠰᠢ ᠮᠠᠨ ᠤ ᠤᠯᠤᠰ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠲᠦᠷᠭᠡᠨ ᠬᠥᠭᠵᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ | ᠰᠢᠨ᠎ᠡ ᠶᠢ ᠡᠭᠦᠳᠬᠦ ᠶᠢ ᠠᠬᠢᠭᠤᠯᠬᠤ᠂ ᠠᠵᠢᠯ ᠣᠯᠭᠤᠯᠲᠠ ᠶᠢ ᠨᠡᠮᠡᠭᠳᠡᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ | ᠦᠵᠡᠭᠦᠯᠪᠡ᠃ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠠᠬᠢ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠪᠠᠶᠢᠷᠢ ᠰᠠᠭᠤᠷᠢ ᠪᠠ ᠦᠢᠯᠡᠳᠦᠯ ᠤᠨ ᠲᠤᠬᠠᠢ ᠲᠠᠨᠢᠯᠲᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠲᠤᠬᠠᠢ ᠨᠠᠮ ᠪᠠ ᠤᠯᠤᠰ ᠤᠨ ᠴᠢᠭᠯᠡᠯᠲᠡ ᠲᠦᠷᠦ ᠶᠢᠨ ᠪᠣᠳᠣᠯᠭ᠎ᠠ᠂ ᠮᠠᠨ ᠤ ᠨᠠᠮ ᠤᠨ ᠤᠨᠤᠯ ᠪᠠ ᠦᠢᠯᠡᠳᠦᠯᠭᠡ ᠪᠣᠯ ᠤᠳᠤᠮ ᠤᠯᠠᠮᠵᠢᠯᠠᠯ ᠨᠢᠭᠡᠲᠡᠢ ᠪᠥᠭᠡᠳ ᠴᠠᠭ | ᠦᠶ᠎ᠡ ᠲᠠᠢ ᠵᠡᠷᠭᠡ ᠪᠠᠷ ᠤᠷᠤᠭᠰᠢᠯᠠᠵᠤ ᠪᠠᠶᠢᠳᠠᠭ᠃ ᠨᠠᠮ ᠪᠣᠯᠣᠨ ᠤᠯᠤᠰ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ | ᠦᠨᠳᠦᠰᠦᠨ ᠴᠢᠭᠯᠡᠯᠲᠡ ᠲᠦᠷᠦ ᠶᠢᠨ ᠪᠣᠳᠣᠯᠭ᠎ᠠ ᠶᠢ ᠨᠢᠭᠡᠨᠲᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠰᠢᠰᠲ᠋ᠧᠮ ᠳᠤ | ᠣᠷᠣᠭᠤᠯᠵᠤ᠂ ᠢᠮᠠᠭᠲᠠ ᠪᠠᠷᠢᠮᠲᠠᠯᠠᠨ ᠨᠠᠶᠢᠳᠠᠪᠤᠷᠢᠵᠢᠭᠤᠯᠬᠤ ᠪᠠᠷ ᠪᠠᠶᠢᠵᠤ᠂ ᠬᠤᠪᠢᠷᠠᠭᠤᠯᠵᠤ ᠪᠤᠯᠬᠤ ᠦᠭᠡᠢ᠂ ᠬᠤᠪᠢᠷᠠᠭᠤᠯᠬᠤ ᠴᠤ ᠦᠭᠡᠢ ᠶᠤᠮ᠃ ᠪᠢᠳᠡ | ᠢᠮᠠᠭᠲᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠥᠪᠡᠷ ᠤᠨ ᠬᠥᠮᠥᠨ ᠢᠶᠠᠨ ᠪᠤᠯᠭᠠᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠳᠡᠮᠵᠢᠯᠭᠡ ᠦᠵᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠵᠢᠯᠣᠭᠤᠳᠤᠯᠭ᠎ᠠ ᠥᠭᠴᠡᠢ᠃ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ᠢᠷᠡᠭᠡᠳᠦᠢ ᠭᠡᠭᠡᠨ ᠰᠠᠷᠠᠭᠤᠯ᠂ ᠶᠡᠭᠡ ᠦᠢᠯᠡᠰ ᠢ ᠪᠦᠲᠦᠭᠡᠵᠦ ᠪᠣᠯᠣᠨ᠎ᠠ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠡᠷᠳᠡᠮ ᠴᠢᠳᠠᠪᠤᠷᠢ ᠪᠠᠨ ᠪᠠᠳᠠᠷᠠᠭᠤᠯᠬᠤ ᠨᠢ ᠴᠠᠭ ᠲᠠᠭᠠᠨ ᠲᠣᠬᠢᠷᠠᠵᠤ ᠪᠠᠶᠢᠨ᠎ᠠ ᠭᠡᠵᠦ | ᠵᠢᠭᠠᠵᠤ ᠭᠠᠷᠭᠠᠪᠠ᠃ | ᠵᠣᠬᠢᠶᠠᠯ ᠳᠤ᠂ ᠪᠢᠳᠡ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠰᠠᠶᠢᠲᠤᠷ ᠪᠠᠬᠢᠵᠢᠭᠦᠯᠵᠦ᠂ ᠰᠠᠶᠢᠲᠤᠷ ᠬᠥᠭᠵᠢᠭᠦᠯᠬᠦ ᠶᠢ ᠴᠢᠬᠤᠯᠠᠴᠢᠯᠠᠵᠤ ᠪᠠᠶᠢᠬᠤ ᠨᠢ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠵᠣᠷᠢᠭᠵᠢᠭᠤᠯᠬᠤ᠂ ᠳᠡᠮᠵᠢᠬᠦ᠂ ᠬᠥᠲᠥᠯᠥᠨ ᠵᠢᠯᠤᠭᠤᠳᠬᠤ ᠲᠠᠢ ᠡᠰᠡᠷᠭᠦᠴᠡᠯᠳᠦᠵᠦ ᠪᠠᠶᠢᠭ᠎ᠠ | ᠪᠢᠰᠢ᠂ ᠬᠠᠷᠢᠨ ᠣᠷᠭᠠᠨᠢᠭ ᠢᠶᠠᠷ ᠨᠢᠭᠡᠳᠴᠦ ᠪᠠᠶᠢᠭ᠎ᠠ ᠶᠤᠮ᠃ ᠨᠡᠶᠢᠲᠡ ᠶᠢᠨ ᠥᠮᠴᠢᠯᠡᠯ ᠤᠨ ᠠᠵᠤ ᠠᠬᠤᠢ ᠪᠣᠯᠣᠨ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠪᠣᠯ ᠴᠥᠮ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠴᠥᠮ ᠮᠠᠨ ᠤ ᠤᠯᠤᠰ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠰᠠᠭᠤᠷᠢ ᠮᠥᠨ᠃ ᠮᠠᠨ ᠤ ᠤᠯᠤᠰ ᠡᠶᠢᠮᠦ ᠶᠡᠭᠡ᠂ ᠬᠥᠮᠥᠨ ᠠᠮᠠ ᠡᠶᠢᠮᠦ ᠤᠯᠠᠨ᠂ ᠪᠠᠰᠠ ᠨᠡᠶᠢᠭᠡᠮ ᠵᠢᠷᠤᠮ ᠤᠨ | ᠠᠩᠬᠠᠨ ᠤ ᠱᠠᠲᠤᠨ ᠳᠤ ᠣᠷᠣᠰᠢᠵᠤ ᠪᠠᠶᠢᠬᠤ ᠪᠥᠭᠡᠳ ᠤᠷᠳᠤ ᠬᠤᠭᠤᠴᠠᠭ᠎ᠠ ᠪᠠᠷ ᠣᠷᠣᠰᠢᠬᠤ ᠪᠣᠯᠣᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠳᠤ ᠡᠯ᠎ᠡ ᠲᠠᠯ᠎ᠠ ᠶᠢᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠵᠢᠯᠯᠠᠬᠤ ᠬᠡᠷᠡᠭᠲᠡᠢ᠂ ᠤᠯᠠᠨ ᠤ ᠬᠦᠴᠦᠨ ᠳᠤ ᠣᠪᠣᠭ᠎ᠠ ᠪᠣᠰᠣᠨ᠎ᠠ᠃ | ᠨᠡᠶᠢᠲᠡ ᠶᠢᠨ ᠥᠮᠴᠢᠯᠡᠯ ᠤᠨ ᠠᠵᠤ ᠠᠬᠤᠢ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠬᠠᠷᠢᠯᠴᠠᠨ ᠨᠥᠬᠦᠴᠡᠯᠳᠦᠵᠦ᠂ ᠬᠠᠷᠢᠯᠴᠠᠨ ᠬᠠᠪᠰᠤᠷᠤᠯᠴᠠᠵᠤ | ᠬᠠᠷᠢᠯᠴᠠᠨ ᠲᠤᠪᠤᠶᠢᠯᠭᠠᠬᠤ ᠶᠣᠰᠣᠲᠠᠢ᠂ ᠬᠠᠷᠢᠨ ᠬᠠᠷᠢᠯᠴᠠᠨ ᠭᠠᠳᠠᠭᠤᠷᠴᠢᠯᠠᠵᠤ᠂ ᠬᠠᠷᠢᠯᠴᠠᠨ ᠦᠭᠡᠶᠢᠰᠬᠡᠵᠦ ᠪᠤᠯᠬᠤ ᠦᠭᠡᠢ᠃ ᠨᠡᠶᠢᠭᠡᠮ ᠵᠢᠷᠤᠮ ᠤᠨ ᠠᠩᠬᠠᠨ ᠤ | ᠱᠠᠲᠤᠨ ᠳᠤ ᠰᠠᠭᠤᠷᠢᠯᠠᠨ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ︽ᠬᠤᠶᠠᠷ | ᠤᠬᠳᠤ ᠭᠤᠶᠢᠪᠢᠰᠢ ᠦᠭᠡᠢ︾ ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | | |