ᠰᠣᠶᠣᠯ ᠢᠶᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠴᠦᠨ ᠴᠢᠳᠠᠮᠵᠢ ᠶᠢ ᠡᠷᠴᠢᠮᠯᠡᠨ᠎ᠡ
ᠨᠡᠶᠢᠲᠡᠯᠡᠭᠰᠡᠨ ᠴᠠᠭ᠄
2025/3/17
    ︽ᠬᠤᠲᠠ ᠬᠥᠳᠡᠭᠡ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠰᠣᠶᠣᠯ ᠢᠶᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠴᠦᠨ ᠴᠢᠳᠠᠮᠵᠢ ᠶᠢ ᠡᠷᠴᠢᠮᠯᠡᠨ᠎ᠡ︾᠃ ᠡᠨᠡ ᠵᠢᠯ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠲᠡᠭᠦᠨ ᠤ ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠬᠤ ᠳᠤ ᠪᠠᠨ ︽ᠰᠣᠶᠣᠯ ᠢᠶᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠴᠦᠨ ᠴᠢᠳᠠᠮᠵᠢ ᠶᠢ ᠡᠷᠴᠢᠮᠯᠡᠨ᠎ᠡ︾ ᠭᠡᠵᠦ ᠴᠢᠬᠤᠯᠠᠴᠢᠯᠠᠵᠠᠢ᠃    2023 ᠣᠨ ᠤ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ ᠪᠠᠨ ︽ᠬᠥᠮᠥᠨ ᠰᠣᠶᠣᠯ ᠤᠨ ᠠᠵᠤ ᠠᠬᠤᠢ ᠶᠢᠨ ᠤᠬᠠᠭᠠᠨ︾ ᠤ ᠴᠢᠬᠤᠯᠠ ᠰᠡᠳᠦᠪ — ︽ᠰᠣᠶᠣᠯ ᠮᠠᠰᠢ ᠬᠥᠭᠵᠢᠭᠰᠡᠨ ᠭᠠᠵᠠᠷ ᠣᠷᠣᠨ ᠤ ᠠᠵᠤ ᠠᠬᠤᠢ ᠴᠤ ᠲᠡᠷᠢᠭᠦᠯᠡᠵᠦ ᠪᠠᠶᠢᠨ᠎ᠠ᠃ ᠡᠭᠦᠨ ᠳᠠᠬᠢ ᠬᠥᠮᠥᠨ ᠰᠣᠶᠣᠯ ᠤᠨ ᠠᠵᠤ ᠠᠬᠤᠢ ᠶᠢᠨ ᠤᠬᠠᠭᠠᠨ ᠢ ᠰᠤᠳᠤᠯᠵᠤ ᠪᠣᠯᠣᠨ᠎ᠠ︾ ᠭᠡᠳᠡᠭ ᠢ ᠳᠤᠷᠠᠳᠴᠠᠢ᠃ ᠡᠨᠡ ᠬᠦ ᠨᠤᠲᠠᠯᠠᠯᠲᠠ ᠨᠢ ᠠᠵᠤ ᠠᠬᠤᠢ ᠬᠢᠭᠡᠳ ᠰᠣᠶᠣᠯ ᠢ ᠠᠭᠤᠰᠤᠯᠴᠠᠭᠤᠯᠤᠨ ᠠᠬᠢᠭᠤᠯᠬᠤ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ ᠵᠡᠷᠭᠡ ᠪᠠᠷ ᠤᠷᠤᠭᠰᠢᠯᠠᠭᠤᠯᠬᠤ ᠬᠥᠭᠵᠢᠯᠲᠡ ᠶᠢᠨ ᠵᠢᠮ᠎ᠡ ᠶᠣᠰᠣ ᠶᠢ ᠢᠯᠡᠷᠡᠭᠦᠯᠦᠭᠰᠡᠨ ᠪᠠᠶᠢᠨ᠎ᠠ᠃    ᠣᠶᠢᠷ᠎ᠠ ᠶᠢᠨ ᠵᠢᠯ ᠤᠳ ᠠᠴᠠ ᠨᠠᠭᠠᠰᠢ᠂ ᠡᠯ᠎ᠡ ᠭᠠᠵᠠᠷ ᠤᠨ ᠬᠢᠨ ᠰᠣᠶᠣᠯ ᠤᠨ ᠵᠣᠬᠢᠶᠠᠮᠵᠢ ᠶᠢᠨ ᠴᠤᠭᠯᠠᠭ᠎ᠠ ᠵᠠᠬ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠦᠢᠯᠡᠳᠦᠯᠴᠡᠨ ᠪᠡᠶᠡᠴᠢᠯᠡᠨ ᠣᠶᠢᠯᠠᠭᠠᠬᠤᠢ᠂ ᠬᠥᠳᠡᠭᠡ ᠲᠣᠰᠬᠤᠨ ᠤ ᠰᠢ ᠵᠦᠴᠦᠭᠡ ᠶᠢᠨ ᠲᠠᠪᠴᠠᠩ ᠵᠡᠷᠭᠡ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠵᠠᠯᠭᠠᠭ᠎ᠠ ᠵᠠᠯᠭᠠᠭ᠎ᠠ ᠪᠠᠷ ᠥᠷᠨᠢᠭᠦᠯᠵᠦ᠂ ᠨᠢᠭᠡ ᠯᠡ ᠲᠧᠯᠸᠢᠰ ᠵᠦᠴᠦᠭᠡ ᠪᠠᠷ ᠠᠯᠲᠠᠢ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠡᠵᠦ᠂ ︽ᠨᠧ ᠵᠠ︾ ᠨᠢ ᠤᠯᠠᠨ ᠠᠵᠤ ᠦᠢᠯᠡᠰ ᠤᠨ ᠬᠡᠯᠬᠢᠶᠡᠨ ᠤ ᠰᠢᠨ᠎ᠡ ᠶᠢ ᠡᠭᠦᠳᠦᠨ ᠬᠥᠭᠵᠢᠬᠦ ᠳᠤ ᠣᠷᠣᠨ ᠨᠤᠲᠤᠭ ᠢ ᠠᠯᠤᠰᠯᠠᠵᠤ ᠬᠦᠴᠦᠨ ᠴᠢᠳᠠᠮᠵᠢ ᠶᠢ ᠨᠢ ᠡᠷᠴᠢᠮᠯᠡᠪᠡ᠁ ᠮᠠᠰᠢ ᠤᠯᠠᠨ ᠴᠢᠨᠠᠷ ᠰᠠᠶᠢᠲᠠᠢ ᠰᠣᠶᠣᠯ ᠤᠨ ᠪᠦᠲᠦᠭᠡᠭᠳᠡᠬᠦᠨ᠂ ᠰᠣᠶᠣᠯ ᠤᠨ ᠦᠢᠯᠡᠴᠢᠯᠡᠭᠡ ᠲᠠᠰᠤᠷᠠᠯᠲᠠ ᠦᠭᠡᠢ ᠵᠣᠬᠢᠶᠠᠭᠳᠠᠨ ᠰᠢᠨᠡᠳᠴᠦ᠂ ᠬᠥᠮᠥᠰ ᠤᠨ ᠤᠶᠤᠨ ᠤ ᠰᠠᠨᠠᠭᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠵᠡᠷᠭᠡ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠢ ᠲᠠᠶᠢᠴᠢᠯᠠᠵᠠᠢ᠃    ︽ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠰᠣᠶᠣᠯ ᠪᠣᠯ ᠴᠢᠬᠤᠯᠠ ᠲᠤᠯᠬᠤ ᠴᠡᠭ ᠪᠣᠯᠣᠨ᠎ᠠ᠃︾ ᠮᠠᠨ ᠤ ᠰᠣᠶᠣᠯ ᠤᠨ ᠠᠵᠢᠯᠲᠠᠳ ᠰᠣᠶᠣᠯ ᠤᠨ ᠪᠠᠶᠢᠭᠤᠯᠤᠯᠲᠠ ᠶᠢ ᠬᠥᠮᠥᠨ ᠳᠤ ᠬᠠᠨᠳᠤᠭᠤᠯᠤᠨ᠂ ᠬᠥᠮᠥᠨ ᠳᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠰᠢᠯᠢᠳᠡᠭ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ ᠥᠷᠭᠡᠳᠬᠡᠵᠦ᠂ ᠡᠯ᠎ᠡ ᠭᠠᠵᠠᠷ ᠤᠨ ᠭᠦᠨ ᠵᠤᠵᠠᠭᠠᠨ ᠬᠥᠮᠥᠨ ᠰᠣᠶᠣᠯ ᠤᠨ ᠠᠭᠤᠯᠬᠤᠨ ᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠦᠷ ᠳᠠᠯᠠᠶᠢᠴᠠᠲᠠᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠪᠠᠶᠢᠨ᠎ᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ