ᠾᠧ ᠬᠠᠢ ᠳ᠋ᠦᠩ ᠶᠠᠷᠢᠶ᠎ᠠ ᠲᠠᠯᠪᠢᠵᠠᠢ | ︵ᠰᠤᠷᠪᠤᠯᠵᠢᠯᠠᠭᠴᠢ ᠯᠢᠶᠠᠩ ᠵᠢᠩ ᠱᠥ︶ 3 ᠳ᠋ᠤᠭᠠᠷ ᠰᠠᠷ᠎ᠠ ᠶᠢᠨ 17 ᠤ ᠡᠳᠦᠷ᠂ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠤᠨ ᠹᠢᠯᠢᠮ ᠢ ᠦᠵᠡᠵᠦ᠂ ᠪᠦᠬᠦ | ᠤᠯᠤᠰ ᠤᠨ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠤᠢᠢᠷ᠎ᠠ ᠶᠢᠨ ᠬᠤᠭᠤᠴᠠᠭᠠᠨ ᠤ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ | ᠠᠵᠢᠯ ᠤᠨ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢᠦ ᠵᠢᠢ ᠶᠢᠩ ᠬᠤᠷᠠᠯ ᠡᠷᠭᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠢ ᠴᠠᠭ ᠢᠮᠠᠭᠲᠠ ᠴᠢᠩᠭ᠎ᠠ ᠠᠳᠬᠤᠵᠤ᠂ ᠭᠡᠮ | ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠬᠢᠨᠠᠨ ᠬᠠᠮᠢᠶᠠᠷᠬᠤ ᠬᠢᠭᠡᠳ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ | ᠬᠥᠭᠵᠢᠯᠲᠡ ᠶᠢ ᠲᠤᠯᠭᠠᠭᠤᠷᠢᠯᠠᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠬᠡᠮ ᠰᠣᠭᠤᠭ ᠢ | ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠪᠠᠶᠢᠩᠭᠤᠵᠢᠭᠰᠠᠨ᠂ ᠪᠦᠬᠦ ᠲᠠᠯ᠎ᠠ ᠶᠢᠨ᠂ ᠲᠡᠭ ᠠᠴᠠ ᠡᠬᠢᠯᠡᠭᠰᠡᠨ᠂ ᠲᠤᠰᠬᠠᠶᠢᠵᠢᠭᠰᠠᠨ ᠢ ᠪᠡᠶᠡᠯᠡᠭᠦᠯᠵᠦ᠂ ᠨᠠᠷᠢᠨ ᠲᠠᠩᠰᠠ ᠶᠢ | ᠠᠳᠬᠤᠵᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠵᠤ᠂ ᠬᠡᠮ ᠰᠣᠭᠤᠭ ᠢ ᠠᠷᠢᠯᠭᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠡᠷᠡᠰ ᠰᠢᠭᠤᠷᠬᠠᠢ ᠣᠪᠣᠷ᠂ ᠴᠢᠩᠭ᠎ᠠ ᠠᠷᠭ᠎ᠠ ᠪᠠᠷᠢᠯ ᠢᠶᠠᠷ᠂ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ | ᠴᠢᠭᠯᠡᠭᠦᠯᠦᠨ᠂ ᠦᠨᠡᠨ ᠠᠴᠠ ᠵᠥᠪ ᠢ ᠡᠷᠢᠨ ᠦᠨᠳᠦᠰᠦᠨ ᠠᠴᠠ ᠨᠢ ᠵᠠᠰᠠᠵᠤ᠂ ᠣᠨᠣᠴᠠ ᠶᠢ ᠠᠳᠬᠤᠨ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠮᠤᠷ ᠲᠦᠪᠰᠢᠨ ᠤ ᠬᠡᠮ | ᠰᠣᠭᠤᠭ ᠢ ᠪᠦᠬᠦ ᠲᠠᠯ᠎ᠠ ᠪᠠᠷ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠭᠡᠷ ᠬᠠᠷᠢᠭᠤᠴᠠᠯᠭᠠᠲᠠᠨ ᠵᠠᠪᠠᠯ ᠬᠠᠷᠢᠭᠤᠴᠠᠯᠭ᠎ᠠ ᠶᠢ ᠴᠢᠩᠭ᠎ᠠ ᠡᠭᠦᠷᠭᠡᠯᠡᠵᠦ᠂ | ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠭᠠᠯ ᠤᠨᠲᠠᠷᠠᠭᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠠᠮᠤᠷ ᠲᠦᠪᠰᠢᠨ ᠤ | ᠤᠬᠠᠮᠰᠠᠷ ᠪᠣᠯᠣᠨ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠵᠤ᠂ ᠬᠠᠮᠲᠤ ᠪᠠᠷ ᠣᠷᠣᠨ ᠤ ᠲᠥᠪ ᠬᠤᠲᠠ ᠶᠢᠨ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ | ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ᠃ | ᠬᠤᠲᠠ ᠶᠢᠨ ᠤᠳᠤᠷᠢᠳᠤᠯᠭ᠎ᠠ ᠸᠠᠩ ᠺᠦᠨ᠂ ᠸᠠᠩ ᠰᠢᠨ ᠢᠦᠶ᠂ ᠵᠢᠶᠤᠤ ᠬᠤᠩ᠂ ᠲᠠᠯ᠎ᠠ᠂ ᠭᠤᠤ ᠬᠠᠨ ᠵᠢᠴᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ |