ᠬᠥᠬᠡᠬᠤᠲᠠ᠄ ᠰᠠᠨᠠᠭ᠎ᠠ ᠠᠮᠤᠷ ᠬᠠᠨᠤᠮᠵᠢᠲᠠᠢ ᠬᠡᠷᠡᠭᠯᠡᠭᠡ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ
ᠨᠡᠶᠢᠲᠡᠯᠡᠭᠰᠡᠨ ᠴᠠᠭ᠄
2025/3/18
      ︵ᠰᠤᠷᠪᠤᠯᠵᠢᠯᠠᠭᠴᠢ ᠴᠢ ᠰᠢᠶᠣᠣ ᠶᠠᠨ︶ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠬᠤ ᠪᠣᠯ ᠪᠦᠬᠦ ᠨᠡᠶᠢᠭᠡᠮ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠃ 2025 ᠣᠨ ᠳᠤ᠂ ᠬᠥᠬᠡᠬᠤᠲᠠ ᠡᠯ᠎ᠡ ᠱᠠᠲᠤᠨ ᠤ ᠬᠠᠮᠢᠶ᠎ᠠ ᠪᠥᠬᠦᠶ ᠱᠠᠭᠠᠷᠳᠠᠯᠭ᠎ᠠ ᠶᠢᠨ ᠲᠣᠭᠤᠷᠢᠨ ᠳᠤ᠂ ᠨᠠᠩ ᠰᠠᠨᠠᠭ᠎ᠠ ᠠᠮᠤᠷ ᠬᠠᠨᠤᠮᠵᠢᠲᠠᠢ ᠬᠡᠷᠡᠭᠯᠡᠭᠡᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃      ᠨᠢᠭᠡ ᠳᠤ᠂ ᠶᠠᠰᠤ ᠴᠢᠨᠠᠷ ᠢ ᠳᠡᠰ ᠳᠡᠪᠰᠢᠭᠦᠯᠬᠦ ᠪᠠᠷ ᠬᠡᠷᠡᠭᠯᠡᠭᠡ ᠶᠢᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠬᠥᠲᠥᠯᠥᠨ ᠳᠠᠭᠠᠭᠤᠯᠤᠨ᠎ᠠ᠃ ᠬᠡᠷ ᠤᠨ ᠴᠠᠬᠢᠯᠭᠠᠨ ᠬᠡᠷᠡᠭᠰᠡᠯ᠂ ᠮᠠᠰᠢᠨ ᠲᠡᠷᠭᠡ ᠵᠡᠷᠭᠡ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠦᠷᠭᠦᠯᠵᠢᠯᠡᠨ ᠠᠬᠢᠭᠤᠯᠵᠤ᠂ ᠵᠠᠬᠢᠶᠠᠯᠠᠭᠰᠠᠨ ᠬᠡᠷᠡᠭᠯᠡᠭᠡ᠂ ᠤᠶᠤᠨᠲᠤ ᠬᠡᠷᠡᠭᠯᠡᠭᠡ᠂ ᠪᠣᠬᠢᠷᠲᠤᠯ ᠥᠬᠡᠶ ᠬᠡᠷᠡᠭᠯᠡᠭᠡ ᠵᠡᠷᠭᠡ ᠰᠢᠨ᠎ᠡ ᠬᠠᠯᠠᠮᠰᠢᠯ ᠴᠡᠭ ᠢ ᠬᠥᠮᠦᠵᠢᠭᠦᠯᠦᠨ᠂ ᠣᠯᠠᠨ ᠡᠰᠢᠲᠦ ᠬᠡᠷᠡᠭᠯᠡᠭᠡ ᠶᠢ ᠭᠦᠨᠵᠡᠭᠡᠶ ᠥᠷᠭᠡᠳᠬᠡᠵᠦ᠂ ︽ᠦᠪᠦᠷ ᠮᠣᠩᠭᠤᠯ ᠲᠡᠮᠲᠡᠭᠲᠦ︾ ᠶᠢᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠣᠷᠣᠨ ᠤ ᠲᠥᠪ ᠬᠤᠲᠠ ᠶᠢ ᠴᠢᠨᠠᠷ ᠰᠠᠶᠢᠲᠠᠶ ᠲᠠᠸᠠᠷ ᠬᠢᠭᠡᠳ ᠦᠢᠯᠡᠴᠢᠯᠡᠭᠡᠨ ᠤ ᠲᠥᠪᠯᠡᠷᠡᠭᠰᠡᠨ ᠥᠨᠳᠦᠷᠯᠢᠭ ᠭᠠᠵᠠᠷ ᠪᠣᠯᠭᠠᠬᠤ ᠪᠠᠷ ᠴᠢᠷᠮᠠᠶᠢᠨ᠎ᠠ᠃ ᠬᠤᠶᠠᠷ ᠲᠤ᠂ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠬᠡᠷᠡᠭᠯᠡᠭᠡ ᠶᠢᠨ ᠪᠦᠬᠦ ᠶᠠᠪᠤᠴᠠ ᠶᠢ ᠪᠠᠲᠤᠯᠠᠨ᠎ᠠ᠃ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠰᠢᠨ᠎ᠡ ᠬᠠᠨᠳᠤᠰᠢ ᠰᠢᠨ᠎ᠡ ᠥᠷᠢᠰᠦᠯᠳᠦᠭᠡᠨ ᠢ ᠲᠣᠬᠢᠲᠠᠢ ᠠᠷᠭᠠᠴᠠᠵᠤ᠂ ᠬᠡᠷᠡᠭᠯᠡᠭᠡ ᠶᠢᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠵᠠᠭᠠᠯᠳᠤᠯᠭ᠎ᠠ ᠬᠢᠵᠦ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠂ ︽ᠵᠠᠭᠠᠯᠳᠤᠯᠭ᠎ᠠ ᠬᠢᠬᠦ ᠵᠠᠮ ᠲᠠᠢ᠂ ᠥᠨᠳᠥᠷ ᠦᠷ᠎ᠡ ᠪᠦᠲᠦᠮᠵᠢᠲᠡᠢ ᠰᠢᠢᠳᠪᠦᠷᠢᠯᠡᠬᠦ︾ ᠶᠢ ᠣᠷᠣᠨ ᠤ ᠲᠥᠪ ᠬᠤᠲᠠ ᠶᠢᠨ ᠬᠡᠷᠡᠭᠯᠡᠭᠡ ᠶᠢᠨ ᠣᠷᠴᠢᠨ ᠲᠣᠭᠤᠷᠢᠨ ᠤ ᠢᠯᠡ ᠲᠣᠳᠣ ᠲᠡᠮᠳᠡᠭ ᠪᠣᠯᠭᠠᠨ᠎ᠠ᠃ ᠢᠳᠡᠭᠡᠨ ᠤ ᠠᠮᠤᠷ ᠲᠦᠪᠰᠢᠨ ᠢᠶᠠᠷ ᠰᠢᠪᠲᠤᠯᠤᠯᠲᠠ ᠪᠣᠯᠭᠠᠵᠤ᠂ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠨ᠎ᠠ᠃ ᠭᠤᠷᠪᠠ ᠳᠤ᠂ ᠨᠡᠶᠢᠭᠡᠮ ᠨᠡᠶᠢᠲᠡ ᠬᠠᠮᠲᠤ ᠪᠠᠷ ᠵᠠᠰᠠᠵᠤ᠂ ᠡᠳ᠋ᠯᠡᠬᠦ᠂ ᠪᠠᠶᠢᠭᠤᠯᠬᠤ ᠪᠠᠷ ᠴᠢᠨᠠᠷ ᠰᠠᠶᠢᠲᠠᠢ ᠬᠡᠷᠡᠭᠯᠡᠭᠡᠨ ᠤ ᠠᠮᠢ ᠠᠬᠤᠢ ᠶᠢ ᠴᠤᠭᠴᠠᠯᠠᠨ᠎ᠠ᠃ ᠣᠯᠠᠨ ᠬᠡᠯᠪᠡᠷᠢ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ᠂ ᠠᠵᠢᠯ ᠲᠥᠷᠥᠯ ᠤᠨ ᠬᠢᠨ ᠥᠪᠡᠷ ᠢ ᠪᠠᠨ ᠱᠠᠭᠠᠷᠳᠠᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ︽ᠵᠠᠰᠠᠭ ᠤᠨ ᠣᠷᠳᠣᠨ ᠬᠢᠨᠠᠨ ᠬᠠᠮᠢᠶᠠᠷᠬᠤ+ ᠨᠡᠶᠢᠭᠡᠮ ᠬᠢᠨᠠᠯᠲᠠ ᠲᠠᠯᠪᠢᠬᠤ+ ᠠᠵᠤ ᠠᠬᠤᠶᠢᠯᠠᠯ ᠤᠨ ᠥᠪᠡᠷᠲᠡᠭᠡᠨ ᠵᠠᠰᠠᠬᠤ︾ ᠶᠢᠨ ᠪᠣᠰᠤᠭ᠎ᠠ ᠴᠣᠭᠴᠠᠲᠤ ᠡᠷᠬᠡ ᠪᠠᠨ ᠬᠠᠮᠠᠭᠠᠯᠠᠬᠤ ᠪᠠᠶᠢᠷᠢᠰᠢᠯ ᠢ ᠪᠠᠶᠢᠭᠤᠯᠬᠤ ᠶᠢ ᠠᠬᠢᠭᠤᠯᠤᠨ᠎ᠠ᠃      ᠥᠩᠭᠡᠷᠡᠭᠰᠡᠨ ᠨᠢᠭᠡ ᠵᠢᠯ ᠳᠤ᠂ ᠬᠥᠬᠡᠬᠤᠲᠠ ᠨᠢᠭᠡ ᠬᠤᠪᠢ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠵᠠᠶ᠄ ᠡᠷᠬᠡ ᠪᠠᠨ ᠬᠠᠮᠠᠭᠠᠯᠠᠬᠤ 103 ᠥᠷᠲᠡᠭᠡ ᠴᠡᠭ ᠨᠢ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ᠃ 12315 ᠲᠠᠪᠴᠠᠩ 62641 ᠬᠤᠪᠢ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠦ᠂ ᠬᠡᠷᠡᠭᠯᠡᠭᠴᠢᠳ ᠲᠤ 1134 ᠲᠦᠮᠡ ᠭᠠᠷᠤᠶ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ 436 ᠡᠷᠦᠬᠡ ᠰᠢᠯᠲᠠᠭᠠᠨ ᠦᠭᠡᠢ ᠪᠠᠷ ᠪᠤᠴᠠᠭᠠᠬᠤ ᠳᠡᠯᠭᠡᠭᠦᠷ ᠨᠢ ᠠᠵᠢᠯ ᠲᠥᠷᠥᠯ ᠤᠨ ᠬᠡᠪ ᠳᠠᠭᠤᠷᠢᠶᠠᠯ ᠢ ᠪᠣᠶ ᠪᠣᠯᠭᠠᠵᠤ᠂ ︽ᠢᠯᠡ ᠲᠤᠳᠤ ᠬᠤᠳᠠᠯᠳᠤᠨ ᠠᠪᠴᠤ᠂ ᠰᠢᠭᠤᠳ ᠪᠤᠴᠠᠭᠠᠬᠤ︾ ᠶᠢ ᠰᠢᠨ᠎ᠡ ᠬᠡᠪ ᠪᠠᠶᠢᠳᠠᠯ ᠪᠤᠯᠭᠠᠵᠠᠢ᠃ ᠤᠷᠢᠳᠴᠢᠯᠠᠨ ᠥᠭᠬᠦ ᠮᠠᠶ᠋ᠢᠭ ᠤᠨ ᠬᠡᠷᠡᠭᠯᠡᠭᠡᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠨᠢ ᠣᠯᠠᠨ ᠲᠦᠮᠡᠨ ᠳᠤ 477.8 ᠲᠦᠮᠡᠨ ᠲᠥᠭᠦᠷᠢᠭ ᠤᠨ ᠬᠤᠬᠢᠷᠠᠯ ᠢ ᠡᠭᠡᠭᠦᠯᠦᠨ ᠠᠪᠴᠢᠷᠠᠵᠤ᠂ ︽ᠤᠷᠭᠤᠨ ᠳᠤᠲᠠᠭᠠᠬᠤ ᠠᠵᠤ ᠠᠬᠤᠶᠢᠯᠠᠯ︾ ᠢ ᠬᠥᠬᠡᠬᠤᠲᠠ ᠳᠤ ᠢᠯᠡᠷᠡᠬᠦ ᠦᠭᠡᠢ ᠪᠤᠯᠭᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ