| | ᠣᠶᠢᠷ᠎ᠠ ᠳᠤ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ | ︽ᠭᠦᠭᠡᠬᠤᠲᠠ ᠶᠢᠨ ᠣᠶᠤᠨᠲᠤ ᠵᠠᠮ ᠬᠠᠷᠢᠯᠴᠠᠭᠠᠨ ᠤ ᠬᠠᠮᠢᠶᠠᠷᠤᠯᠲᠠ︾ ᠶᠢᠨ ᠰᠢᠰᠲ᠋ᠧᠮ ᠢᠶᠠᠷ ᠳᠠᠮᠵᠢᠨ᠂ ᠨᠣᠮᠧᠷ ᠰᠣᠯᠢᠬᠤ ᠨᠠᠭᠠᠯᠲᠠ ᠶᠢ ᠠᠰᠢᠭᠯᠠᠨ ᠮᠠᠰᠢᠨᠲᠤ | ᠲᠡᠷᠭᠡᠨ ᠤ ᠨᠣᠮᠧᠷ ᠤᠨ ᠫᠠᠶᠢᠰᠠ ᠶᠢ ᠬᠠᠭᠤᠷᠮᠠᠭᠯᠠᠨ ᠵᠣᠬᠢᠶᠠᠭᠰᠠᠨ ᠬᠡᠷᠡᠭ ᠢ ᠠᠮᠵᠢᠯᠲᠠ ᠲᠠᠢ ᠢᠯᠡᠷᠡᠭᠦᠯᠪᠡ᠃ | 2 ᠰᠠᠷ᠎ᠠ ᠶᠢᠨ 22 ᠤᠨ ᠡᠳᠦᠷ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ | ᠠᠩᠭᠢ ᠨᠢᠭᠡᠨ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠬᠡᠷᠡᠭ ᠤᠨ ᠮᠡᠳᠡᠭᠦᠯᠦᠯᠲᠡ ᠶᠢ ᠲᠤᠰᠴᠤ᠂ ᠲᠡᠭᠦᠨ ᠤ ᠮᠠᠰᠢᠨ ᠲᠡᠷᠭᠡ ᠨᠢ ᠭᠡᠨᠡᠳᠲᠡ ᠣᠯᠠᠨ | ᠬᠠᠤᠯᠢ ᠵᠥᠷᠢᠴᠡᠭᠰᠡᠨ ᠲᠡᠮᠳᠡᠭᠯᠡᠯ ᠭᠠᠷᠴᠠᠢ ᠭᠡᠯᠡ᠃ ᠲᠣᠰ ᠰᠠᠯᠪᠤᠷᠢ ᠠᠩᠭᠢ ᠨᠢ ᠵᠠᠮ ᠬᠠᠷᠢᠯᠴᠠᠭᠠᠨ ᠤ ᠲᠣᠮᠣ ᠳ᠋ᠠᠶᠢᠲ᠋ᠠ ᠶᠢᠨ ᠲᠠᠪᠴᠠᠩ ᠢᠶᠠᠷ ᠳᠠᠮᠵᠢᠭᠤᠯᠤᠨ᠂ | ᠬᠡᠷᠡᠭ ᠲᠤ ᠬᠤᠯᠪᠣᠭᠳᠠᠭᠰᠠᠨ ᠴᠠᠭ᠂ ᠵᠠᠮ ᠤᠨ ᠬᠡᠰᠡᠭ ᠤᠨ ᠸᠢᠳᠢᠤ᠋ ᠲᠤᠭ᠎ᠠ ᠪᠠᠷᠢᠮᠲᠠ ᠳᠤ ᠣᠶᠤᠨᠴᠢ ᠰᠢᠭᠰᠢᠨ ᠪᠠᠶᠢᠴᠠᠭᠠᠯᠲᠠ ᠬᠢᠪᠡ᠃ ᠰᠢᠰᠲ᠋ᠧᠮ ᠤᠨ | ᠬᠠᠷᠢᠴᠠᠭᠤᠯᠤᠯ ᠢᠶᠠᠷ ᠳᠡᠮᠵᠢᠨ᠂ ᠠᠷᠠᠳ ᠤᠨ ᠴᠠᠭᠳᠠᠭ᠎ᠠ ᠬᠠᠤᠯᠢ ᠵᠥᠷᠢᠴᠡᠭᠰᠡᠨ ᠲᠡᠷᠭᠡᠨ ᠫᠠᠶᠢᠰᠠ ᠶᠢᠨ ᠨᠣᠮᠧᠷ ᠤᠨ ︽0︾ ᠲᠤᠭ᠎ᠠ ᠶᠢᠨ ᠭᠦᠪᠡᠭᠡ ᠵᠠᠬ᠎ᠠ ᠨᠢ | ᠪᠠᠯᠠᠷᠬᠠᠢ᠂ ᠭᠡᠷᠡᠯ ᠣᠶᠢᠯᠤᠭᠤᠯᠵᠤ ᠲᠡᠶᠢᠯᠭᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠵᠡᠢ᠃ ᠲᠣᠰ ᠲᠡᠷᠭᠡᠨ ᠤ ᠬᠠᠤᠯᠢ ᠵᠥᠷᠢᠴᠡᠭᠰᠡᠨ | ᠦᠶᠯᠡ ᠠᠵᠢᠯᠯᠠᠭ᠎ᠠ ᠨᠢ ᠦᠷᠭᠦᠯᠵᠢ ᠰᠥᠨᠢ ᠪᠠᠷ ᠡᠭᠦᠰᠴᠦ᠂ ᠬᠢᠨᠠᠯᠲᠠ ᠬᠠᠮᠢᠶᠠᠷᠤᠯᠲᠠ ᠠᠴᠠ ᠵᠣᠷᠢᠭᠤᠳᠠ ᠵᠠᠶᠢᠯᠠᠵᠤ ᠪᠠᠶᠢᠬᠤ ᠨᠢ ᠮᠡᠳᠡᠭᠳᠡᠨ᠎ᠡ᠃ 2 ᠰᠠᠷ᠎ᠠ ᠶᠢᠨ | 25 ᠤ ᠰᠥᠨᠢ᠂ ᠲᠣᠰ ᠮᠠᠰᠢᠨ ᠲᠡᠷᠭᠡ ᠭᠦᠭᠡᠬᠤᠳᠠ ᠶᠢᠨ ᠭᠠᠯᠲᠤ ᠲᠡᠷᠭᠡᠨ ᠤ ᠵᠡᠭᠦᠨ ᠥᠷᠲᠡᠭᠡ ᠶᠢᠨ ᠣᠶᠢᠷᠠᠯᠴᠠᠭ᠎ᠠ ᠪᠠᠶᠢᠬᠤ ᠶᠢ ᠸᠢᠳᠢᠤ᠋ ᠰᠢᠰᠲ᠋ᠧᠮ | ᠤᠷᠢᠳᠴᠢᠯᠠᠨ ᠰᠡᠷᠡᠮᠵᠢᠯᠡᠭᠦᠯᠵᠦ᠂ ᠰᠢᠨ᠎ᠡ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠠᠷᠠᠳ ᠤᠨ ᠴᠠᠭᠳᠠᠭ᠎ᠠ ᠲᠡᠷᠡ | ᠳᠠᠷᠤᠢ ᠳᠤᠨᠢ ᠬᠡᠷᠡᠭ ᠲᠤ ᠬᠤᠯᠪᠣᠭᠳᠠᠭᠰᠠᠨ ᠲᠡᠷᠭᠡ ᠶᠢ ᠬᠠᠰᠢᠵᠤ᠂ ᠴᠠᠭᠳᠠᠭ᠎ᠠ ᠲᠡᠷᠭᠡᠨ ᠳᠣᠲᠣᠷ᠎ᠠ ᠠᠴᠠ ᠨᠣᠮᠧᠷ ᠰᠣᠯᠢᠬᠤ ᠨᠠᠭᠠᠯᠲᠠ ᠶᠢ ᠡᠷᠢᠵᠦ ᠣᠯᠣᠭᠰᠠᠨ | ᠪᠠᠶᠢᠨ᠎ᠠ᠃ ᠣᠯᠠᠨ ᠭᠡᠷᠡᠴᠢ ᠪᠠᠷᠢᠮᠲᠠ ᠶᠢᠨ ᠡᠮᠦᠨ᠎ᠡ᠂ ᠵᠢᠯᠣᠭᠤᠴᠢ ᠶᠠᠩ ᠣᠪᠣᠭᠲᠤ ᠬᠠᠤᠯᠢ ᠶᠢ ᠵᠥᠷᠢᠴᠡᠭᠰᠡᠨ ᠪᠣᠳᠠᠲᠤ ᠬᠡᠷᠡᠭ ᠢ ᠲᠡᠷᠡ ᠳᠣᠣᠷ᠎ᠠ ᠨᠢ ᠮᠡᠳᠡᠷᠡᠪᠡ᠃ | ᠵᠢᠯᠣᠭᠤᠴᠢ ᠶᠠᠩ ᠣᠪᠣᠭᠲᠤ ᠪᠣᠯ ᠲᠦᠷᠢᠶᠡᠰᠦᠨ ᠮᠠᠰᠢᠨ ᠤ ᠺᠤᠮᠫᠠᠨᠢ ᠶᠢᠨ ᠰᠥᠨᠢ ᠶᠢᠨ ᠡᠭᠡᠯᠵᠢ ᠶᠢᠨ ᠵᠢᠯᠣᠭᠤᠴᠢ ᠪᠣᠯᠣᠨ᠎ᠠ᠃ ᠲᠡᠷᠡ ᠰᠦᠯᠵᠢᠶᠡᠨ | ᠲᠠᠪᠴᠠᠩ ᠠᠴᠠ ᠨᠣᠮᠧᠷ ᠰᠣᠯᠢᠬᠤ ᠨᠠᠭᠠᠯᠲᠠ ᠬᠤᠳᠠᠯᠳᠤᠨ ᠠᠪᠤᠭᠰᠠᠨ ᠤ ᠳᠠᠷᠠᠭ᠎ᠠ᠂ ᠰᠥᠨᠢ ᠪᠤᠯᠬᠤ ᠪᠦᠷᠢ ᠲᠡᠷᠭᠡᠨ ᠫᠠᠶᠢᠰᠠ ᠶᠢᠨ ᠨᠣᠮᠧᠷ ᠢᠶᠠᠨ | ᠥᠭᠡᠷᠡᠲᠦᠭᠦᠯᠳᠡᠭ ᠪᠠᠶᠢᠵᠠᠢ᠃ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ᠂ ᠲᠣᠰ ᠵᠢᠯᠣᠭᠤᠴᠢ ᠲᠡᠷᠭᠡᠨ ᠫᠠᠶᠢᠰᠠᠨ ᠳᠤ ᠬᠤᠯᠪᠣᠭᠳᠠᠭᠰᠠᠨ ᠬᠠᠤᠯᠢ ᠶᠢ | ᠵᠥᠷᠢᠴᠡᠭᠰᠡᠨ ᠦᠶᠯᠡ ᠠᠵᠢᠯᠯᠠᠭ᠎ᠠ ᠶᠢ ᠣᠯᠠᠨ ᠤᠳᠠᠭ᠎ᠠ ᠬᠢᠵᠦ᠂ ᠤᠤᠯ ᠤᠨ ᠲᠡᠷᠭᠡᠨ ᠫᠠᠶᠢᠰᠠ ᠶᠢᠨ ᠡᠵᠡᠨ ᠳᠤ 11 ᠵᠤᠷᠪᠤᠰ ᠵᠠᠮ ᠬᠠᠷᠢᠯᠴᠠᠭᠠᠨ ᠤ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢ ᠲᠡᠮᠳᠡᠭᠯᠡᠭᠦᠯᠪᠡ᠃ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠲᠣᠭᠲᠠᠭᠠᠯ ᠢ ᠦᠨᠳᠦᠰᠦᠯᠡᠪᠡᠯ᠂ | ᠮᠠᠰᠢᠨᠲᠤ ᠲᠡᠷᠭᠡᠨ ᠤ ᠨᠣᠮᠧᠷ ᠤᠨ ᠫᠠᠶᠢᠰᠠ ᠶᠢ ᠬᠠᠭᠤᠷᠮᠠᠭᠯᠠᠨ ᠵᠣᠬᠢᠶᠠᠬᠤ᠂ ᠬᠤᠪᠢᠷᠠᠭᠤᠯᠤᠨ ᠵᠣᠬᠢᠶᠠᠪᠠᠯ 5000 ᠲᠥᠭᠦᠷᠢᠭ ᠵᠣᠭᠤᠰ ᠢᠶᠠᠷ ᠲᠣᠷᠭᠠᠵᠤ᠂ | ᠵᠢᠯᠣᠭᠤᠴᠢ ᠶᠢᠨ ᠦᠨᠡᠮᠯᠡᠯ ᠢ ᠨᠢ 12 ᠬᠤᠪᠢ ᠬᠠᠰᠤᠬᠤ ᠶᠢᠨ ᠬᠠᠮᠲᠤ 15 ᠡᠳᠦᠷ ᠤᠨ ᠳᠣᠲᠣᠷ᠎ᠠ ᠵᠠᠰᠠᠭ ᠵᠠᠬᠢᠷᠭᠠᠨ ᠢᠶᠠᠷ ᠲᠦᠷ ᠬᠤᠷᠢᠬᠤ ᠪᠠᠷ ᠨᠡᠶᠢᠯᠡᠭᠦᠯᠦᠨ | ᠰᠢᠢᠳᠬᠡᠨ᠎ᠡ᠃ ᠣᠳᠣᠬᠠᠨ ᠳᠤ ᠲᠤᠰ ᠬᠡᠷᠡᠭ ᠢ ᠴᠢᠨᠠᠭᠰᠢᠳᠠ ᠪᠠᠶᠢᠴᠠᠭᠠᠵᠤ ᠪᠤᠢ᠃ | |