ᠭᠦᠭᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢᠭᠡᠳᠦᠯᠲᠡᠢ ᠪᠠᠶᠢᠴᠠᠭᠠᠨ ᠴᠡᠭᠴᠡᠯᠡᠬᠦ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2025/3/18
      ᠣᠶᠢᠷ᠎ᠠ ᠶᠢᠨ ᠡᠳᠦᠷ ᠭᠦᠭᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠭᠦ ᠬᠤᠳᠠ ᠶᠢᠨ ᠬᠡᠪᠴᠢᠶᠡᠨ ᠳᠤ ︽ᠭᠦᠭᠡᠬᠤᠳᠠ ᠶᠢᠨ ᠬᠤᠷᠴᠠ ᠰᠡᠯᠡᠮ᠎ᠡ︾ ᠠᠩᠬᠠᠳᠤᠭᠠᠷ ᠤᠳᠠᠭ᠎ᠠ ᠶᠢᠨ ᠨᠢᠭᠡᠳᠦᠯᠲᠡᠢ ᠪᠠᠶᠢᠴᠠᠭᠠᠨ ᠴᠡᠭᠴᠡᠯᠡᠬᠦ ᠠᠵᠢᠯᠯᠠᠭ᠎ᠠ ᠥᠷᠨᠢᠭᠦᠯᠵᠦ᠂ ᠨᠡᠶᠢᠭᠡᠮ ᠤᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠯᠲᠠ᠂ ᠵᠠᠮ ᠬᠠᠷᠢᠯᠴᠠᠭᠠᠨ ᠤ ᠳᠢᠭᠯᠢᠮ ᠢ ᠴᠡᠭᠴᠡᠯᠡᠨ ᠵᠠᠰᠠᠬᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠲᠠᠯ᠎ᠠ ᠶᠢᠨ ᠲᠣᠭᠤᠷᠢᠨ ᠳᠤ ᠠᠮᠤᠷ ᠲᠦᠪᠰᠢᠨ ᠤ ᠭᠡᠮ ᠰᠣᠭᠤᠭ ᠢ ᠪᠦᠭᠦ ᠲᠠᠯ᠎ᠠ ᠪᠠᠷ ᠴᠡᠭᠴᠡᠯᠡᠨ ᠵᠠᠰᠠᠵᠤ᠂ ᠠᠮᠤᠷ ᠠᠮᠤᠭᠤᠯᠠᠩ ᠡᠮᠬᠢ ᠴᠡᠭᠴᠡᠲᠡᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠪᠠ᠃      ᠠᠵᠢᠯᠯᠠᠭ᠎ᠠ ᠶᠢᠨ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠭᠤᠣᠯᠳᠠᠯᠭ᠎ᠠ ᠲᠠᠢ ᠲᠠᠯᠠᠪᠤᠷ ᠭᠠᠵᠠᠷ᠂ ᠬᠥᠮᠥᠨ ᠨᠢᠭᠲᠠᠷᠠᠭᠰᠠᠨ ᠣᠷᠣᠨ ᠪᠦᠰᠡ ᠳᠤ ᠪᠦᠭᠦ ᠲᠠᠯ᠎ᠠ ᠶᠢᠨ ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠪᠠᠭᠤᠳᠠᠯ᠂ ᠪᠡᠶ᠎ᠡ ᠤᠬᠢᠶᠠᠬᠤ ᠭᠠᠵᠠᠷ ᠵᠡᠷᠭᠡ ᠲᠠᠯᠠᠪᠤᠷ ᠭᠠᠵᠠᠷ ᠤᠨ ᠦᠨᠡᠨ ᠨᠡᠷ᠎ᠡ ᠪᠠᠷ ᠳᠠᠩᠰᠠᠯᠠᠭᠤᠯᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠪᠠᠶᠢᠴᠠᠭᠠᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠪᠦᠷᠢᠨ ᠪᠤᠰᠤ᠂ ᠬᠢᠨᠠᠨ ᠡᠵᠡᠮᠳᠡᠬᠦ ᠪᠦᠷᠬᠦᠴᠡ ᠬᠦᠷᠦᠯᠴᠡᠬᠦ ᠦᠭᠡᠢ ᠪᠠᠶᠢᠭ᠎ᠠ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠠ᠃ ᠬᠤᠯᠠ ᠵᠠᠮ ᠤᠨ ᠠᠶᠠᠨᠴᠢᠳ  ᠤᠨ ᠵᠥᠭᠡᠭᠡᠪᠦᠷᠢ ᠶᠢᠨ ᠦᠷᠳᠡᠭᠡ ᠵᠢᠴᠢ ᠬᠤᠳᠠ ᠠᠴᠠ ᠣᠷᠣᠵᠤ ᠭᠠᠷᠬᠤ ᠪᠠᠶᠢᠴᠠᠭᠠᠯᠲᠠ ᠶᠢᠨ ᠥᠷᠲᠡᠭᠡᠨ ᠳᠤ ᠴᠠᠭᠳᠠᠭ᠎ᠠ ᠨᠠᠷ ︽ᠰᠡᠵᠢᠭᠯᠡᠯᠲᠡᠢ ᠪᠠᠶᠢᠳᠠᠯ ᠢ ᠵᠠᠪᠠᠯ ᠪᠠᠶᠢᠴᠠᠭᠠᠬᠤ︾ ᠵᠠᠷᠴᠢᠮ ᠢ ᠨᠠᠶᠢᠳᠠᠪᠤᠷᠢᠵᠢᠭᠤᠯᠤᠨ᠂ ᠠᠶᠤᠯᠲᠠᠢ ᠳᠡᠯᠪᠡᠷᠡᠬᠦ ᠪᠣᠳᠠᠰ᠂ ᠵᠠᠬᠢᠷᠤᠨ ᠬᠠᠮᠢᠶᠠᠷᠤᠯᠲᠠ ᠶᠢᠨ ᠭᠢᠳᠤᠭ᠎ᠠ ᠠᠪᠴᠤ ᠶᠠᠪᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠪᠠ᠃ ᠡᠭᠦᠨ ᠤ ᠬᠠᠮᠲᠤ᠂ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ  ᠲᠠᠢ ᠬᠠᠮᠵᠢᠯᠴᠠᠨ ᠭᠠᠯᠲᠤ ᠲᠡᠷᠭᠡᠨ ᠦᠷᠳᠡᠭᠡ ᠶᠢᠨ ᠡᠷᠭᠢᠨ ᠲᠣᠭᠤᠷᠢᠨ ᠤ ᠡᠮᠬᠢ ᠳᠢᠭᠯᠢᠮ ᠢ ᠬᠠᠮᠠᠭᠠᠯᠠᠬᠤ ᠶᠢ ᠴᠢᠩᠭᠠᠷᠠᠭᠤᠯᠤᠨ᠂ ᠠᠶᠠᠨᠴᠢᠳ ᠤᠨ ᠭᠠᠳᠠᠭᠰᠢ ᠭᠠᠷᠬᠤ ᠠᠮᠤᠷ ᠲᠦᠪᠰᠢᠨ ᠢ ᠪᠠᠳᠤᠯᠠᠪᠠ᠃ ᠠᠵᠢᠯᠯᠠᠭ᠎ᠠ ᠶᠢᠨ ᠬᠤᠭᠤᠴᠠᠭᠠᠨ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠪᠠᠰᠠ ︽ᠰᠣᠶᠣᠭᠠᠯᠠᠯ ᠤᠨ ᠱᠠᠲᠤᠨ ᠳᠤ ᠨᠢ ᠴᠣᠬᠢᠯᠲᠠ ᠥᠭᠬᠦ︾ ᠶᠢ ᠬᠡᠷᠡᠭᠵᠢᠭᠦᠯᠦᠨ ᠵᠣᠭᠤᠰ ᠮᠥᠷᠥᠶᠢᠴᠡᠬᠦ᠂ ᠬᠤᠣᠷᠲᠤ ᠡᠳ᠋ ᠪᠠ ᠪᠤᠰᠤᠳ ᠵᠠᠰᠠᠭ ᠵᠠᠬᠢᠷᠭᠠᠨ ᠤ ᠬᠡᠷᠡᠭ  ᠲᠤ ᠬᠤᠯᠪᠣᠭᠳᠠᠭᠰᠠᠨ ᠤᠯᠠᠨ ᠶᠠᠯ᠎ᠠ ᠶᠢᠨ ᠰᠡᠵᠢᠭᠲᠡᠨ ᠢ ᠪᠠᠷᠢᠪᠴᠢᠯᠠᠪᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ