ᠭᠦᠭᠡᠬᠤᠲᠠ ᠬᠦᠴᠦᠨ ᠢᠶᠠᠨ ᠲᠥᠪᠯᠡᠷᠡᠭᠦᠯᠵᠦ ᠲᠠᠷᠢᠶᠠᠯᠠᠩ ᠤᠨ ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠵᠤ ᠪᠤᠢ
ᠨᠡᠶᠢᠲᠡᠯᠡᠭᠰᠡᠨ ᠴᠠᠭ᠄
2025/3/18
      ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠬᠤᠭᠤᠴᠠᠭ᠎ᠠ ᠬᠦᠷᠴᠦ ᠢᠷᠡᠬᠦ ᠶᠢ ᠳᠠᠭᠠᠯᠳᠤᠨ᠂ ᠭᠦᠭᠡᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶ᠎ᠠ ᠲᠠᠷᠢᠶᠠᠯᠠᠩ ᠤᠨ ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠲᠤᠬᠠᠢ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠵᠦᠢᠯ  ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠮᠠᠲ᠋ᠧᠷᠢᠶᠠᠯ ᠤᠨ ᠬᠠᠩᠭᠠᠯᠭ᠎ᠠ ᠶᠢᠨ ᠠᠵᠢᠯ ᠢ ᠰᠠᠶᠢᠲᠤᠷ ᠬᠢᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ ᠪᠤᠢ᠃      ᠭᠦᠭᠡᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶ᠎ᠠ ᠭᠦᠭᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ︽ᠭᠦᠭᠡᠬᠤᠲᠠ ᠶᠢᠨ ᠲᠣᠰ ᠱᠠᠲᠤᠨ ᠤ ᠬᠢᠮᠢ ᠶᠢᠨ ᠪᠣᠷᠳᠣᠭᠤᠷ ᠤᠨ ᠬᠤᠳᠠᠯᠳᠤᠭᠠᠨ ᠤ ᠨᠥᠭᠡᠴᠡᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ 2 ᠲᠦᠮᠡᠨ ᠲᠣᠨ ᠤ ᠨᠥᠭᠡᠴᠡᠯᠡᠬᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠪᠡ᠃ ᠤᠳᠤ ᠨᠢᠭᠡᠨᠲᠡ       1.74 ᠲᠦᠮᠡᠨ ᠲᠣᠨ ᠡᠯ᠎ᠡ ᠲᠥᠷᠥᠯ ᠤᠨ ᠬᠢᠮᠢ ᠶᠢᠨ ᠪᠣᠷᠳᠣᠭᠤᠷ ᠨᠥᠭᠡᠴᠡᠯᠡᠵᠦ᠂ ᠣᠷᠣᠨ ᠨᠤᠲᠤᠭ ᠠᠴᠠ ᠳᠠᠭᠠᠭᠠᠨ ᠨᠥᠭᠡᠴᠡᠯᠡᠬᠦ ᠡᠭᠦᠷᠭᠡ ᠶᠢᠨ  ᠬᠡᠮᠵᠢᠶ᠎ᠡ  ᠶᠢ ᠪᠠᠲᠤᠯᠠᠨ ᠠᠬᠢᠭᠤᠯᠪᠠ᠃      ᠭᠦᠭᠡᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶ᠎ᠠ ᠲᠠᠷᠢᠶᠠᠯᠠᠩ ᠤᠨ ᠮᠠᠲ᠋ᠧᠷᠢᠶᠠᠯ ᠤᠨ ᠶᠠᠰᠤ ᠴᠢᠨᠠᠷ ᠪᠠ ᠦᠨ᠎ᠡ ᠬᠠᠩᠰᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠪᠠᠷ ᠡᠯ᠎ᠡ ᠬᠤᠰᠢᠭᠤ ᠰᠢᠶᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠠᠷᠢᠶᠠᠯᠠᠩ  ᠤᠨ ᠮᠠᠲ᠋ᠧᠷᠢᠶᠠᠯ ᠤᠨ ᠡᠵᠡᠩᠨᠡᠯᠲᠡ ᠶᠢᠨ ᠨᠢᠭᠡᠴᠢ ᠪᠠ ᠳᠠᠭᠠᠭᠠᠨ ᠨᠥᠭᠡᠴᠡᠯᠡᠬᠦ ᠠᠵᠤ ᠠᠬᠤᠶᠢᠯᠠᠯ ᠢ ᠵᠢᠯᠤᠭᠤᠳᠴᠤ᠂ ᠲᠠᠷᠢᠶᠠᠯᠠᠩ ᠤᠨ ᠮᠠᠲ᠋ᠧᠷᠢᠶᠠᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠨ ᠬᠡᠮᠵᠢᠯᠲᠡ ᠶᠢ ᠴᠢᠩᠭᠠᠳᠬᠠᠨ᠂ ᠲᠠᠷᠢᠶᠠᠯᠠᠩ ᠤᠨ ᠮᠠᠲ᠋ᠧᠷᠢᠶᠠᠯ ᠤᠨ ᠠᠵᠤ ᠠᠬᠤᠶᠢᠯᠠᠯ ᠤᠨ ᠬᠤᠳᠠᠯᠳᠤᠨ ᠠᠪᠬᠤ ᠪᠠ ᠪᠣᠷᠣᠯᠠᠭᠤᠯᠬᠤ ᠠᠶᠢᠵᠠᠮ ᠢ ᠵᠦᠢ ᠵᠣᠬᠢᠰᠲᠠᠢ ᠡᠵᠡᠮᠳᠡᠵᠦ᠂ ᠯᠠᠪᠳᠠᠭᠤᠨ ᠲᠣᠭᠲᠠᠭᠤᠨ ᠢᠶᠠᠷ ᠡᠵᠡᠩᠨᠡᠬᠦ ᠶᠢ ᠬᠥᠲᠥᠯᠥᠨ ᠵᠢᠯᠣᠭᠤᠳᠪᠠ᠃ ᠡᠭᠦᠨ ᠤ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠲᠠᠷᠢᠶᠠᠯᠠᠩ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠲᠤ ᠬᠢᠨᠠᠯᠲᠠ ᠬᠠᠮᠢᠶᠠᠷᠤᠯᠲᠠ ᠬᠢᠵᠦ᠂ ᠲᠠᠷᠢᠶᠠᠯᠠᠩ ᠤᠨ ᠮᠠᠲ᠋ᠧᠷᠢᠶᠠᠯ ᠣᠷᠣᠭᠤᠯᠬᠤ ᠶᠠᠰᠤ ᠴᠢᠨᠠᠷ ᠢ ᠴᠢᠩᠭ᠎ᠠ ᠡᠵᠡᠮᠳᠡᠨ᠂ ᠬᠤᠳᠠᠯ ᠬᠠᠭᠤᠷᠮᠠᠭ ᠴᠢᠨᠠᠷ ᠮᠠᠭᠤ ᠲᠠᠷᠢᠶᠠᠯᠠᠩ  ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠵᠦ᠂ ᠲᠠᠷᠢᠶᠠᠴᠢᠳ ᠤᠨ ᠠᠰᠢᠭ ᠲᠤᠰᠠ ᠶᠢ ᠦᠨᠡᠨ ᠬᠦ ᠪᠠᠲᠤᠯᠠᠵᠤ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ