| ᠥᠪᠥᠷ ᠮᠣᠩᠭᠤᠯ ᠮᠦᠽᠧᠢ ᠶᠢᠨ ︽ᠨᠡᠭᠦᠳᠡᠯ ᠮᠦᠽᠧᠢ︾ ᠭᠤᠸ᠎ᠠ ᠰᠠᠶᠢᠬᠠᠨ ᠢᠶᠠᠷ ᠬᠥᠮᠥᠨ ᠢ ᠬᠥᠮᠥᠵᠢᠭᠦᠯᠬᠦ ᠴᠢᠳᠠᠮᠵᠢ ᠶᠢ ᠤᠯᠠᠮ ᠨᠢᠭᠡ ᠠᠯᠬᠤᠮ | ᠴᠢᠩᠭᠠᠷᠠᠭᠤᠯᠵᠤ᠂ ︽ᠲᠡᠦᠬᠡ ᠶᠢᠨ ᠳᠤᠷᠠᠰᠬᠠᠯᠲᠤ ᠵᠦᠢᠯᠡᠰ ᠤᠨ ᠳᠣᠲᠣᠷᠠᠬᠢ ᠳᠤᠮᠳᠠᠳᠤ ᠶᠢᠨ ᠭᠤᠸ᠎ᠠ ᠵᠦᠢ︾ ᠭᠡᠬᠦ ᠰᠢᠷᠢᠰ 24 ᠬᠢᠴᠢᠶᠡᠯ ᠭᠠᠷᠭᠠᠨ᠂ ᠣᠶᠢᠷ᠎ᠠ | ᠳᠤ ᠠᠩᠬᠠᠨ ᠤ ᠬᠢᠴᠢᠶᠡᠯ ᠢᠶᠠᠨ ᠭᠦᠭᠡᠬᠤᠳᠠ ᠶᠢᠨ ᠰᠦ᠋ ᠬᠤ᠋ ᠵᠡᠭᠡᠯᠢ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠣᠷᠣᠵᠤ᠂ ᠰᠤᠷᠤᠬᠴᠢᠳ ᠲᠤ ᠮᠦᠽᠧᠢ | ᠶᠢᠨ ᠡᠭᠦᠰᠦᠯ ᠪᠠ ᠬᠥᠭᠵᠢᠯᠲᠡ ᠶᠢᠨ ᠶᠠᠪᠤᠴᠠ ᠶᠢ ᠣᠶᠢᠯᠠᠭᠠᠭᠤᠯᠬᠤ ᠶᠢᠨ ᠬᠠᠮᠲᠤ᠂ ᠣᠳᠣ ᠦᠶ᠎ᠡ ᠶᠢᠨ ᠮᠦᠽᠧᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠠᠷᠭ᠎ᠠ ᠪᠠᠷᠢᠯ ᠢ ᠠᠰᠢᠭᠯᠠᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠰᠤᠳᠤᠯᠬᠤ᠂ ᠳᠡᠯᠭᠡᠨ ᠦᠵᠡᠭᠦᠯᠭᠦ ᠪᠠ ᠰᠤᠷᠭᠠᠨ ᠬᠥᠮᠥᠵᠢᠭᠦᠯᠬᠦ ᠵᠡᠷᠭᠡ | ᠴᠢᠬᠤᠯᠠ ᠴᠢᠳᠠᠮᠵᠢ ᠶᠢ ᠣᠶᠢᠯᠠᠭᠠᠭᠤᠯᠵᠠᠢ᠃ | ᠲᠣᠰ ᠰᠢᠷᠢᠰ ᠬᠢᠴᠢᠶᠡᠯ ᠨᠢ ᠥᠪᠥᠷ ᠮᠣᠩᠭᠤᠯ ᠮᠦᠽᠧᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠸ᠎ᠠ ᠵᠦᠢ ᠶᠢᠨ ᠥᠪᠡᠷᠮᠢᠴᠡ ᠦᠨ᠎ᠡ | ᠥᠷᠲᠡᠭ ᠢ ᠭᠦᠨᠵᠡᠭᠡᠢ ᠠᠭᠤᠳᠠᠯᠬᠤ ᠪᠠᠷ ᠳᠠᠮᠵᠢᠨ ᠳᠤᠮᠳᠠᠳᠤ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠯᠠᠭᠤᠴᠤᠳ | ᠪᠠᠭᠠᠴᠤᠳ ᠤᠨ ᠭᠤᠸ᠎ᠠ ᠲᠠᠭᠠᠰᠢᠶᠠᠯ ᠪᠠ ᠰᠣᠶᠣᠯ ᠢᠷᠭᠡᠨᠰᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠪᠠᠷ ᠵᠣᠷᠢᠯᠭ᠎ᠠ ᠪᠠᠨ ᠪᠣᠯᠭᠠᠵᠠᠢ᠃ ︽ᠲᠡᠦᠬᠡ ᠶᠢᠨ | ᠳᠤᠷᠠᠰᠬᠠᠯᠲᠤ ᠵᠦᠢᠯᠡᠰ ᠤᠨ ᠳᠣᠲᠣᠷᠠᠬᠢ ᠳᠤᠮᠳᠠᠳᠤ ᠶᠢᠨ ᠭᠤᠸ᠎ᠠ ᠵᠦᠢ︾ ᠶᠢᠨ ᠰᠢᠷᠢᠰ ᠬᠢᠴᠢᠶᠡᠯ ᠳᠤ ᠥᠪᠥᠷ ᠮᠣᠩᠭᠤᠯ ᠤᠨ ᠮᠦᠽᠧᠢ ᠳᠤ ᠬᠠᠳᠠᠭᠠᠯᠠᠵᠤ | ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠢ ᠰᠣᠩᠭᠤᠨ ᠲᠡᠦᠬᠡ᠂ ᠤᠷᠠᠯᠢᠭ᠂ ᠠᠷᠠᠳ ᠤᠨ ᠵᠠᠩ ᠦᠶᠯᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠡᠷᠭᠡ | ᠣᠯᠠᠨ ᠬᠦᠷᠢᠶ᠎ᠡ ᠶᠢ ᠬᠠᠮᠤᠷᠴᠤ᠂ ᠥᠪᠥᠷ ᠮᠣᠩᠭᠤᠯ ᠣᠷᠣᠨ ᠤ ᠣᠯᠠᠨ ᠡᠰᠢᠲᠦ ᠰᠣᠶᠣᠯ ᠤᠨ ᠪᠤᠶ ᠪᠣᠯᠤᠭᠰᠠᠨ ᠪᠠ ᠬᠥᠭᠵᠢᠭᠰᠡᠨ ᠢ ᠳᠡᠯᠭᠡᠨ ᠦᠵᠡᠭᠦᠯᠦᠨ᠎ᠡ᠃ | ᠪᠡᠶᠡᠴᠢᠯᠡᠨ ᠣᠶᠢᠯᠠᠭᠠᠬᠤ᠂ ᠰᠦᠪᠡᠭᠴᠢᠯᠡᠨ ᠰᠤᠳᠤᠯᠬᠤ᠂ ᠲᠣᠭᠯᠠᠭᠠᠮ᠂ ᠲᠣᠬᠯᠠᠯᠲᠠ ᠪᠠ ᠰᠣᠨᠢᠷᠬᠠᠬᠤ ᠵᠡᠷᠭᠡ ᠣᠯᠠᠨ ᠵᠦᠢᠯ ᠤᠨ ᠰᠤᠷᠭᠠᠨ ᠬᠥᠮᠦᠵᠢᠯ ᠤᠨ ᠠᠷᠭ᠎ᠠ | ᠪᠠᠷ ᠰᠤᠷᠤᠬᠴᠢᠳ ᠤᠨ ᠰᠤᠷᠤᠯᠴᠠᠬᠤ ᠳᠤᠷ᠎ᠠ ᠰᠣᠨᠢᠷᠬᠠᠯ ᠢ ᠬᠥᠭᠵᠢᠭᠡᠵᠦ᠂ ᠲᠡᠳᠡᠨ ᠤ ᠰᠢᠨ᠎ᠡ ᠶᠢ ᠡᠭᠦᠳᠬᠦ ᠰᠡᠳᠬᠢᠬᠦᠢ ᠪᠠ ᠦᠢᠯᠡᠳᠦᠯᠭᠡ ᠶᠢᠨ ᠴᠢᠳᠠᠪᠤᠷᠢ ᠶᠢ | ᠭᠦᠮᠦᠵᠢᠭᠦᠯᠦᠨ᠎ᠡ᠃ ᠥᠩᠭᠡ ᠪᠤᠳᠤᠭ᠂ ᠬᠡ ᠤᠭᠠᠯᠵᠠ᠂ ᠳᠦᠷᠰᠦ ᠪᠦᠲᠦᠭᠡᠯᠲᠡ᠂ ᠴᠢᠮᠡᠭᠯᠡᠯ ᠵᠡᠷᠭᠡ 10 ᠲᠠᠯ᠎ᠠ ᠠᠴᠠ ᠲᠡᠦᠬᠡ ᠶᠢᠨ ᠳᠤᠷᠠᠰᠬᠠᠯᠲᠤ ᠵᠦᠢᠯᠡᠰ ᠪᠠ | ᠰᠣᠶᠣᠯ ᠤᠨ ᠭᠤᠸ᠎ᠠ ᠵᠦᠢ ᠶᠢᠨ ᠠᠭᠤᠯᠤᠭᠳᠠᠬᠤᠨ ᠢ ᠰᠢᠰᠲ᠋ᠧᠮ ᠲᠠᠢ ᠳᠡᠯᠭᠡᠨ ᠦᠵᠡᠭᠦᠯᠵᠦ᠂ ᠵᠠᠯᠠᠭᠤ ᠪᠠᠭᠠᠴᠤᠳ ᠲᠤ ᠡᠷᠲᠡᠨ ᠤ ᠤᠷᠠᠯᠢᠭ ᠤᠨ ᠭᠤᠶᠢᠳᠠ | ᠰᠠᠶᠢᠬᠠᠨ ᠪᠠ ᠥᠪᠡᠷᠮᠢᠴᠡ ᠣᠨᠴᠠᠯᠢᠭ ᠢ ᠪᠦᠭᠦ ᠲᠠᠯ᠎ᠠ ᠪᠠᠷ ᠣᠶᠢᠯᠠᠭᠠᠭᠤᠯᠬᠤ ᠪᠠᠷ ᠪᠤᠢ᠃ ᠪᠠᠰᠠ ᠲᠡᠦᠬᠡ᠂ ᠤᠷᠠᠯᠢᠭ᠂ ᠤᠳᠬ᠎ᠠ ᠵᠣᠬᠢᠶᠠᠯ ᠵᠡᠷᠭᠡ ᠣᠯᠠᠨ | ᠰᠢᠨᠵᠢᠯᠡᠭᠡᠨ ᠤ ᠮᠡᠳᠡᠯᠭᠡ ᠲᠠᠢ ᠤᠶᠠᠯᠳᠤᠭᠤᠯᠤᠨ᠂ ᠡᠯᠪᠡᠭ ᠪᠠᠶᠠᠯᠢᠭ ᠵᠢᠭᠠᠨ ᠰᠤᠷᠭᠠᠯᠲᠠ ᠶᠢᠨ ᠭᠡᠯᠪᠡᠷᠢ ᠪᠠᠷ ᠵᠠᠯᠠᠭᠤᠴᠤᠳ ᠪᠠᠭᠠᠴᠤᠳ ᠲᠤ ᠳᠤᠮᠳᠠᠳᠤ ᠶᠢᠨ | ᠭᠤᠸ᠎ᠠ ᠰᠠᠶᠢᠬᠠᠨ ᠤ ᠤᠬᠠᠭᠠᠨ ᠤ ᠥᠷᠭᠡᠨ ᠳᠡᠯᠭᠡᠷ ᠭᠦᠨ ᠭᠦᠨᠵᠡᠭᠡᠢ ᠶᠢ ᠮᠡᠳᠡᠷᠡᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ | ᠬᠥᠲᠥᠯᠥᠨ ᠳᠠᠭᠠᠭᠤᠯᠬᠤ ᠶᠢ ᠪᠠᠷᠢᠮᠲᠠᠯᠠᠨ᠂ ᠭᠤᠸ᠎ᠠ ᠰᠠᠶᠢᠬᠠᠨ ᠢᠶᠠᠷ ᠬᠥᠮᠥᠨ ᠢ ᠬᠥᠮᠥᠵᠢᠭᠦᠯᠵᠦ᠂ ᠭᠤᠸ᠎ᠠ ᠰᠠᠶᠢᠬᠠᠨ ᠢᠶᠠᠷ ᠬᠥᠮᠥᠨ ᠢ ᠴᠢᠮᠡᠵᠦ᠂ ᠵᠠᠯᠠᠭᠤᠴᠤᠳ | ᠪᠠᠭᠠᠴᠤᠳ ᠤᠨ ᠰᠠᠶᠢᠨ ᠰᠠᠶᠢᠬᠠᠨ ᠤᠶᠤᠨ ᠰᠠᠨᠠᠭ᠎ᠠ ᠶᠢ ᠱᠤᠭᠤᠵᠤ᠂ ᠰᠣᠶᠣᠯ ᠤᠨ ᠢᠲᠡᠭᠡᠯ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ ᠪᠣᠯᠣᠨ᠎ᠠ᠃ | | | |