ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭ᠎ᠠ ᠶᠢᠨ ᠪᠦᠭᠦᠳᠡ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ  ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ  ᠲᠦᠷᠦ ᠶᠢᠨ ᠶᠠᠪᠤᠳᠠᠯ ᠤᠨ ᠬᠤᠷᠢᠶᠠᠨ ᠤ 2025 ᠣᠨ ᠤ ᠭᠤᠣᠯᠳᠠᠯᠭ᠎ᠠ ᠪᠣᠯᠬᠤ ᠠᠵᠢᠯ ᠢ ᠨᠠᠶᠢᠳᠠᠪᠤᠷᠢᠵᠢᠭᠤᠯᠬᠤ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2025/3/18
      ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 14 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭ᠎ᠠ ᠶᠢᠨ ᠪᠦᠬᠦᠳᠡ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ 2025 ᠣᠨ ᠤ ᠭᠤᠣᠯᠳᠠᠯᠭ᠎ᠠ ᠪᠣᠯᠬᠤ ᠠᠵᠢᠯ ᠢ ᠨᠠᠶᠢᠳᠠᠪᠤᠷᠢᠵᠢᠭᠤᠯᠬᠤ ᠪᠠᠶᠢᠷᠢᠯᠠᠭᠤᠯᠤᠯᠲᠠ ᠬᠢᠪᠡ᠃    ᠯᠢ ᠴᠢᠶᠠᠩ ᠵᠢᠭᠠᠵᠤ ᠭᠠᠷᠭᠠᠬᠤ ᠳᠤ ᠪᠠᠨ᠂ ᠲᠣᠰ ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠡᠬᠢᠨ ᠢᠶᠠᠷ ︽ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠬᠤ ᠬᠡᠷᠡᠭᠵᠢᠭᠦᠯᠦᠭᠴᠢ᠂ ᠠᠵᠢᠯᠯᠠᠭᠠᠲᠠᠨ᠂ ᠰᠢᠷᠭᠠᠭᠤ ᠠᠵᠢᠯᠯᠠᠭᠴᠢ ᠪᠣᠯᠣᠨ᠎ᠠ︾ ᠭᠡᠵᠦ ᠲᠣᠳᠣᠷᠬᠠᠢ ᠳᠤᠷᠠᠳᠤᠨ ᠭᠠᠷᠭᠠᠪᠠ᠃ ᠡᠨᠡ ᠬᠦ ᠪᠠᠶᠢᠷᠢ ᠲᠣᠭᠲᠠᠭᠠᠯᠲᠠ ᠪᠣᠯ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠣᠷᠣᠰᠢᠨ ᠲᠣᠭᠲᠠᠨᠢᠬᠤ ᠶᠢᠨ ᠦᠨᠳᠦᠰᠦ ᠮᠥᠷᠲᠡᠭᠡᠨ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠬᠠᠮᠤᠭ ᠤᠨ ᠢᠯᠡ ᠲᠣᠳᠣ ᠲᠡᠮᠳᠡᠭ ᠮᠥᠨ ᠪᠣᠯᠬᠤ ᠶᠢ ᠬᠤᠶᠠᠷ ᠵᠢᠯ ᠤᠨ ᠲᠤᠷᠰᠢᠬᠢ ᠦᠢᠯᠡᠳᠦᠯᠭᠡ ᠪᠢᠳᠡᠨ ᠳᠤ ᠭᠦᠨᠵᠡᠭᠡᠢ ᠣᠶᠢᠯᠠᠭᠠᠭᠤᠯᠵᠠᠢ᠃ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠪᠢᠳᠡᠨ ᠳᠤ ᠲᠤᠯᠭᠠᠷᠠᠭᠰᠠᠨ ᠪᠠᠶᠢᠳᠠᠯ ᠨᠡᠩ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ᠂ ᠡᠭᠦᠷᠭᠡ ᠨᠡᠩ ᠪᠡᠷᠬᠡ ᠬᠠᠲᠠᠭᠤᠵᠢᠯᠲᠠᠢ ᠪᠥᠭᠡᠳ ᠨᠦᠰᠡᠷ ᠬᠦᠨᠳᠦ ᠪᠣᠯᠣᠨ᠎ᠠ᠂ ᠡᠭᠦᠷᠭᠡ ᠬᠠᠷᠢᠭᠤᠴᠠᠯᠭ᠎ᠠ ᠪᠠᠨ ᠴᠢᠨᠠᠭᠰᠢᠳᠠ ᠤᠯᠠᠮ ᠰᠠᠶᠢᠲᠤᠷ ᠭᠦᠢᠴᠡᠳᠬᠡᠬᠦ ᠳᠤ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠡᠩ ᠡᠷᠡᠰ ᠪᠠᠲᠤ ᠨᠡᠩ ᠤᠬᠠᠮᠰᠠᠷ ᠠᠴᠠ ᠪᠠᠨ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠤᠰᠢᠭᠤ ᠱᠠᠯᠠᠮᠠᠭᠠᠢ ᠭᠦᠢᠴᠡᠳᠭᠡᠭᠴᠢ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠠᠵᠢᠯᠯᠠᠭᠠᠲᠠᠨ᠂ ᠬᠢᠵᠦ ᠪᠦᠲᠦᠭᠡᠬᠦ ᠳᠤ ᠪᠠᠨ ᠴᠢᠳᠠᠮᠠᠭᠠᠢ ᠰᠢᠷᠭᠠᠭᠤ ᠠᠵᠢᠯᠯᠠᠭᠴᠢ ᠪᠣᠯᠬᠤ ᠬᠡᠷᠡᠭᠲᠡᠢ ᠭᠡᠵᠡᠢ᠃ 
TT0318.jpg
     3 ᠳ᠋ᠤᠭᠠᠷ ᠰᠠᠷ᠎ᠠ ᠶᠢᠨ 14 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ 2025 ᠣᠨ ᠤ ᠭᠤᠣᠯᠳᠠᠯᠭ᠎ᠠ ᠪᠣᠯᠬᠤ ᠠᠵᠢᠯ ᠢ ᠨᠠᠶᠢᠳᠠᠪᠤᠷᠢᠵᠢᠭᠤᠯᠬᠤ ᠪᠠᠶᠢᠷᠢᠯᠠᠭᠤᠯᠤᠯᠲᠠ ᠬᠢᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ    ᠯᠢ ᠴᠢᠶᠠᠩ ᠵᠢᠭᠠᠵᠤ ᠭᠠᠷᠭᠠᠬᠤ ᠳᠤ ᠪᠠᠨ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠦᠨᠳᠦᠰᠦᠨ ᠪᠣᠳᠣᠯᠭ᠎ᠠ ᠴᠢᠭᠯᠡᠯᠲᠡ ᠶᠢ ᠦᠨᠳᠦᠰᠦᠯᠡᠨ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠪᠣᠳᠠᠲᠠᠢ ᠲᠣᠬᠢᠷᠠᠭᠤᠯᠪᠠ᠃ ᠣᠳᠣᠬᠠᠨ ᠳᠤ ᠬᠠᠷᠠᠯᠲᠠ ᠡᠭᠦᠷᠭᠡ ᠲᠣᠳᠣᠷᠬᠠᠢ ᠪᠣᠯᠪᠠ᠂ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠂ ᠣᠨᠴᠠᠭᠠᠶᠢᠯᠠᠨ ᠠᠵᠢᠯ ᠤᠨ ᠭᠠᠷᠳᠠᠴᠠ ᠪᠠᠨ ᠣᠨᠣᠪᠴᠢᠲᠠᠢ ᠣᠯᠵᠤ᠂ ᠬᠦᠴᠦ ᠪᠠᠨ ᠲᠥᠪᠯᠡᠷᠡᠭᠦᠯᠦᠨ ᠬᠥᠲᠥᠯᠬᠦ ᠴᠢᠨᠠᠷ ᠪᠠ ᠳᠠᠶᠢᠴᠢᠯᠠᠬᠤ ᠴᠢᠨᠠᠷ ᠢᠶᠠᠷ ᠴᠢᠩᠭ᠎ᠠ ᠭᠤᠣᠯᠳᠠᠯᠭ᠎ᠠ ᠪᠣᠯᠬᠤ ᠵᠦᠢᠯᠡᠰ ᠢ ᠰᠠᠶᠢᠲᠤᠷ ᠠᠳᠬᠤᠵᠤ᠂ ᠲᠡᠭᠦᠨ ᠤ ᠬᠥᠭᠵᠢᠯᠲᠡ ᠶᠢᠨ ᠪᠦᠬᠦ ᠲᠠᠯ᠎ᠠ ᠳᠤ ᠦᠵᠡᠭᠦᠯᠬᠦ ᠳᠠᠶᠢᠴᠢᠯᠠᠬᠤ ᠪᠠ ᠠᠬᠢᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃ ᠨᠢᠭᠡ ᠳᠤ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ ᠬᠡᠷᠡᠭᠵᠢᠭᠦᠯᠦᠨ᠎ᠡ᠂ ᠬᠤᠶᠠᠷ ᠲᠤ ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠤᠨ᠎ᠠ᠂ ᠭᠤᠷᠪᠠ ᠳᠤ ︽ᠵᠣᠬᠢᠶᠠᠮᠠᠯ ᠣᠶᠤᠨ +︾ ᠠᠵᠢᠯᠯᠠᠭᠠᠨ ᠢ ᠬᠡᠷᠡᠭᠵᠢᠭᠦᠯᠦᠨ᠎ᠡ᠂ ᠳᠥᠷᠪᠡ ᠳᠤ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠂ ᠲᠠᠪᠤ ᠳᠤ ᠬᠥᠮᠥᠨ ᠢᠶᠠᠷ ᠦᠨᠳᠦᠰᠦ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠠᠬᠢᠭᠤᠯᠤᠨ᠎ᠠ᠂ ᠵᠢᠷᠭᠤᠭ᠎ᠠ ᠳᠤ ᠳᠡᠭᠡᠳᠦ ᠮᠡᠷᠭᠡᠰᠢᠯᠲᠦ ᠴᠢᠳᠠᠪᠤᠷᠢᠲᠠᠨ ᠬᠥᠮᠥᠵᠢᠭᠦᠯᠬᠦ ᠪᠠᠨ ᠴᠢᠩᠭᠠᠳᠬᠠᠨ᠎ᠠ᠂ ᠳᠣᠯᠤᠭ᠎ᠠ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠶᠢ ᠰᠠᠶᠢᠲᠤᠷ ᠠᠳᠬᠤᠨ᠎ᠠ᠃ ᠡᠭᠦᠨ ᠤ ᠵᠡᠷᠭᠡ ᠳᠤ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ ᠢᠳᠡᠪᠬᠢᠲᠡᠢ ᠪᠠᠷ ᠲᠣᠭᠲᠠᠪᠤᠷᠢᠵᠢᠭᠤᠯᠵᠤ᠂ ᠭᠠᠳᠠᠭᠠᠳᠤ ᠶᠢᠨ ᠳᠠᠭᠠᠷᠢᠯᠲᠠ ᠶᠢ ᠪᠦᠲᠦᠮᠵᠢᠲᠡᠶ ᠪᠠᠷ ᠠᠷᠭᠠᠴᠠᠭᠠᠬᠤ ᠬᠡᠷᠡᠭᠲᠡᠢ ᠭᠡᠵᠡᠢ᠃    ᠯᠢ ᠴᠢᠶᠠᠩ ᠵᠢᠭᠠᠵᠤ ᠭᠠᠷᠭᠠᠭᠰᠠᠨ ᠨᠢ᠂ ᠡᠨᠡ ᠵᠢᠯ ᠤᠨ ᠪᠠᠶᠢᠳᠠᠯ ᠪᠠ ᠡᠭᠦᠷᠭᠡ ᠶᠢᠨ ᠣᠨᠴᠠᠯᠢᠭ ᠲᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠪᠠ ᠵᠠᠬ᠎ᠠ ᠳᠡᠯᠭᠡᠭᠦᠷ ᠤᠨ ᠬᠦᠴᠦᠨ ᠤ ᠰᠠᠶᠢᠨ ᠦᠢᠯᠡᠳᠦᠯᠴᠡᠬᠦ᠂ ᠬᠠᠮᠵᠢᠯᠴᠠᠨ ᠬᠦᠴᠦᠯᠡᠬᠦ ᠶᠢ ᠰᠡᠷᠭᠦᠭᠡᠬᠦ ᠪᠠᠨ ᠨᠡᠩ ᠴᠢᠬᠤᠯᠠᠴᠢᠯᠠᠬᠤ ᠬᠡᠷᠡᠭᠲᠡᠢ᠃ ᠨᠡᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠬᠠᠤᠯᠢᠵᠢᠯ ᠪᠠ ᠢᠲᠡᠭᠡᠮᠵᠢ ᠶᠢᠨ ᠣᠷᠴᠢᠨ ᠨᠥᠬᠦᠴᠡᠯ ᠢ ᠲᠡᠭᠦᠯᠳᠡᠷᠵᠢᠭᠦᠯᠦᠨ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠲᠠᠶᠢᠴᠢᠯᠠᠨ᠎ᠠ᠃ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠦᠨᠡᠨ ᠬᠦ ᠰᠠᠬᠢᠵᠤ᠂ ᠨᠡᠩ ᠥᠨᠳᠥᠷ ᠪᠠᠷᠢᠮᠵᠢᠶ᠎ᠠ ᠱᠤᠭᠤᠮ ᠳᠤ ᠬᠦᠷᠬᠦ ᠪᠠᠷ ᠴᠢᠷᠮᠠᠶᠢᠨ ᠬᠥᠭᠡᠭᠡᠴᠡᠯᠳᠦᠬᠦ ᠬᠡᠷᠡᠭᠲᠡᠢ᠃ ᠠᠮᠤᠷ ᠲᠣᠭᠲᠠᠭᠤᠨ ᠵᠡᠷᠭᠡ ᠶᠢ ᠪᠠᠲᠤᠯᠠᠬᠤ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠬᠠᠮᠲᠤ᠂ ᠨᠡᠩ ᠥᠨᠳᠥᠷ ᠬᠠᠷᠠᠯᠲᠠ ᠬᠥᠭᠡᠭᠡᠴᠡᠯᠳᠦᠯ ᠪᠠ ᠠᠵᠢᠯ ᠤᠨ ᠪᠠᠷᠢᠮᠵᠢᠶ᠎ᠠ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠵᠡᠷᠭᠡ ᠲᠠᠯ᠎ᠠ ᠳᠤ ᠨᠡᠩ ᠶᠡᠭᠡ ᠦᠷ᠎ᠡ ᠪᠦᠲᠦᠮᠵᠢ ᠣᠯᠵᠤ᠂ ᠨᠡᠩ ᠤᠯᠠᠨ ᠰᠢᠪᠲᠤᠯᠬᠤ ᠴᠢᠨᠠᠷᠲᠠᠢ᠂ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠡᠭᠦᠳᠬᠦ ᠬᠡᠷᠡᠭᠲᠡᠢ᠃    ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠡᠭᠡᠷ᠎ᠡ ᠦᠭᠡ ᠬᠡᠯᠡᠪᠡ᠃    ᠲᠦᠷᠦ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯᠳᠤᠭᠠᠨ ᠤ ᠪᠦᠷᠢᠯᠳᠦᠭᠦᠨ ᠨᠠᠷ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ