ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 17 ᠤ ᠴᠠᠭᠢᠯᠭᠠᠨ ᠮᠡᠳᠡᠭᠡ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ ︽ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ︽ᠮᠡᠳᠡᠭᠳᠡᠯ︾ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ | ᠦᠭᠡᠢ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠠᠬᠢᠭᠤᠯᠬᠤ ᠶᠢᠨ ᠲᠥᠯᠥᠭᠡ ᠨᠠᠮ ᠤᠨ | ᠲᠥᠪ ᠬᠤᠷᠢᠶ᠎ᠠ ᠪᠠᠷ ᠵᠥᠪᠰᠢᠶᠡᠷᠡᠭᠦᠯᠦᠭᠡᠳ᠂ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠥᠷᠨᠢᠭᠦᠯᠦᠨ᠎ᠡ ︵ᠳᠣᠷᠣᠭᠰᠢ ︽ᠰᠤᠷᠤᠯᠴᠠᠯᠭ᠎ᠠ ᠬᠥᠮᠦᠵᠢᠯ︾ ᠭᠡᠵᠦ ᠲᠣᠪᠴᠢᠯᠠᠨ᠎ᠠ︶᠃ ᠰᠤᠷᠤᠯᠴᠠᠯᠭ᠎ᠠ ᠬᠥᠮᠦᠵᠢᠯ ᠢ 2025 | ᠣᠨ ᠤ ᠪᠦᠭᠦ ᠤᠯᠤᠰ ᠤᠨ ᠬᠤᠶᠠᠷ ᠬᠤᠷᠠᠯ ᠤᠨ ᠳᠠᠷᠠᠭ᠎ᠠ ᠡᠬᠢᠯᠡᠭᠦᠯᠵᠦ᠂ 7 ᠰᠠᠷ᠎ᠠ ᠶᠢᠨ ᠰᠡᠭᠦᠯᠴᠢ ᠠᠴᠠ ᠡᠮᠦᠨ᠎ᠡ ᠦᠨᠳᠦᠰᠦᠨ ᠳᠡᠭᠡᠨ ᠳᠠᠭᠤᠰᠬᠠᠨ᠎ᠠ ᠭᠡᠵᠦ | ᠵᠢᠭᠠᠵᠤ ᠭᠠᠷᠭᠠᠪᠠ᠃ | ︽ᠮᠡᠳᠡᠭᠳᠡᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠨᠠᠮ ᠢ | ᠵᠣᠬᠢᠶᠠᠨ ᠪᠠᠶᠢᠭᠤᠯᠵᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ | ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠰᠤᠷᠤᠯᠴᠠᠨ ᠣᠶᠢᠯᠠᠭᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠠᠳ ᠣᠯᠣᠭᠰᠠᠨ ᠢᠯᠡᠳᠲᠡ ᠠᠮᠵᠢᠯᠲᠠ ᠪᠦᠲᠦᠮᠵᠢ ᠶᠢ ᠰᠢᠰᠲ᠋ᠧᠮ ᠲᠠᠢ ᠳ᠋ᠦᠩᠨᠡᠵᠦ᠂ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠵᠤ᠂ ᠰᠤᠷᠲᠠᠯ ᠠᠴᠠ ᠪᠣᠯᠤᠭᠰᠠᠨ ᠢᠯᠵᠢᠷᠡᠯ ᠤᠨ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠦᠨ ᠬᠥᠮᠥᠵᠢᠭᠦᠯᠬᠦ ᠶᠢ ᠴᠢᠩᠭᠠᠳᠬᠠᠵᠤ᠂ ᠨᠠᠮ ᠤᠨ | ᠭᠡᠰᠢᠭᠦᠨ᠂ ᠺᠠᠳ᠋ᠷ ᠤᠨ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠨᠠᠮ ᠤᠨ ᠭᠡᠰᠢᠭᠦᠨ ᠪᠠ ᠣᠯᠠᠨ | ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠨᠠᠮ ᠤᠨ ᠲᠡᠷᠢᠭᠦᠨ ᠤ | ᠴᠢᠨᠠᠷ ᠴᠡᠪᠡᠷ ᠴᠢᠨᠠᠷ ᠢ ᠪᠠᠲᠤᠯᠠᠵᠤ᠂ ᠠᠷᠠᠳ ᠣᠯᠠᠨ ᠤ ᠢᠲᠡᠭᠡᠯ ᠬᠦᠷᠢᠶᠡᠯᠡᠯ ᠢ ᠲᠠᠰᠤᠷᠠᠯᠲᠠ ᠦᠭᠡᠢ ᠣᠯᠬᠤ ᠶᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠦ ᠪᠠᠲᠤᠯᠠᠭ᠎ᠠ ᠬᠠᠩᠭᠠᠬᠤ ᠶᠢ | ᠬᠥᠲᠥᠯᠥᠨ ᠵᠢᠯᠤᠭᠤᠳᠬᠤ ᠬᠡᠷᠡᠭᠲᠡᠢ ᠭᠡᠵᠦ ᠲᠣᠳᠣᠷᠬᠠᠶᠢᠯᠠᠪᠠ᠃ | ︽ᠮᠡᠳᠡᠭᠳᠡᠯ︾ ᠳᠤ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠬᠦ᠂ ᠲᠥᠭᠦᠮ ᠠᠪᠰᠠᠷᠬᠠᠨ ᠪᠥᠭᠡᠳ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ | ᠪᠦᠯᠦᠭ ᠤᠳᠠᠭ᠎ᠠ ᠬᠤᠪᠢᠶᠠᠬᠤ ᠦᠭᠡᠢ᠂ ᠱᠠᠲᠤ ᠦᠶ᠎ᠡ ᠬᠤᠪᠢᠶᠠᠬᠤ ᠦᠭᠡᠢ ᠪᠠᠷ ᠰᠤᠷᠤᠯᠴᠠᠬᠤ ᠪᠠᠶᠢᠴᠠᠭᠠᠨ ᠵᠠᠯᠠᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ | ᠡᠳᠦᠷ ᠲᠤᠲᠤᠮ ᠤᠨ ᠠᠵᠢᠯ ᠳᠠᠭᠠᠨ ᠠᠭᠤᠰᠬᠠᠵᠤ᠂ ᠪᠠᠶᠢᠩᠭᠤ ᠠᠳᠬᠤᠬᠤ ᠬᠡᠷᠡᠭᠲᠡᠢ᠃ ᠰᠤᠷᠤᠯᠴᠠᠵᠥ ᠰᠤᠳᠤᠯᠤᠨ ᠶᠠᠷᠢᠯᠴᠠᠬᠤ ᠳᠠᠭᠠᠨ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠣᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ | ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠵᠥ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠭᠰᠠᠨ ᠦᠷ᠎ᠡ ᠪᠦᠲᠦᠮᠵᠢ ᠪᠣᠯᠣᠨ ᠲᠤᠷᠰᠢᠯᠭ᠎ᠠ ᠶᠢ ᠳ᠋ᠦᠩᠨᠡᠨ ᠰᠤᠷᠤᠯᠴᠠᠵᠥ᠂ ᠲᠠᠨᠢᠯᠲᠠ ᠪᠠᠨ ᠳᠡᠭᠡᠭᠰᠢᠯᠡᠭᠦᠯᠦᠨ᠂ ᠢᠲᠡᠭᠡᠯ ᠢᠶᠠᠨ ᠨᠡᠮᠡᠭᠳᠡᠭᠦᠯᠵᠦ᠂ | ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢ ᠪᠠᠶᠢᠴᠠᠭᠠᠨ ᠳᠡᠯᠭᠡᠬᠦ ᠳᠡᠭᠡᠨ ᠪᠠᠷᠢᠮᠵᠢᠶᠠᠯᠠᠨ | ᠬᠠᠷᠭᠤᠭᠤᠯᠵᠤ ᠪᠠᠶᠢᠴᠠᠭᠠᠨ ᠳᠡᠯᠭᠡᠬᠦ ᠪᠠᠷ ᠳᠠᠮᠵᠢᠭᠤᠯᠤᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ | ᠬᠢᠨᠠᠨ ᠪᠤᠳᠤᠵᠤ ᠬᠢᠨᠠᠯᠲᠠ ᠲᠠᠯᠪᠢᠬᠤ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ᠂ ᠱᠠᠯᠠᠪᠳᠠᠭᠤᠯᠤᠨ ᠪᠠᠶᠢᠴᠠᠭᠠᠬᠤ᠂ ᠪᠠᠶᠢᠴᠠᠭᠠᠨ ᠰᠤᠳᠤᠯᠬᠤ᠂ ᠵᠠᠬᠢᠳᠠᠯ | ᠰᠤᠷᠪᠤᠯᠵᠢᠯᠠᠯ ᠢᠶᠠᠷ ᠲᠤᠰᠬᠠᠬᠤ ᠵᠡᠷᠭᠡ ᠠᠷᠭ᠎ᠠ ᠵᠠᠮ ᠢ ᠭᠦᠢᠴᠡᠳ ᠬᠡᠷᠡᠭᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ | ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠭᠦ ᠲᠠᠯ᠎ᠠ ᠪᠠᠷ ᠭᠦᠨᠵᠡᠭᠡᠢ ᠪᠠᠶᠢᠴᠠᠭᠠᠨ ᠡᠷᠢᠬᠦ ᠬᠡᠷᠡᠭᠲᠡᠢ᠃ | ᠲᠥᠪᠯᠡᠷᠡᠭᠦᠯᠦᠨ ᠴᠡᠭᠴᠡᠯᠡᠨ ᠵᠠᠰᠠᠬᠤ ᠳᠤ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠬᠦ᠂ ᠶᠠᠮᠠᠷ ᠠᠰᠠᠭᠤᠳᠠᠯ ᠲᠣᠪᠣᠶᠢᠮ᠎ᠠ ᠪᠠᠶᠢᠪᠠᠯ ᠲᠡᠷᠡ | ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠲᠡᠷᠡ ᠳᠠᠷᠤᠢ ᠳᠤᠨᠢ ᠪᠠᠶᠢᠴᠠᠭᠠᠵᠤ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂ | ᠮᠡᠳᠡᠭᠰᠡᠨ ᠳᠠᠷᠤᠢ ᠳᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠭᠦᠳᠡ ᠪᠠᠨ ᠨᠡᠭᠡᠭᠡᠬᠦ ᠬᠥᠮᠦᠵᠢᠯ ᠨᠢ ᠤᠯᠠᠨ ᠲᠦᠮᠡᠨ ᠤ ᠣᠷᠤᠯᠴᠠᠯᠭ᠎ᠠ ᠶᠢ ᠴᠢᠬᠤᠯᠠᠴᠢᠯᠠᠵᠤ᠂ | ᠤᠯᠠᠨ ᠲᠦᠮᠡᠨ ᠤ ᠬᠢᠨᠠᠯᠲᠠ ᠶᠢ ᠬᠦᠯᠢᠶᠡᠬᠦ ᠬᠡᠷᠡᠭᠲᠡᠢ᠂ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ | ᠱᠤᠭᠤᠮ ᠢᠶᠠᠷ ᠰᠠᠶᠢᠲᠤᠷ ᠵᠠᠮᠨᠠᠵᠤ᠂ ᠨᠠᠮ ᠤᠨ ᠭᠡᠰᠢᠭᠦᠨ᠂ ᠺᠠᠳ᠋ᠷ ᠢ ᠵᠣᠬᠢᠶᠠᠨ ᠪᠠᠶᠢᠭᠤᠯᠵᠤ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ ᠶᠢ ᠪᠡᠶᠡᠯᠡᠭᠦᠯᠬᠦ ᠳᠤᠮᠳᠠ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠤᠯᠠᠨ ᠲᠦᠮᠡᠨ ᠳᠤ ᠦᠢᠯᠡᠴᠢᠯᠡᠵᠦ᠂ ᠤᠯᠠᠨ ᠲᠦᠮᠡᠨ ᠳᠤ ᠲᠠᠭᠠᠰᠢᠶᠠᠭᠳᠠᠬᠤ ᠪᠤᠯᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | ︽ᠮᠡᠳᠡᠭᠳᠡᠯ︾ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ | ᠨᠢᠭᠡᠴᠢ ᠶᠢᠨ ᠢᠶᠠᠨ ᠰᠤᠷᠤᠯᠴᠠᠯᠭ᠎ᠠ ᠬᠥᠮᠦᠵᠢᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ | ᠭᠤᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠡᠭᠦᠷᠭᠡᠯᠡᠵᠦ᠂ ᠭᠤᠣᠯ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠨᠠᠷᠢᠨ | ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠦᠷᠦᠯ ᠬᠤᠪᠢᠶᠠᠨ ᠵᠢᠯᠤᠭᠤᠳᠬᠤ ᠪᠠᠨ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ | ᠰᠠᠶᠢᠲᠤᠷ ᠬᠢᠵᠦ᠂ ᠬᠡᠯᠪᠡᠷᠢᠴᠢ ᠦᠵᠡᠯ ᠢ ᠡᠷᠡᠰ ᠡᠰᠡᠷᠭᠦᠴᠡᠬᠦ ᠬᠡᠷᠡᠭᠲᠡᠢ ᠭᠡᠵᠦ ᠱᠠᠭᠠᠷᠳᠠᠪᠠ᠃ | |