ᠪᠣᠣ ᠭᠠᠩ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ ᠤᠨ ᠶᠡᠷᠦᠩᠬᠡᠢ ᠳᠠᠭᠠᠭᠠᠮᠠᠯ ᠪᠠᠢ ᠶᠦᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2025/3/19
      ︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ ᠤᠨ ᠶᠡᠷᠦᠩᠬᠡᠢ ᠳᠠᠭᠠᠭᠠᠮᠠᠯ ᠪᠠᠢ ᠶᠦᠩ ᠲᠠᠢ ᠠᠭᠤᠯᠵᠠᠪᠠ᠃      ᠠᠭᠤᠯᠵᠠᠯᠳᠠ ᠳᠤ᠂ ᠬᠤᠶᠠᠷ ᠲᠠᠯ᠎ᠠ ᠪᠠᠷ ᠢᠶᠠᠨ ᠬᠥᠬᠡᠬᠤᠲᠠ ᠪᠣᠯᠤᠨ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ ᠤᠨ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠬᠥᠬᠡᠬᠤᠲᠠ ᠳᠤ ᠪᠦᠳᠦᠭᠡᠨ ᠪᠠᠶᠢᠭᠤᠯᠤᠭᠰᠠᠨ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠨᠢ ᠠᠵᠤ ᠠᠬᠤᠶᠢᠯᠠᠯ ᠤᠨ ᠠᠵᠢᠯ ᠲᠦᠷᠦᠯ ᠤᠨ ᠰᠢᠨ᠎ᠡ ᠬᠡᠪ ᠳᠠᠭᠤᠷᠢᠶᠠᠯ ᠢ ᠡᠭᠦᠳᠬᠦ᠂ ᠣᠷᠣᠨ ᠤ ᠲᠥᠪ ᠬᠤᠲᠠ ᠶᠢᠨ ᠮᠢᠩᠭᠠᠨ ᠳ᠋ᠦᠩᠰᠢᠭᠤᠷ ᠲᠡᠰ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠭᠡᠮᠨᠡᠷᠡᠯ ᠢ ᠪᠤᠵᠠᠭᠠᠶᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠰᠠᠨᠠᠯ ᠨᠢᠭᠡᠲᠡᠢ ᠢᠯᠡᠳᠬᠡᠪᠡ᠃ ᠢᠷᠡᠭᠡᠳᠦᠢ ᠳᠤ ᠬᠤᠶᠠᠷ ᠲᠠᠯ᠎ᠠ ᠪᠠᠷ ᠢᠶᠠᠨ ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠲᠤᠭᠠᠴᠢᠯᠠᠭᠰᠠᠨ ᠬᠡᠷᠡᠭᠯᠡᠯᠲᠡ᠂ ᠠᠵᠤ ᠦᠢᠯᠡᠳᠪᠦᠷᠢ ᠶᠢᠨ ᠵᠢᠭᠤᠯᠴᠢᠯᠠᠯ ᠢ ᠳᠡᠭᠡᠭᠰᠢᠯᠡᠭᠦᠯᠬᠦ᠂ ᠭᠠᠳᠠᠭᠠᠳᠤ ᠠᠷᠠᠯᠵᠢᠶ᠎ᠠ ᠶᠢ ᠥᠷᠭᠡᠳᠬᠡᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠣᠯᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠳᠤ ᠬᠠᠮᠲᠤ ᠪᠠᠷ ᠰᠠᠶᠢᠲᠤᠷ ᠦᠢᠯᠡᠴᠢᠯᠡᠬᠦ ᠪᠣᠯᠤᠨ᠎ᠠ᠃      ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ᠂ ᠮᠧᠩ ᠨᠢᠦ ᠰᠦ ᠶᠢᠨ ᠦᠢᠯᠡᠰ ᠤᠨ ᠬᠡᠷᠡᠭ ᠮᠡᠳᠡᠭᠴᠢᠳ ᠤᠨ ᠳᠠᠷᠤᠭ᠎ᠠ ᠴᠢᠩ ᠯᠢ ᠵᠢᠶᠦ᠋ᠨ᠂ ᠬᠤᠳᠠ ᠶᠢᠨ ᠤᠳᠤᠷᠢᠳᠤᠯᠭ᠎ᠠ ᠼᠤᠤ ᡁᠢ᠂ ᠵᠦ ᠵᠢᠶᠠᠨ ᠭᠦᠸᠧ ᠤᠷᠤᠯᠴᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ