ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠤᠰᠬᠠᠶ ᠵᠦᠢᠯ ᠤᠨ ︽ᠰᠠᠭᠠᠯᠢ ᠳᠤ ᠬᠡᠷᠡᠭᠯᠡᠬᠦ ᠣᠷᠣᠨ ᠨᠤᠲᠤᠭ ᠤᠨ ᠡᠭᠦᠯᠳᠡᠷ ᠤᠨ ᠠᠳᠤᠭᠤ ᠶᠢ ᠥᠨᠳᠥᠷ ᠪᠦᠲᠦᠮᠵᠢᠲᠡᠶ ᠪᠠᠷ ᠲᠡᠵᠢᠭᠡᠨ ᠦᠷᠡᠵᠢᠭᠦᠯᠬᠦ ᠵᠠᠭᠪᠤᠷ ᠢ ᠰᠤᠳᠤᠯᠬᠤ ᠵᠢᠴᠢ ᠵᠢᠱᠢᠶ᠎ᠡ ᠦᠵᠡᠭᠦᠯᠦᠨ ᠳᠡᠯᠭᠡᠷᠡᠭᠦᠯᠬᠦ︾ ᠲᠥᠷᠥᠯ ᠵᠦᠢᠯ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2025/3/19
      ︵ᠰᠤᠷᠪᠤᠯᠵᠢᠯᠠᠭᠴᠢ ᠡᠦ ᠽᠢ ᠰᠢᠤᠸᠠᠨ︶ 3 ᠳ᠋ᠤᠭᠠᠷ ᠰᠠᠷ᠎ᠠ ᠶᠢᠨ 17 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ︽ᠮᠠᠯ ᠵᠢᠭᠦᠷᠲᠡᠨ ᠤ ᠰᠢᠨ᠎ᠡ ᠡᠭᠦᠯᠳᠡᠷ ᠢ ᠪᠤᠶᠢᠵᠢᠭᠤᠯᠬᠤ ᠬᠢᠭᠡᠳ ᠣᠲᠣ ᠦᠶ᠎ᠡ ᠶᠢᠨ ᠮᠠᠯᠵᠢᠯ ᠤᠨ ᠲᠠᠯᠠᠪᠠᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ︾ ᠭᠤᠤᠯᠳᠠᠯᠭ᠎ᠠ ᠲᠠᠢ ᠲᠤᠰᠬᠠᠶ ᠵᠦᠢᠯ ᠤᠨ ︽ᠰᠠᠭᠠᠯᠢ ᠳᠤ ᠬᠡᠷᠡᠭᠯᠡᠬᠦ  ᠣᠷᠣᠨ ᠨᠤᠲᠤᠭ ᠤᠨ ᠡᠭᠦᠯᠳᠡᠷ ᠤᠨ ᠠᠳᠤᠭᠤ ᠶᠢ ᠥᠨᠳᠥᠷ ᠪᠦᠲᠦᠮᠵᠢᠲᠡᠶ ᠪᠠᠷ ᠲᠡᠵᠢᠭᠡᠨ ᠦᠷᠡᠵᠢᠭᠦᠯᠬᠦ ᠵᠠᠭᠪᠤᠷ ᠢ ᠰᠤᠳᠤᠯᠬᠤ ᠵᠢᠴᠢ ᠵᠢᠱᠢᠶ᠎ᠡ ᠦᠵᠡᠭᠦᠯᠦᠨ ᠳᠡᠯᠭᠡᠷᠡᠭᠦᠯᠬᠦ︾ ᠲᠥᠷᠥᠯ ᠵᠦᠢᠯ ᠢ ᠨᠢᠭᠡᠨᠲᠡ ᠣᠷᠣᠨ ᠤ ᠲᠥᠪ ᠲᠤ ᠡᠬᠢᠯᠡᠭᠦᠯᠪᠡ᠃ ᠲᠣᠰ ᠲᠥᠷᠥᠯ ᠵᠦᠢᠯ ᠢ ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠰᠠᠭᠠᠯᠢ ᠶᠢᠨ ᠠᠳᠤᠭᠤᠨ ᠤ ᠠᠵᠤ ᠦᠢᠯᠡᠰ ᠤᠨ ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠰᠠᠭᠠᠯᠢ ᠶᠢᠨ ᠠᠳᠤᠭᠤᠨ ᠤ ᠠᠵᠤ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠣᠯᠭᠤᠬᠤ ᠪᠣᠯᠤᠨ᠎ᠠ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠰᠤᠳᠤᠯᠭᠠᠨ ᠤ ᠦᠷ᠎ᠡ ᠪᠦᠲᠦᠭᠡᠯ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠲᠥᠷᠥᠯ ᠵᠦᠢᠯ ᠢ ᠪᠠᠶᠢᠭᠤᠯᠬᠤ ᠪᠠᠷ ᠲᠠᠨᠢᠯᠴᠠᠭᠤᠯᠤᠨ ᠵᠦᠪᠰᠢᠶᠡᠷᠡᠭᠦᠯᠪᠡ᠃ ᠲᠥᠷᠥᠯ ᠵᠦᠢᠯ ᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠦᠷᠦᠭᠦᠯᠡᠨ᠂ ᠴᠢᠩᠳᠣᠤ ᠶᠢᠨ ᠲᠠᠷᠢᠶᠠᠯᠠᠩ ᠤᠨ ᠶᠡᠭᠡ ᠰᠤᠷᠭᠠᠭᠤᠯᠢ᠂ ᠱᠧᠨᠶᠠᠩ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠬᠤᠸᠠ ᠵᠥᠩ ᠲᠠᠷᠢᠶᠠᠯᠠᠩ ᠤᠨ ᠶᠡᠭᠡ ᠰᠤᠷᠭᠠᠭᠤᠯᠢ᠂ ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠪᠥᠬᠦ ᠤᠯᠤᠰ ᠤᠨ ᠠᠳᠤᠭᠤᠨ ᠲᠥᠷᠥᠯ ᠤᠨ ᠠᠮᠢᠲᠠᠨ ᠤ ᠰᠤᠳᠤᠯᠭᠠᠨ ᠤ 11 ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠪᠠ 5 ᠳᠠᠪᠠᠭᠤᠯᠢᠭ ᠠᠵᠤ ᠠᠬᠤᠶᠢᠯᠠᠯ ᠬᠠᠮᠲᠤᠷᠠᠨ ᠬᠡᠷᠡᠭᠵᠢᠭᠦᠯᠦᠨ᠎ᠡ᠃ ᠲᠥᠷᠥᠯ ᠵᠦᠢᠯ ᠨᠢ ︽ᠰᠦ ᠶᠢᠨ ᠯᠣᠩᠬᠤ︾ ᠶᠢᠨ ᠳᠣᠲᠣᠷᠠᠬᠢ ᠣᠨᠴᠠᠯᠢᠭᠲᠤ ᠠᠳᠤᠭᠤᠨ ᠤ ᠴᠠᠭᠠᠨ ᠢᠳᠡᠭᠡᠨ ᠤ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠭᠤᠤᠯ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠮᠠᠨ ᠤ ᠤᠯᠤᠰ ᠤᠨ ᠰᠠᠭᠠᠯᠢ ᠳᠤ ᠬᠡᠷᠡᠭᠯᠡᠬᠦ ᠣᠷᠣᠨ ᠨᠤᠲᠤᠭ ᠤᠨ ᠡᠭᠦᠯᠳᠡᠷ ᠤᠨ ᠠᠳᠤᠭᠤ ᠶᠢᠨ ᠦᠢᠯᠡᠳᠪᠦᠷᠢᠯᠡᠯ ᠤᠨ ᠣᠳᠣᠬᠢ ᠪᠠᠶᠢᠳᠠᠯ ᠵᠢᠴᠢ ᠮᠡᠷᠭᠡᠵᠢᠯ ᠤᠨ ᠪᠣᠭᠤᠮᠢ ᠶᠢ ᠲᠣᠳᠣᠷᠬᠠᠶ ᠣᠶᠢᠯᠠᠭᠠᠭᠰᠠᠨ ᠰᠠᠭᠤᠷᠢᠨ ᠳᠡᠭᠡᠷ᠎ᠡ᠂ ᠪᠡᠯᠴᠢᠭᠡᠷᠯᠡᠭᠦᠯᠦᠨ ᠮᠠᠯᠵᠢᠬᠤ+ ᠲᠡᠵᠢᠭᠡᠯ ᠨᠥᠬᠦᠪᠥᠷᠢᠯᠡᠬᠦ ᠡᠬᠡ ᠨᠢᠯᠬ᠎ᠠ ᠶᠢ ᠨᠢᠭᠡ ᠴᠣᠭᠴᠠᠵᠢᠭᠤᠯᠤᠭᠰᠠᠨ ᠰᠢᠮ᠎ᠡ ᠲᠡᠵᠢᠭᠡᠯ ᠤᠨ ᠲᠣᠬᠢᠷᠠᠭᠤᠯᠤᠯ ᠡᠵᠡᠮᠳᠡᠯ ᠵᠢᠴᠢ ᠠᠳᠤᠭᠤᠨ ᠤ ᠡᠷᠲᠡ ᠬᠤᠭᠤᠴᠠᠭᠠᠨ ᠤ ᠰᠦ ᠲᠠᠰᠤᠯᠬᠤ ᠮᠡᠷᠭᠡᠵᠢᠯ ᠢ ᠰᠤᠳᠤᠯᠤᠨ ᠡᠭᠦᠳᠴᠦ᠂ ᠰᠠᠭᠠᠯᠢ ᠶᠢᠨ ᠠᠳᠤᠭᠤ ᠶᠢ ᠥᠨᠳᠥᠷ ᠪᠦᠲᠦᠮᠵᠢᠲᠡᠶ ᠪᠠᠷ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠮᠡᠷᠭᠡᠵᠢᠯ ᠤᠨ ᠵᠠᠭᠪᠤᠷ ᠢ ᠪᠠᠶᠢᠭᠤᠯᠬᠤ ᠶᠢᠨ ᠬᠠᠮᠲᠤ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠰᠠᠭᠠᠯᠢ ᠳᠤ ᠬᠡᠷᠡᠭᠯᠡᠬᠦ ᠣᠷᠣᠨ ᠨᠤᠲᠤᠭ ᠤᠨ ᠡᠭᠦᠯᠳᠡᠷ ᠤᠨ ᠠᠳᠤᠭᠤ ᠶᠢ ᠲᠡᠵᠢᠭᠡᠨ ᠦᠷᠡᠵᠢᠭᠦᠯᠬᠦ ᠦᠷ᠎ᠡ ᠠᠰᠢᠭ ᠢᠶᠠᠷ ᠳᠣᠣᠷ᠎ᠠ᠂ ᠦᠢᠯᠡᠳᠪᠤᠷᠢᠯᠡᠬᠦ ᠴᠢᠲᠠᠮᠵᠢ ᠪᠠᠷ ᠠᠨᠠᠢ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠰᠠᠭᠠᠯᠢ ᠶᠢᠨ ᠠᠳᠤᠭᠤ ᠶᠢ ᠥᠨᠳᠥᠷ ᠪᠦᠲᠦᠮᠵᠢᠲᠡᠶ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠳᠡᠯᠭᠡᠷᠡᠭᠦᠯᠬᠦ ᠵᠠᠭᠪᠤᠷ ᠢ ᠪᠣᠶ ᠪᠣᠯᠭᠠᠵᠤ᠂ ᠰᠠᠭᠠᠯᠢ ᠶᠢᠨ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠶ ᠦᠷᠭᠦᠯᠵᠢᠯᠡᠨ ᠬᠥᠭᠵᠢᠬᠦ ᠶᠢ ᠪᠡᠶᠡᠯᠡᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ