ᠭᠦᠭᠡᠬᠤᠲᠠ ᠶᠢᠨ ᠰᠠᠶᠢᠬᠠᠨ ᠲᠣᠭᠤᠷᠢᠭ ᠬᠡᠭᠡᠷ᠎ᠡ ᠶᠢᠨ ᠠᠮᠢᠲᠠᠨ ᠢ ᠰᠠᠶᠢᠲᠤᠷ ᠬᠠᠮᠠᠭᠠᠯᠠᠵᠤ ᠪᠤᠢ
ᠨᠡᠶᠢᠲᠡᠯᠡᠭᠰᠡᠨ ᠴᠠᠭ᠄
2025/3/20
      ᠭᠦᠭᠡᠬᠤᠳᠠ ᠶᠢᠨ ᠰᠠᠶᠢᠬᠠᠨ ᠲᠣᠭᠤᠷᠢᠭ ᠤᠨ ᠬᠡᠭᠡᠷ᠎ᠡ ᠶᠢᠨ ᠠᠮᠢᠲᠠᠨ ᠤᠷᠭᠤᠮᠠᠯ ᠤᠨ ᠲᠥᠷᠥᠯ ᠵᠦᠢᠯ ᠤᠨ ᠲᠤᠭ᠎ᠠ ᠬᠡᠮᠵᠢᠶ᠎ᠡ ᠢᠯᠡᠳᠲᠡ ᠨᠡᠮᠡᠭᠳᠡᠵᠦ᠂ ᠡᠪᠦᠯᠵᠢᠬᠦ ᠠᠩᠭᠢᠷ ᠤᠨ ᠲᠥᠷᠥᠯ 3000 ᠪᠠᠶᠢᠭᠰᠠᠨ ᠠᠴᠠ ᠪᠠᠨ ᠨᠡᠮᠡᠭᠳᠡᠭᠡᠳ 10000 ᠣᠷᠴᠢᠮ ᠪᠣᠯᠵᠤ᠂ ᠰᠢᠪᠧᠷᠢᠶ᠎ᠠ ᠶᠢᠨ ᠭᠥᠷᠥᠭᠡᠰᠦ᠂ ᠠᠽᠢᠶ᠎ᠠ ᠶᠢᠨ ᠮᠠᠩᠭᠢᠰᠤ᠂ ᠤᠯᠠᠭᠠᠨ ᠦᠨᠡᠭᠡ᠂ ᠬᠢᠷᠰᠠ ᠵᠡᠷᠭᠡ ᠲᠥᠷᠥᠯ ᠵᠦᠢᠯ ᠤᠨ ᠲᠤᠭ᠎ᠠ ᠬᠡᠮᠵᠢᠶ᠎ᠡ ᠨᠢ ᠴᠦ ᠢᠯᠡᠳᠲᠡ ᠨᠡᠮᠡᠭᠳᠡᠨ᠂ ᠲᠠᠯ᠎ᠠ ᠶᠢᠨ ᠪᠦᠷᠭᠦᠳ᠂ ᠴᠠᠭᠠᠨ ᠰᠡᠭᠦᠯᠲᠦ ᠪᠦᠷᠭᠦᠳ᠂ ᠨᠠᠴᠢᠨ ᠵᠡᠷᠭᠡ ᠬᠤᠪᠣᠷ ᠴᠤᠬᠠᠭ ᠠᠮᠢᠲᠠᠨ ᠤ ᠲᠥᠷᠥᠯ ᠰᠢᠨ᠎ᠡ ᠪᠠᠷ ᠨᠡᠮᠡᠭᠳᠡᠭᠰᠡᠨ ᠪᠠᠶᠢᠨ᠎ᠠ᠃      ᠡᠨᠡ ᠵᠢᠯ ᠤᠨ 3 ᠰᠠᠷ᠎ᠠ ᠶᠢᠨ 3 ᠤ ᠠᠷᠪᠠᠨ ᠬᠤᠶᠠᠳᠠᠭᠢ ︽ᠳᠡᠯᠡᠬᠡᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠡᠳᠦᠷ︾ ᠤᠨ ᠭᠤᠣᠯ ᠰᠡᠳᠦᠪ ᠨᠢ ︽ᠳᠦᠷᠰᠦ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠳᠡᠯᠡᠬᠡᠢ ᠶᠢᠨ ᠪᠥᠮᠪᠥᠷᠴᠡᠭ ᠤᠨ ᠠᠮᠢ ᠨᠠᠰᠤᠨ ᠤ ᠬᠠᠮᠲᠤ ᠶᠢᠨ ᠴᠣᠭᠴᠠ ᠶᠢ ᠬᠠᠮᠲᠤ  ᠪᠠᠷ ᠪᠠᠶᠢᠭᠤᠯᠤᠶ᠎ᠠ︾ ᠪᠣᠯᠣᠨ᠎ᠠ᠃ ᠣᠶᠢᠷ᠎ᠠ ᠳᠤ᠂ ᠭᠦᠭᠡᠬᠤᠲᠠ ᠶᠢᠨ ᠰᠠᠶᠢᠬᠠᠨ ᠲᠣᠭᠤᠷᠢᠭ ︽ᠳᠦᠷᠰᠦ ᠶᠢᠨ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠳᠡᠯᠡᠬᠡᠢ ᠶᠢᠨ ᠪᠥᠮᠪᠥᠷᠴᠡᠭ ᠤᠨ ᠠᠮᠢ ᠨᠠᠰᠤᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠠᠯᠠᠪᠠᠶ ᠳᠤ 70 ᠭᠠᠷᠤᠢ ᠬᠤᠪᠣᠷ ᠴᠤᠬᠠᠭ ᠬᠡᠭᠡᠷ᠎ᠡ ᠶᠢᠨ ᠠᠮᠢᠲᠠᠨ ᠤ ᠭᠡᠷᠡᠯ ᠵᠢᠷᠤᠭ᠂ 60 ᠭᠠᠷᠤᠢ ᠢᠵᠢ ᠤᠷᠭᠤᠮᠠᠯ ᠤᠨ ᠵᠠᠭᠪᠤᠷ ᠪᠣᠯᠣᠨ 20 ᠭᠠᠷᠤᠢ ᠦᠵᠡᠭᠦᠯᠭᠡ ᠶᠢᠨ ᠰᠠᠮᠪᠠᠷ᠎ᠠ ᠶᠢ ᠳᠡᠯᠭᠡᠨ ᠦᠵᠡᠭᠦᠯᠦᠭᠰᠡᠨ ᠪᠥᠭᠡᠳ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠠᠮᠢᠲᠠᠨ ᠤ ᠨᠡᠷᠡᠰ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠤᠬᠠᠭᠤᠯᠭ᠎ᠠ ᠶᠢᠨ ᠵᠢᠷᠤᠭᠲᠤ ᠳᠡᠪᠲᠡᠷ ᠢ 1000 ᠭᠠᠷᠤᠢ ᠬᠤᠪᠢ ᠲᠠᠷᠬᠠᠭᠠᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠬᠡᠭᠡᠷ᠎ᠡ ᠶᠢᠨ ᠠᠮᠢᠲᠠᠨ ᠤᠷᠭᠤᠮᠠᠯ ᠢ ᠣᠶᠢᠯᠠᠭᠠᠭᠤᠯᠵᠤ᠂ ᠵᠥᠪ ᠤᠨᠤᠪᠴᠢᠲᠠᠢ ᠬᠠᠮᠠᠭᠠᠯᠠᠯᠲᠠ ᠶᠢᠨ ᠦᠵᠡᠯ ᠤᠬᠠᠮᠰᠠᠷ ᠢ ᠪᠤᠶ ᠪᠣᠯᠭᠠᠨ᠂ ᠪᠦᠭᠦ ᠨᠡᠶᠢᠭᠡᠮ ᠢᠶᠠᠷ ᠢᠶᠠᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠲᠤ ᠪᠠᠷ ᠬᠠᠮᠠᠭᠠᠯᠠᠬᠤ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠪᠠ᠃      ᠣᠶᠢᠷ᠎ᠠ ᠶᠢᠨ ᠵᠢᠯ ᠳᠤ᠂ ᠰᠠᠶᠢᠬᠠᠨ ᠲᠣᠭᠤᠷᠢᠭ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠲᠠᠯ᠎ᠠ ᠪᠠᠷ ᠲᠠᠰᠤᠷᠠᠯᠲᠠ ᠦᠭᠡᠢ ᠠᠷᠭ᠎ᠠ ᠬᠡᠮᠵᠢᠶ᠎ᠡ ᠠᠪᠴᠤ᠂ ᠢᠯᠡᠳᠲᠡ ᠦᠷ᠎ᠡ ᠪᠦᠲᠦᠮᠵᠢ ᠣᠯᠪᠠ᠃ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯ ᠢ ᠭᠤᠣᠯᠳᠠᠯᠭ᠎ᠠ ᠲᠠᠢ ᠠᠳᠬᠤᠵᠤ᠂ ᠬᠠᠤᠯᠢ ᠪᠤᠰᠤ  ᠪᠠᠷ ᠠᠩᠨᠠᠬᠤ᠂ ᠲᠡᠭᠦᠬᠦ᠂ ᠬᠤᠳᠠᠯᠳᠤᠬᠤ᠂ ᠬᠤᠳᠠᠯᠳᠤᠨ ᠠᠪᠬᠤ᠂ ᠠᠰᠢᠭᠯᠠᠬᠤ᠂ ᠵᠥᠭᠡᠭᠡᠪᠦᠷᠢᠯᠡᠬᠦ᠂ ᠢᠯᠡᠭᠡᠨ ᠳᠠᠮᠵᠢᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠷᠢᠳ ᠬᠤᠵᠢᠳ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ᠂ ᠴᠢᠯᠠᠭᠤᠨ ᠬᠥᠮᠥᠨ ᠤ ᠲᠣᠬᠤᠢ ᠶᠢᠨ ᠨᠤᠭᠤ ᠭᠠᠵᠠᠷ ᠵᠢᠴᠢ ᠴᠢᠭᠢᠭᠲᠡᠢ ᠶᠢᠨ ᠥᠯᠥ ᠬᠥᠯᠳᠡᠬᠦ ᠭᠤᠣᠯ ᠤᠨ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠡᠪᠦᠯᠵᠢᠬᠦ ᠭᠠᠵᠠᠷ ᠤᠨ ᠬᠢᠨᠠᠨ ᠬᠡᠮᠵᠢᠬᠦ ᠴᠡᠭ ᠢ ᠪᠠᠶᠢᠭᠤᠯᠤᠭᠰᠠᠨ ᠪᠥᠭᠡᠳ ︽ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠤᠯᠢ ᠪᠤᠰᠤ ᠠᠷᠠᠯᠵᠢᠶ᠎ᠠ ᠳᠤ ᠴᠣᠬᠢᠯᠲᠠ ᠥᠭᠬᠦ︾ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠪᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ