ᠪᠣᠣ ᠭᠠᠩ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠴᠢᠬᠤᠯᠠᠴᠢᠯᠠᠭᠰᠠᠨ ᠨᠢ ᠨᠠᠮ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠵᠦ ᠨᠠᠮ ᠤᠨ ᠲᠥᠯᠥᠭᠡ ᠠᠷᠭ᠎ᠠ ᠤᠬᠠᠭᠠᠨ ᠭᠠᠷᠭᠠᠬᠤ ᠶᠢ ᠪᠠᠷᠢᠮᠲᠠᠯᠠᠵᠤ ᠴᠢᠨᠠᠷ ᠰᠠᠶᠢᠲᠠᠢ ᠨᠠᠮ ᠤᠨ ᠰᠤᠷᠭᠠᠭᠤᠯᠢ ᠶᠢᠨ ᠠᠵᠢᠯ ᠢᠶᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2025/3/20
      ︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠵᠠᠬᠢᠷᠤᠯ ᠪᠦᠦ ᠭᠠᠩ ᠨᠠᠮ ᠤᠨ ᠰᠤᠷᠭᠠᠭᠤᠯᠢ ᠳᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯ ᠢ ᠰᠤᠳᠤᠯᠤᠨ ᠪᠠᠶᠢᠷᠢᠯᠠᠭᠤᠯᠪᠠ᠃      ᠪᠣᠣ ᠭᠠᠩ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠲᠡᠦᠬᠡ︾ ᠶᠢᠨ ᠭᠤᠣᠯ ᠰᠡᠳᠦᠪᠲᠦ ᠬᠢᠴᠢᠶᠡᠯ ᠤᠨ ᠲᠠᠩᠬᠢᠮ ᠢ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ ᠬᠡᠯᠡᠬᠦ ᠳᠡᠭᠡᠨ᠂ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠰᠤᠷᠭᠠᠭᠤᠯᠢ ᠨᠠᠮᠴᠢ ᠴᠢᠨᠠᠷ ᠢᠶᠠᠷ ᠦᠨᠳᠦᠰᠦᠨ ᠵᠠᠷᠴᠢᠮ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ᠂ ᠨᠠᠮ ᠤᠨ ᠲᠥᠯᠥᠭᠡ ᠠᠷᠭ᠎ᠠ ᠤᠬᠠᠭᠠᠨ ᠭᠠᠷᠭᠠᠬᠤ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠰᠠᠬᠢᠵᠤ᠂ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠤᠯᠪᠠᠰᠤᠷᠠᠭᠤᠯᠤᠯ ᠤᠨ ᠭᠤᠤᠯ ᠠᠭᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠭᠤᠤᠯ ᠠᠵᠢᠯ ᠲᠠᠢ ᠤᠶᠠᠯᠳᠤᠭᠤᠯᠤᠨ᠂ ᠤᠯᠤᠰ ᠲᠥᠷᠥ ᠶᠢᠨ ᠣᠨᠣᠯ ᠪᠣᠯᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠤᠯᠪᠠᠰᠤᠷᠠᠭᠤᠯᠤᠯ ᠢ ᠴᠢᠩᠭᠠᠳᠬᠠᠵᠤ᠂ ᠪᠤᠯᠪᠠᠰᠤᠷᠠᠭᠤᠯᠤᠯ ᠳᠤ ᠣᠷᠣᠯᠴᠠᠭᠰᠠᠳ ᠤᠨ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠦᠢᠯᠡᠳᠦᠯᠭᠡ ᠪᠠᠨ ᠨᠠᠩ ᠰᠠᠶᠢᠲᠤᠷ ᠵᠢᠯᠣᠭᠤᠳᠬᠤ ᠶᠢ ᠠᠬᠢᠭᠤᠯᠬᠤ ᠬᠡᠷᠡᠭᠲᠡᠶ᠃ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢᠨ ᠪᠠᠶᠢᠭᠤᠯᠤᠯᠲᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ᠂ ᠨᠢᠭᠡ ᠪᠦᠯᠦᠭ ᠤᠨᠤᠯ ᠪᠠ ᠦᠢᠯᠡᠳᠦᠯᠭᠡ ᠶᠢ ᠤᠶᠠᠯᠳᠤᠭᠤᠯᠤᠭᠰᠠᠨ ᠥᠪᠡᠷᠮᠢᠴᠡ ᠣᠨᠴᠠᠯᠢᠭ ᠲᠠᠢ ᠬᠢᠴᠢᠶᠡᠯ ᠢ ᠲᠤᠬᠢᠷᠠᠭᠤᠯᠵᠤ᠂ ᠵᠢᠭᠠᠨ ᠰᠤᠷᠭᠠᠯᠲᠠ ᠶᠢᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠵᠦ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠨᠠᠮ ᠤᠨ ᠬᠤᠷᠢᠶ᠎ᠠ ᠳᠤ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠴᠤ᠂ ᠠᠷᠭ᠎ᠠ ᠪᠤᠳᠤᠯᠭ᠎ᠠ ᠡᠷᠭᠦᠬᠦ ᠬᠡᠷᠡᠭᠲᠡᠢ᠃ ᠪᠠᠭᠰᠢ ᠶᠢᠨ ᠪᠤᠯᠪᠠᠰᠤᠷᠠᠭᠤᠯᠤᠯ ᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠯᠡᠨ ᠵᠢᠱᠢᠬᠦ ᠲᠣᠭᠲᠠᠴᠠ ᠶᠢ ᠰᠢᠯᠢᠳᠡᠭᠵᠢᠭᠦᠯᠵᠦ᠂ ᠪᠠᠭᠰᠢ ᠶᠢᠨ ᠡᠩᠨᠡᠭᠡᠨ ᠤ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ᠰᠢᠶᠠᠨ ᠤ ᠱᠠᠲᠤᠨ ᠤ ᠨᠠᠮ ᠤᠨ ᠰᠤᠷᠭᠠᠭᠤᠯᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠬᠢ ᠪᠠᠶᠠᠯᠢᠭ ᠤᠨ ᠬᠦᠴᠦᠨ ᠵᠦᠢᠯ ᠢ ᠨᠡᠶᠢᠳᠭᠡᠨ᠂ ᠵᠢᠭᠠᠨ ᠰᠤᠷᠭᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠪᠠᠷ ᠳᠠᠭᠠᠭᠤᠯᠤᠭᠴᠢ ᠪᠣᠯᠭᠠᠭᠰᠠᠨ᠂ ᠲᠣᠭᠤᠷᠢᠭ ᠰᠢᠶᠠᠨ ᠤ ᠱᠠᠲᠤᠨ ᠤ ᠨᠠᠮ ᠤᠨ ᠰᠤᠷᠭᠠᠭᠤᠯᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠶ᠃ ᠰᠤᠷᠭᠠᠭᠤᠯᠢ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠴᠢᠩᠭ᠎ᠠ ᠱᠠᠭᠠᠷᠳᠠᠯᠭ᠎ᠠ ᠶᠢ ᠦᠨᠡᠨ ᠬᠦ ᠰᠤᠷᠭᠠᠨ ᠬᠥᠮᠦᠵᠢᠯ ᠢ ᠵᠠᠰᠠᠬᠤ᠂ ᠰᠤᠷᠤᠯᠴᠠᠯᠭ᠎ᠠ ᠶᠢ ᠵᠠᠰᠠᠬᠤ ᠵᠡᠷᠭᠡ ᠡᠯ᠎ᠡ ᠭᠤᠭᠴᠤᠭᠠᠨ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃      ᠴᠢᠶᠣᠤ ᠢᠦᠢ ᡂᠢ ᠵᠢᠴᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠣᠷᠣᠯᠴᠠᠪᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ