︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠶᠢᠨ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠠᠴᠠ ᠣᠶᠢᠯᠠᠭᠠᠭᠰᠠᠨ ᠢᠶᠠᠷ᠂ ᠡᠨᠡ ᠵᠢᠯ ᠬᠥᠬᠡᠬᠤᠲᠠ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠲᠥᠷᠥᠯ ᠵᠦᠢᠯ ᠢ 236 | ᠨᠦᠬᠡᠴᠡᠯᠡᠵᠦ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 203 ᠳ᠋ᠦᠩᠰᠢᠭᠤᠷ ᠲᠤ ᠬᠦᠷᠦᠨ᠎ᠡ᠃ | ᠣᠶᠢᠯᠠᠭᠠᠭᠰᠠᠨ ᠢᠶᠠᠷ᠂ ᠤᠯᠤᠰ ᠠᠴᠠ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ | ᠰᠣᠯᠢᠬᠤ ᠠᠵᠢᠯᠯᠠᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠮᠠᠨ ᠤ ᠬᠤᠲᠠ ᠤᠯᠤᠰ ᠤᠨ ᠲᠥᠷᠥ ᠶᠢᠨ ᠪᠣᠳᠣᠯᠭ᠎ᠠ ᠶᠢᠨ ᠳᠤᠬᠢᠶᠠᠯ ᠢ ᠠᠮᠵᠢᠵᠤ᠂ ᠠᠵᠤ | ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠪᠥᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ᠶᠡᠭᠡ | ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠲᠥᠷᠥᠯ ᠵᠦᠢᠯ ᠢ ᠢᠳᠡᠪᠬᠢᠲᠡᠶ ᠪᠠᠷ ᠲᠥᠯᠥᠪᠯᠡᠨ ᠨᠥᠭᠡᠴᠡᠯᠡᠵᠦ᠂ ᠠᠵᠤ ᠠᠬᠤᠶᠢᠯᠠᠯ ᠤᠨ ᠨᠢᠭᠡᠳᠦᠭᠡᠷ | ᠹᠷᠣᠨᠲ ᠲᠤ ᠭᠦᠨᠵᠡᠭᠡᠶᠢᠷᠡᠨ ︽ᠬᠤᠶᠠᠷ ᠰᠢᠨᠡᠴᠢᠯᠡᠬᠦ︾ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠲᠤᠰᠬᠠᠢ ᠨᠢᠭᠤᠷᠲᠠᠨ ᠤᠴᠠᠷᠠᠬᠤ ᠬᠡᠯᠪᠡᠷᠢ ᠪᠠᠷ ᠠᠵᠤ | ᠠᠬᠤᠶᠢᠯᠠᠯ ᠳᠤ ᠲᠥᠷᠥ ᠶᠢᠨ ᠪᠣᠳᠣᠯᠭ᠎ᠠ ᠬᠦᠷᠭᠡᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠬᠥᠭᠵᠢᠯᠲᠡ ᠶᠢ ᠠᠬᠢᠭᠤᠯᠵᠤ᠂ ᠨᠢᠭᠡ ᠨᠢᠭᠡ ᠪᠠᠷ ᠵᠢᠭᠠᠨ | ᠵᠢᠯᠣᠭᠤᠳᠴᠤ ᠲᠥᠷᠥᠯ ᠵᠦᠢᠯ ᠤᠨ ᠮᠡᠳᠡᠭᠦᠯᠦᠯᠲᠡ ᠶᠢ ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠲᠥᠷᠥᠯ ᠵᠦᠢᠯ ᠨᠦᠬᠡᠴᠡᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠢᠯ ᠤᠨ | ᠮᠡᠳᠡᠭᠦᠯᠦᠯᠲᠡ ᠶᠢ ᠰᠠᠶᠢᠲᠤᠷ ᠬᠢᠵᠦ᠂ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠨᠥᠭᠡᠴᠡ ᠶᠢᠨ ᠨᠠᠷᠢᠨ | ᠬᠠᠭᠤᠳᠠᠰᠤ ᠶᠢ ᠦᠷᠭᠦᠯᠵᠢᠯᠡᠨ ᠬᠥᠳᠡᠯᠦᠩᠭᠦᠶ ᠪᠠᠷ ᠰᠢᠨᠡᠳᠬᠡᠵᠦ᠂ ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠭᠤᠶᠤᠴᠢᠯᠠᠨ ᠮᠡᠳᠡᠭᠦᠯᠵᠦ᠂ ᠨᠢᠭᠡ | ᠪᠦᠯᠦᠭ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ︽ᠬᠤᠶᠠᠷ ᠰᠢᠨᠡᠴᠢᠯᠡᠬᠦ︾ ᠲᠥᠷᠥᠯ ᠵᠦᠢᠯ ᠤᠨ ᠲᠤᠭ᠎ᠠ ᠬᠡᠮᠵᠢᠶ᠎ᠡ᠂ ᠶᠠᠰᠤ ᠴᠢᠨᠠᠷ ᠤᠨ ︽ᠬᠤᠣᠰ ᠨᠡᠮᠡᠭᠳᠡᠯ︾ | ︽ᠬᠤᠣᠰ ᠳᠡᠭᠡᠭᠰᠢᠯᠡᠯᠲᠡ︾ ᠶᠢ ᠠᠬᠢᠭᠤᠯᠤᠨ᠎ᠠ᠃ |