ᠬᠥᠬᠡᠬᠤᠲᠠ ᠶᠢᠨ 2025 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2025/3/20
            —— 2025 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ ᠬᠥᠬᠡᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ  ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠾᠧ ᠬᠠᠢ ᠳ᠋ᠦᠩᠲᠥᠯᠥᠭᠡᠯᠡᠭᠴᠢᠳ ᠡ᠄      ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂   ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃        ᠨᠢᠭᠡ᠂ 2024 ᠣᠨ ᠤ ᠠᠵᠢᠯ ᠤᠨ ᠡᠷᠭᠢᠴᠡᠭᠦᠯᠦᠯ      2024 ᠣᠨ ᠳᠤ᠂ ᠪᠦᠬᠦ ᠬᠤᠳᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ︽ᠬᠠᠮᠤᠭ ᠤᠨ ᠰᠠᠶᠢᠬᠠᠨ ᠭᠠᠵᠠᠷ︾ ᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠬᠤ ᠶᠢ ᠠᠬᠢᠭᠤᠯᠪᠠ᠃ ᠵᠢᠱᠢᠯᠲᠡ ᠪᠠᠷ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 6% ᠠᠴᠠ ᠳᠡᠭᠡᠭᠰᠢ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 8% ᠠᠴᠠ ᠳᠡᠭᠡᠭᠰᠢ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 18% ᠠᠴᠠ ᠳᠡᠭᠡᠭᠰᠢ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 5% ᠠᠴᠠ ᠳᠡᠭᠡᠭᠰᠢ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 7% ᠠᠴᠠ ᠳᠡᠭᠡᠭᠰᠢ ᠨᠡᠮᠡᠭᠳᠡᠵᠦ᠂ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 5% ᠠᠴᠠ ᠳᠡᠭᠡᠭᠰᠢ ᠨᠡᠮᠡᠭᠳᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 14% ᠠᠴᠠ ᠳᠡᠭᠡᠭᠰᠢ ᠨᠡᠮᠡᠭᠳᠡᠵᠦ᠂ ᠭᠤᠣᠯ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠮᠤᠵᠢ ᠶᠢᠨ ᠲᠥᠪ ᠬᠤᠲᠠ ᠳᠣᠲᠣᠷ᠎ᠠ ᠦᠷᠭᠦᠯᠵᠢᠯᠡᠨ ᠨᠢᠭᠡᠳᠦᠭᠡᠷ ᠵᠢᠭᠰᠠᠭᠠᠯ ᠤᠨ ᠪᠠᠶᠢᠷᠢ ᠪᠠᠨ ᠪᠠᠲᠤᠯᠠᠵᠤ᠂ ᠣᠷᠣᠨ ᠤ ᠲᠥᠪ ᠬᠤᠲᠠ ᠶᠢᠨ ᠬᠥᠭᠵᠢᠯᠲᠡ ᠶᠢᠨ ᠴᠢᠳᠠᠪᠤᠷᠢ ᠶᠢᠨ ᠳᠡᠰ ᠦᠷᠭᠦᠯᠵᠢᠯᠡᠨ ᠳᠡᠭᠡᠭᠰᠢᠯᠡᠪᠡ᠃      ︵ᠨᠢᠭᠡ︶ ᠳᠠᠪᠠᠭᠤᠯᠢᠭ ᠠᠵᠤ ᠦᠢᠯᠡᠰ ᠤᠨ ᠲᠤᠭ᠎ᠠ ᠬᠡᠮᠵᠢᠶ᠎ᠡ ᠶᠠᠰᠤ ᠴᠢᠨᠠᠷ ᠵᠡᠷᠭᠡ ᠪᠠᠷ ᠳᠡᠭᠡᠭᠰᠢᠯᠡᠪᠡ᠃ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠤᠨ ᠶᠠᠰᠤ ᠴᠢᠨᠠᠷ ᠳᠡᠭᠡᠭᠰᠢᠯᠡᠨ ᠳᠠᠪᠰᠢᠵᠦ᠂ ᠢᠯᠢ ᠶᠢᠨ ᠪᠢᠰᠢᠯᠠᠭ ᠤᠨ ᠬᠤᠶᠠᠳᠤᠭᠠᠷ ᠬᠤᠭᠤᠴᠠᠭ᠎ᠠ ᠶᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠳᠡᠭᠡᠳᠦ ᠲᠠᠰ ᠤᠨ ᠰᠢᠷᠠᠰᠤᠨ ᠲᠠᠯᠬ᠎ᠠ ᠶᠢᠨ ᠣᠶᠤᠨᠴᠢ ᠬᠢᠮᠢ ᠶᠢᠨ ᠦᠢᠯᠡᠳᠪᠦᠷᠢ ᠶᠢ ᠡᠬᠢᠯᠡᠨ ᠪᠠᠶᠢᠭᠤᠯᠪᠠ᠃ ᠮᠧᠩ ᠨᠢᠦ ᠨᠢᠯᠬ᠎ᠠ ᠬᠡᠦᠬᠡᠳ ᠤᠨ ᠣᠨᠴᠠᠭᠠᠶ ᠠᠨᠠᠭᠠᠬᠤ ᠤᠬᠠᠭᠠᠨ ᠤ ᠰᠢᠮ᠎ᠡ ᠲᠡᠵᠢᠭᠡᠯ ᠤᠨ ᠪᠦᠲᠦᠭᠡᠭᠳᠡᠬᠦᠨ ᠤ ᠲᠥᠷᠥᠯ ᠵᠦᠢᠯ ᠤᠳᠠᠯ ᠥᠬᠡᠶ ᠠᠰᠢᠭᠯᠠᠯᠲᠠ ᠳᠤ ᠣᠷᠣᠨ᠎ᠠ᠃ ᠵᠧᠩ ᠱᠢ ᠲᠠᠷᠢᠶᠠᠯᠠᠩ᠂ ᠣᠲᠣ ᠦᠶ᠎ᠡ ᠶᠢᠨ ᠡᠪᠡᠰᠦᠨ ᠤ ᠦᠢᠯᠡᠰ ᠵᠡᠷᠭᠡ ᠲᠡᠵᠢᠭᠡᠯ ᠡᠪᠡᠰᠦᠨ ᠤ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠡᠵᠡᠩᠨᠡᠯᠲᠡ ᠳᠤ ᠤᠷᠤᠭᠤᠯᠪᠠ᠃ ᠣᠯᠠᠨ ᠤᠯᠤᠰ ᠤᠨ ᠰᠦ ᠶᠢᠨ ᠦᠢᠯᠡᠰ ᠤᠨ ᠨᠠᠷᠠᠲᠤ ᠲᠥᠷᠥᠯ ᠲᠡᠮᠳᠡᠭᠲᠦ ᠶᠢᠨ ᠲᠥᠪ ᠪᠠᠶᠢᠭᠤᠯᠤᠭᠳᠠᠨ ᠫᠠᠶᠢᠰᠠ ᠡᠯᠭᠦᠪᠡ᠃ ᠣᠯᠠᠨ ᠤᠯᠤᠰ ᠤᠨ ᠡᠪᠡᠰᠦᠨ ᠤ ᠦᠢᠯᠡᠰ ᠤᠨ ᠶᠡᠭᠡ ᠬᠤᠷᠠᠯ᠂ ᠣᠯᠠᠨ ᠤᠯᠤᠰ ᠤᠨ ᠰᠦ ᠶᠢᠨ ᠦᠢᠯᠡᠰ ᠤᠨ ᠰᠢᠨ᠎ᠡ ᠶᠢ ᠡᠭᠦᠳᠬᠦ ᠶᠡᠭᠡ ᠬᠤᠷᠠᠯ ᠢ ᠠᠮᠵᠢᠯᠲᠠ ᠲᠠᠢ ᠡᠷᠭᠢᠯᠡᠪᠡ᠃ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠦᠰᠦᠷᠦᠯᠲᠡ ᠶᠢᠨ ᠮᠠᠶ᠋ᠢᠭ ᠤᠨ ᠬᠥᠭᠵᠢᠯᠲᠡ ᠲᠠᠢ ᠪᠣᠯᠵᠤ᠂ ᠪᠣᠳᠣᠯᠭ᠎ᠠ ᠶᠢᠨ ᠬᠦᠴᠦᠨ ᠤ ᠬᠡᠪᠴᠢᠶ᠎ᠡ 4.4 ᠲᠦᠮᠡᠨ P ᠬᠦᠷᠴᠦ᠂ ᠡᠭᠦᠨ ᠳᠤ ᠣᠶᠤᠨᠴᠢ ᠪᠣᠳᠣᠯᠭ᠎ᠠ 4.2 ᠲᠦᠮᠡᠨ P ᠬᠦᠷᠴᠦ᠂ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠣᠶᠤᠨᠴᠢ ᠪᠣᠳᠣᠯᠭ᠎ᠠ ᠶᠢᠨ ᠲᠥᠪ᠂ ᠬᠤᠸᠠ ᠸᠧᠶ ᠡᠭᠦᠯᠡᠨ ᠤ ᠬᠤᠷᠢᠨᠭᠡᠷ ᠲᠤᠭ᠎ᠠ ᠪᠠᠷᠢᠮᠲᠠ ᠶᠢᠨ ᠲᠥᠪ᠂ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠠᠷᠠᠯᠵᠢᠶᠠᠨ ᠤ ᠲᠥᠪ᠂ ︽P4︾ ᠲᠠᠰ ᠤᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢᠨ ᠲᠤᠷᠰᠢᠯᠲᠠ ᠶᠢᠨ ᠲᠠᠰᠤᠭ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠴᠧᠩ ᠮᠠᠢ ᠰᠢᠨ ᠴᠤᠸᠠᠩ ᠺᠣᠮᠫᠢᠦ᠋ᠲ᠋ᠧᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠠᠰᠢᠭᠯᠠᠯᠲᠠ ᠳᠤ ᠣᠷᠣᠭᠤᠯᠪᠠ᠃ ᠲᠠᠷᠢᠶᠠᠯᠠᠩ ᠤᠨ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠵᠠᠮ ᠬᠠᠷᠢᠯᠴᠠᠭᠠᠨ ᠤ ᠪᠠᠩᠬᠢ ᠵᠡᠷᠭᠡ ᠨᠢᠭᠡ ᠪᠦᠯᠦᠭ ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ ᠤᠨ ᠭᠤᠣᠯ ᠴᠣᠭᠴᠠ ᠶᠢᠨ ᠪᠠᠷᠢᠯᠭ᠎ᠠ ᠳᠠᠭᠤᠰᠪᠠ᠃ ᠴᠠᠬᠢᠯᠭᠠᠨ ᠬᠤᠯᠪᠣᠭ᠎ᠠ ᠶᠢᠨ ᠭᠤᠷᠪᠠᠳᠤᠭᠠᠷ ᠬᠤᠭᠤᠴᠠᠭ᠎ᠠ᠂ ᠵᠡᠷᠭᠡᠴᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ᠃ ᠰᠢᠶᠦ᠋ᠨ ᠹᠧᠢ ᠰᠢᠩ ᠾᠥᠸᠧ ᠂ ᠰᠢᠯᠵᠢᠮᠡᠯ ᠬᠤᠯᠪᠣᠭ᠎ᠠ ᠵᠢᠦ ᠲᠢᠶᠠᠨ ᠵᠡᠷᠭᠡ 11 ᠨᠡᠶᠢᠳᠡᠮ ᠬᠡᠷᠡᠭᠯᠡᠭᠡᠨ ᠤ ᠲᠣᠮᠣ ᠵᠠᠭᠪᠤᠷ ᠤᠨ ᠪᠣᠯᠪᠠᠰᠤᠷᠠᠯ ᠤᠨ ᠲᠠᠯᠠᠪᠠᠶ ᠶᠢ ᠤᠷᠤᠭᠰᠢᠲᠠᠶ ᠨᠠᠶᠢᠳᠠᠪᠤᠷᠢᠵᠢᠭᠤᠯᠪᠠ᠃ ᠬᠥᠬᠡᠬᠤᠲᠠ— ᠪᠡᠭᠡᠵᠢᠩ᠂ ᠬᠥᠬᠡᠬᠤᠲᠠ —ᠾᠧᠹᠧᠢ ᠬᠦᠷᠬᠦ ᠬᠤᠶᠠᠷ 400G ᠪᠦᠷᠢᠨ ᠬᠡᠷᠡᠯ ᠰᠢᠷᠬᠡᠭ ᠤᠨ ᠮᠤᠵᠢ ᠶᠢᠨ ᠲᠡᠰ ᠤᠨ ᠭᠤᠣᠯᠯᠠᠬᠤ ᠲᠣᠣᠷ ᠢ ᠨᠡᠪᠲᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠲᠣᠭᠠᠴᠢᠯᠠᠭᠰᠠᠨ ᠠᠵᠤ ᠦᠢᠯᠡᠰ ᠤᠨ ᠬᠦᠷᠢᠶᠡᠯᠡᠩ ᠢᠶᠠᠷ ᠵᠥᠪᠰᠢᠶᠡᠷᠡᠭᠳᠡᠪᠡ᠃ ᠳᠤᠮᠳᠠᠳᠤ ᠤᠯᠤᠰ ᠤᠨ ︽ᠪᠣᠳᠣᠯᠭ᠎ᠠ ᠶᠢᠨ ᠠᠵᠤ ᠦᠢᠯᠡᠰ︾ ᠤᠨ ᠪᠥᠭᠡᠮᠨᠡᠷᠡᠯ ᠤᠨ ᠬᠤᠰᠢᠭᠤᠴᠢ᠂ ︽ᠪᠣᠬᠢᠷᠳᠤᠯ ᠦᠭᠡᠢ ᠪᠣᠳᠣᠯᠭ᠎ᠠ ᠶᠢᠨ ᠬᠦᠴᠦᠨ︾ ᠤ ᠬᠥᠭᠵᠢᠯᠲᠡ ᠶᠢᠨ ᠬᠤᠰᠢᠭᠤᠴᠢ ᠵᠡᠷᠭᠡ 2 ᠵᠦᠢᠯ ᠤᠨ ᠢᠷᠠᠭᠤ ᠠᠯᠳᠠᠷ ᠢ ᠭᠥᠷᠳᠡᠪᠡ᠃ 2024 ᠳᠤᠮᠳᠠᠳᠤ ᠤᠯᠤᠰ ᠤᠨ ᠪᠣᠬᠢᠷᠳᠤᠯ ᠦᠭᠡᠢ ᠪᠣᠳᠣᠯᠭ᠎ᠠ ᠶᠢᠨ ᠬᠦᠴᠦᠨ ᠤ ᠶᠡᠭᠡ ᠬᠤᠷᠠᠯ ᠢ ᠠᠮᠵᠢᠯᠲᠠ ᠲᠠᠢ ᠡᠷᠬᠢᠯᠡᠵᠦ᠂ ︽ᠳᠤᠮᠳᠠᠳᠤ ᠤᠯᠤᠰ ᠤᠨ ᠡᠭᠦᠯᠡᠨ ᠬᠥᠨᠳᠡᠶ︾ ᠶᠢᠨ ᠴᠣᠯᠠ ᠶᠢ ᠭᠥᠷᠳᠡᠪᠡ᠃ ᠰᠢᠨ᠎ᠡ ᠮᠠᠲ᠋ᠧᠷᠢᠶᠠᠯ ᠪᠣᠯᠤᠨ ᠤᠳᠤ ᠦᠶ᠎ᠡ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠪᠥᠭᠡᠮᠨᠡᠷᠡᠯ ᠢ ᠪᠦᠬᠦ ᠬᠡᠯᠬᠢᠶ᠎ᠡ ᠪᠠᠷ ᠠᠬᠢᠭᠤᠯᠵᠤ᠂ ᠱᠤᠸᠠᠩ ᠵᠢᠶᠧ ᠨᠢᠭᠡᠳᠦᠭᠡᠷ ᠬᠤᠭᠤᠴᠠᠭ᠎ᠠ᠂ ᠰᠠᠢ ᠱᠧᠩ  ᠨᠡᠭᠦᠷᠡᠰᠦᠳᠦᠷᠦᠭᠴᠢᠲᠦ ᠴᠠᠬᠢᠭᠤᠷ ᠤᠨ ᠨᠢᠭᠡᠳᠦᠭᠡᠷ ᠬᠤᠭᠤᠴᠠᠭ᠎ᠠ᠂ ᠰᠢᠨ ᠬᠤᠸᠠ ᠬᠠᠭᠠᠰ ᠳᠠᠮᠵᠢᠭᠤᠯᠤᠭᠴᠢ ᠲᠡᠰ ᠤᠨ ᠤᠯᠠᠨ ᠲᠠᠯᠠᠰᠲᠤ ᠴᠠᠬᠢᠭᠤᠷ᠂ ᠳᠤᠮᠳᠠᠳᠤ ᠤᠯᠤᠰ ᠤᠨ ᠯᠢᠲ᠋ᠢ ᠶᠢᠨ ᠭᠤᠷᠪᠠᠳᠤᠭᠠᠷ ᠬᠤᠭᠤᠴᠠᠭ᠎ᠠ᠂ ᠱᠧᠩ ᠹᠠᠨ ᠳᠥᠷᠪᠡᠳᠦᠭᠡᠷ ᠬᠤᠭᠤᠴᠠᠭ᠎ᠠ᠂ ᠸᠠᠨ ᠪᠠᠩ ᠵᠠᠮ ᠬᠠᠷᠢᠯᠴᠠᠭᠠᠨ ᠤ ᠣᠶᠤᠨᠴᠢ ᠲᠣᠨᠣᠭᠯᠠᠯ ᠦᠢᠯᠡᠳᠬᠦ ᠰᠠᠭᠤᠷᠢᠨ ᠭᠠᠵᠠᠷ ᠵᠡᠷᠭᠡ ᠲᠦᠷᠦᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠲᠢᠶᠠᠨ ᠬᠤᠤ 60 ᠲᠦᠮᠡᠨ ᠲᠣᠨ ᠳᠡᠭᠡᠳᠦ ᠴᠢᠳᠠᠪᠬᠢᠲᠤ ᠰᠢᠯ ᠰᠢᠷᠬᠡᠭ ᠤᠨ ᠬᠤᠶᠠᠳᠤᠭᠠᠷ ᠬᠤᠭᠤᠴᠠᠭᠠᠨ ᠤ ᠪᠦᠳᠦᠭᠡᠨ ᠪᠠᠶᠢᠭᠤᠯᠤᠯᠲᠠ ᠶᠢ ᠡᠬᠢᠯᠡᠭᠦᠯᠪᠡ᠃ ᠴᠡᠪᠡᠷ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ ᠵᠢᠱᠢᠶ᠎ᠡ ᠦᠵᠡᠭᠦᠯᠦᠨ ᠰᠢᠨ᠎ᠡ ᠵᠠᠮ ᠢᠶᠠᠷ ᠵᠠᠮᠨᠠᠵᠤ᠂ ᠮᠧᠩ ᠰᠢ ᠶᠢᠨ ᠲᠣᠭᠲᠠᠬᠤ ᠶᠢᠨ ᠴᠠᠬᠢᠯᠭᠠᠨ ᠦᠢᠯᠡᠳᠪᠦᠷᠢ ᠠᠴᠠ ᠭᠠᠳᠠᠭᠰᠢ ᠪᠠᠨ 200 ᠲᠦᠮᠡᠨ ᠺᠢᠯᠣᠸᠠᠲ ᠰᠢᠨ᠎ᠡ ᠡᠨᠧᠷᠭᠢ ᠬᠠᠩᠭᠠᠬᠤ᠂ ᠬᠥᠬᠡᠬᠤᠲᠠ ᠢᠯᠴᠢ ᠶᠢᠨ ᠴᠠᠬᠢᠯᠭᠠᠨ ᠤ ᠰᠢᠨ᠎ᠡ ᠡᠨᠧᠷᠭᠢ ᠶᠢ ᠰᠢᠩᠭᠡᠭᠡᠬᠦ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠳ᠋ᠠ ᠲᠠᠩ ᠬᠥᠬᠡᠬᠤᠲᠠ ᠶᠢᠨ ᠬᠥᠩᠭᠡᠨᠴᠠᠭᠠᠨ ᠤ ᠴᠠᠬᠢᠯᠭᠠᠨ ᠢ ᠳᠠᠬᠢᠯᠲᠠ ᠡᠨᠧᠷᠭᠢ ᠪᠠᠷ ᠣᠷᠣᠯᠠᠭᠤᠯᠬᠤ᠂ ᠬᠤᠷᠢᠨᠭᠡᠷ ᠰᠢᠨ᠎ᠡ ᠲᠣᠭᠤᠷᠢᠭ ᠤᠨ ᠨᠣᠭᠤᠭᠠᠨ ᠡᠨᠧᠷᠭᠢ ᠶᠢᠨ ᠬᠠᠩᠭᠠᠯᠭ᠎ᠠ ᠶᠢᠨ ᠵᠢᠱᠢᠶ᠎ᠡ ᠦᠵᠡᠭᠦᠯᠬᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ 500 ᠺᠢᠯᠣᠸᠠᠲ ᠤᠨ ︽ᠤᠷᠤᠨ ᠤ ᠲᠥᠪ ᠬᠤᠲᠠ ᠶᠢ ᠲᠣᠭᠤᠷᠢᠭᠰᠠᠨ︾ ᠴᠠᠬᠢᠯᠭᠠᠨ ᠲᠣᠣᠷ ᠤᠨ ᠰᠢᠰᠲ᠋ᠧᠮᠵᠢ ᠶᠢ ᠲᠦᠷᠭᠡᠳᠬᠡᠨ ᠪᠦᠷᠢᠯᠳᠦᠭᠦᠯᠪᠡ᠃ ᠨᠣᠭᠤᠭᠠᠨ ᠴᠠᠬᠢᠯᠭᠠᠨ ᠨᠣᠭᠤᠭᠠᠨ ᠦᠨᠡᠮᠯᠡᠯ ᠤᠨ ᠠᠷᠠᠯᠵᠢᠶᠠᠨ ᠤ ᠦᠢᠯᠡᠴᠢᠯᠡᠭᠡᠨ ᠤ ᠪᠠᠶᠢᠭᠤᠯᠤᠮᠵᠢ ᠶᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ ᠤᠨ ᠤᠯᠠᠨ ᠬᠦᠷᠢᠶ᠎ᠡ ᠴᠠᠷᠠᠭ᠎ᠠ ᠳᠤ ᠰᠢᠨ᠎ᠡ ᠶᠢ ᠡᠭᠦᠳᠬᠦ ᠳᠤ ᠰᠢᠪᠲᠤᠯᠤᠯᠲᠠ ᠭᠠᠷᠭᠠᠵᠤ᠂ ᠺᠧ ᠲᠦᠸᠧ ᠠᠮᠢᠲᠠᠨ ᠤᠷᠭᠤᠮᠠᠯ ᠤᠨ ᠪᠢᠴᠢᠯ ᠠᠮᠢ ᠠᠬᠤᠢ ᠶᠢᠨ ᠡᠮ ᠦᠢᠯᠡᠳᠬᠦ ᠰᠠᠭᠤᠷᠢᠨ ᠭᠠᠵᠠᠷ᠂ ᠢ ᠳ᠋ᠥᠸᠧ ᠯᠢ ᠠᠮᠢᠳᠤ ᠪᠣᠳᠠᠰ ᠤᠨ ᠢᠰᠬᠡᠭᠦᠷ᠂ ᠶᠢᠨ ᠾᠧ ᠶᠢᠤ ᠪᠧᠨ ᠠᠮᠢᠲᠠᠨ ᠤ ᠸᠠᠺᠼᠢᠨ᠂ ᠴᠠᠩ ᠱᠸᠤ ᠡᠮ ᠤᠨ ᠦᠢᠯᠡᠰ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ︔ ᠶᠢᠨ ᠢᠦᠶ ᠠᠮᠢᠳᠤ ᠪᠣᠳᠠᠰ ᠤᠨ mRNA ᠸᠠᠺᠼᠢᠨ ᠵᠢᠴᠢ ᠪᠥᠭᠡᠮ ᠬᠦᠴᠢᠯ ᠤᠨ ᠡᠮ ᠤᠨ ᠵᠦᠢᠯ ᠤᠨ ᠣᠶᠣᠨᠴᠢ ᠦᠢᠯᠡᠳᠬᠡᠯ ᠤᠨ ᠲᠥᠷᠥᠯ ᠵᠦᠢᠯ  ᠳᠤᠮᠳᠠᠬᠢ ᠲᠤᠷᠰᠢᠯᠲᠠ ᠶᠢᠨ ᠱᠠᠲᠤᠨ ᠳᠤ ᠣᠷᠣᠪᠠ᠃ ᠴᠠᠩ ᠱᠧᠩ ᠡᠮ ᠤᠨ ᠳ᠋ᠧᠩ ᠲᠠ ᠦᠢᠯᠡᠳᠪᠦᠷᠢ᠂ ᠱᠤᠸᠠᠩ ᠴᠢ ᠡᠮ ᠤᠨ ᠦᠢᠯᠡᠰ ᠤᠨ ᠣᠶᠤᠨᠴᠢ ᠦᠢᠯᠡᠳᠬᠡᠯ ᠤᠨ ᠠᠵᠤ ᠦᠢᠯᠡᠰ ᠤᠨ ᠬᠦᠷᠢᠶᠡᠯᠡᠩ ᠤᠨ ᠭᠤᠤᠯ ᠴᠣᠭᠴᠠ ᠶᠢᠨ ᠠᠵᠢᠯ ᠳᠠᠭᠤᠰᠪᠠ᠃ ᠣᠯᠠᠨ ᠤᠯᠤᠰ ᠤᠨ ᠠᠮᠢᠲᠠᠨ ᠤ ᠸᠠᠺᠼᠢᠨ ᠤ ᠰᠢᠨ᠎ᠡ ᠶᠢ ᠡᠭᠦᠳᠬᠦ ᠶᠡᠭᠡ ᠬᠤᠷᠠᠯ ᠢ ᠠᠮᠵᠢᠯᠲᠠ ᠲᠠᠢ ᠡᠷᠬᠢᠯᠡᠪᠡ᠃ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠥᠭᠡᠮᠨᠡᠷᠡᠯ ᠲᠥᠪᠯᠡᠷᠡᠨ ᠲᠥᠯᠥᠪᠰᠢᠵᠦ᠂ ᠰᠢᠤᠢ ᠶᠠᠩ ᠤᠨ 30 ᠲᠦᠮᠡᠨ ᠲᠣᠨ ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ ᠮᠠᠲ᠋ᠧᠷᠢᠶᠠᠯ᠂ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠵᠢᠯ ᠳᠤ 5 ᠲᠦᠮᠡᠨ ᠲᠣᠨ ᠫᠷᠣᠫᠠ ᠠᠯᠺᠠᠨ ᠤ ᠤᠰᠤᠲᠥ᠋ᠷᠥᠭᠴᠢ ᠦᠭᠡᠶᠢᠳᠡᠭᠦᠯᠬᠦ᠂ ᠮᠧᠩ ᠯᠢᠶᠠᠨ 30 ᠲᠦᠮᠡᠨ ᠲᠣᠨ ᠰᠢᠩᠭᠡᠵᠢᠭᠦᠯᠦᠭᠰᠡᠨ ᠬᠡᠢ ᠶᠢᠨ ᠴᠢᠳᠠᠪᠤᠷᠢ ᠶᠢ ᠥᠷᠭᠡᠳᠬᠡᠬᠦ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠵᠦᠩ ᠴᠤᠸᠠᠨ ᠣᠨᠴᠠᠭᠠᠢ ᠬᠡᠢ ᠶᠢᠨ ᠺᠣᠮᠫᠠᠨᠢ ᠶᠢᠨ ᠣᠨᠴᠠ ᠴᠡᠪᠡᠷ ᠡᠯᠧᠺᠲᠷᠣᠨ ᠬᠡᠢ ᠪᠡᠶᠡᠲᠦ ᠶᠢᠨ ᠲᠥᠷᠥᠯ ᠵᠦᠢᠯ ᠤᠳᠠᠯ ᠦᠭᠡᠢ ᠠᠰᠢᠭᠯᠠᠯᠲᠠ ᠳᠤ ᠣᠷᠣᠬᠤ ᠪᠠᠷ ᠪᠠᠶᠢᠨ᠎ᠠ᠃ ᠳᠣᠣᠷ᠎ᠠ ᠣᠭᠲᠠᠷᠭᠤᠢ ᠶᠢᠨ ᠠᠵᠤ ᠠᠬᠤᠢ ᠡᠬᠢᠯᠡᠨ ᠲᠥᠯᠥᠪᠰᠢᠵᠦ᠂ 28 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠳᠣᠣᠷ᠎ᠠ ᠣᠭᠲᠠᠷᠭᠤᠢ ᠶᠢᠨ ᠲᠤᠷᠰᠢᠨ ᠨᠢᠰᠬᠦ ᠵᠠᠢ ᠵᠥᠪᠰᠢᠶᠡᠷᠡᠭᠳᠡᠪᠡ᠃ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠥᠪᠥᠷ ᠮᠣᠩᠭᠤᠯ ᠤᠨ ᠳᠣᠣᠷ᠎ᠠ ᠣᠭᠲᠠᠷᠭᠤᠢ ᠶᠢᠨ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠳᠣᠬᠢᠭᠤᠷ ᠳᠣᠯᠤᠭ᠎ᠠ ᠥᠨᠳᠥᠷ ᠢᠯᠭᠠᠮᠵᠢ ᠶᠢᠨ ᠬᠡᠷᠡᠭᠯᠡᠯᠲᠡ ᠶᠢᠨ ᠠᠵᠤ ᠦᠢᠯᠡᠰ ᠤᠨ ᠬᠦᠷᠢᠶᠡᠯᠡᠩ᠂ ᠳᠣᠣᠷ᠎ᠠ ᠣᠭᠲᠠᠷᠭᠤᠢ ᠶᠢᠨ ᠲᠣᠨᠣᠭᠯᠠᠯ ᠤᠨ ᠣᠶᠣᠨᠴᠢ ᠦᠢᠯᠡᠳᠬᠡᠯ ᠤᠨ ᠲᠣᠭᠤᠷᠢᠭ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠪᠠ᠃ ᠪᠦᠬᠦ ᠤᠯᠤᠰ ᠤᠨ ᠠᠩᠬᠠᠳᠠᠭᠴᠢ ᠪᠦᠯᠦᠭ ᠳᠣᠬᠢᠭᠤᠷ ᠳᠣᠯᠤᠭ᠎ᠠ ᠶᠢᠨ ᠬᠡᠪᠴᠢᠶᠡᠵᠢᠭᠰᠡᠨ ᠬᠡᠷᠡᠭᠯᠡᠯᠲᠡ ᠶᠢᠨ ᠲᠤᠷᠰᠢᠯᠲᠠ ᠶᠢᠨ ᠬᠤᠲᠠ ᠪᠣᠯᠪᠠ᠃ ᠣᠶᠢᠷ᠎ᠠ ᠶᠢᠨ ᠬᠡᠳᠦᠨ ᠵᠢᠯ ᠤᠨ ᠲᠠᠰᠤᠷᠠᠯᠲᠠ ᠦᠭᠡᠢ ᠴᠢᠷᠮᠠᠶᠢᠯᠭ᠎ᠠ ᠪᠠᠷ ᠳᠡᠮᠵᠢᠨ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠬᠡᠯᠬᠢᠶᠡᠵᠢᠨ ᠬᠥᠭᠵᠢᠨ᠂ ᠬᠠᠷᠢᠯᠴᠠᠨ ᠤᠶᠠᠯᠳᠤᠵᠤ᠂ ᠦᠢᠯᠡᠳᠬᠦᠨ ᠤ ᠥᠷᠲᠡᠭ ᠨᠢ ᠪᠥᠬᠦ ᠬᠤᠲᠠ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠲᠠᠬᠢ ᠡᠵᠡᠯᠡᠬᠦ ᠬᠤᠪᠢ ᠶᠢᠨ ᠵᠢᠩ ᠨᠢ 90% ᠶᠢ ᠳᠠᠪᠠᠵᠤ᠂ ᠣᠷᠣᠨ ᠤ ᠲᠥᠪ ᠬᠤᠲᠠ ᠶᠢᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠰᠠᠶᠢᠨ ᠬᠠᠨᠳᠤᠰᠢ ᠲᠠᠢ ᠪᠣᠯᠪᠠ᠃      ︵ᠬᠤᠶᠠᠷ︶ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠥᠭᠡᠮᠨᠡᠷᠡᠨ ᠲᠡᠰ ᠳᠡᠪᠰᠢᠪᠡ᠃ ᠣᠯᠠᠨ ᠡᠰᠢᠴᠢᠯᠡᠭᠰᠡᠨ ᠬᠡᠷᠡᠭᠯᠡᠭᠡᠨ ᠤ ᠠᠬᠤᠢ ᠲᠠᠰᠤᠷᠠᠯᠲᠠ ᠥᠬᠡᠶ ᠪᠠᠶᠠᠯᠢᠭᠵᠢᠨ᠂ ᠲᠥᠷᠥᠯ ᠲᠡᠮᠳᠡᠭᠲᠦ ᠶᠢᠨ ᠠᠩᠬᠠᠳᠠᠭᠴᠢ ᠳᠡᠯᠭᠡᠭᠦᠷ᠂ ᠬᠤᠰᠢᠭᠤᠴᠢ ᠳᠡᠯᠭᠡᠭᠦᠷ 32 ᠨᠠᠶᠢᠳᠠᠪᠤᠷᠢᠵᠢᠵᠤ᠂ ︽ᠠᠷᠠᠳ ᠲᠤ ᠲᠥᠬᠦᠮ ᠦᠵᠡᠭᠦᠯᠬᠦ‍ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ︾ ᠢ 10 ᠳᠡᠭᠡᠭᠰᠢᠯᠡᠭᠦᠯᠵᠦ᠂ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠳᠡᠯᠭᠡᠭᠦᠷ ᠢ 60 ᠪᠠᠶᠢᠭᠤᠯᠵᠤ᠂ ᠤᠰᠤᠨ ᠤ ᠡᠷᠭᠢ ᠶᠢᠨ ᠵᠡᠭᠡᠯᠢ᠂ ᠥᠷᠭᠡᠨ ᠭᠤᠳᠤᠮᠵᠢ ᠵᠡᠷᠭᠡ ᠨᠢᠭᠡ ᠪᠦᠯᠦᠭ ᠤᠨᠴᠠᠯᠢᠬᠳᠤ ᠢᠳᠡᠭᠡᠨ ᠤᠮᠳᠠᠭᠠᠨ ᠢ ᠲᠥᠪᠯᠡᠷᠡᠭᠦᠯᠦᠭᠰᠡᠨ ᠵᠡᠭᠡᠯᠢ ᠲᠣᠭᠤᠷᠢᠭ ᠢ ᠪᠣᠶ ᠪᠣᠯᠭᠠᠵᠤ᠂ ᠵᠦᠩ ᠱᠠᠨ ᠪᠠᠷᠠᠭᠤᠨ ᠵᠠᠮ ᠤᠨ ᠬᠤᠳᠠᠯᠳᠤᠭᠠᠨ ᠤ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ︽ᠤᠨᠴᠠᠯᠢᠬᠳᠤ ᠬᠤᠳᠠᠯᠳᠤᠭᠠᠨ ᠤ ᠲᠥᠪᠯᠡᠷᠡᠯ ᠤᠨ ᠲᠣᠭᠤᠷᠢᠭ︾ ᠢᠶᠠᠷ ᠦᠨᠡᠯᠡᠭᠳᠡᠪᠡ᠃ ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠪᠥᠬᠦ ᠲᠠᠯ᠎ᠠ ᠪᠠᠷ ᠡᠬᠢᠯᠡᠵᠦ᠂ ᠯᠣᠣ ᠨᠢᠦ ᠸᠠᠨ ᠤ ᠬᠠᠲᠤᠨ ᠭᠤᠤᠯ ᠤᠨ ᠶᠡᠭᠡ ᠬᠠᠪᠴᠢᠯ ᠢ 5A ᠲᠠᠰ ᠤᠨ ᠦᠵᠡᠮᠵᠢ ᠶᠢᠨ ᠣᠷᠣᠨ ᠢᠶᠠᠷ ᠠᠮᠵᠢᠯᠲᠠ ᠲᠠᠢ ᠡᠭᠦᠳᠦᠨ ᠪᠠᠶᠢᠭᠤᠯᠪᠠ᠃ ᠠᠷᠪᠠᠳᠤᠭᠠᠷ ᠬᠤᠭᠤᠴᠠᠭᠠᠨ ᠤ ︽ᠮᠦᠽᠧᠶ ᠶᠢᠨ ᠦᠵᠡᠰᠬᠦᠯᠡᠩ ᠤᠨ ᠴᠤᠭᠯᠠᠭᠠᠨ︾ ᠢ ᠠᠮᠵᠢᠯᠲᠠ ᠲᠠᠢ ᠳᠠᠭᠠᠭᠠᠨ ᠡᠷᠬᠢᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠭᠠᠵᠠᠷ ᠢ ᠪᠠᠶᠢᠭᠤᠯᠵᠤ᠂ ᠤᠯᠤᠰ ᠤᠨ ᠨᠢᠭᠡᠳᠦᠭᠡᠷ ᠳᠡᠰ ᠤᠨ ᠮᠦᠽᠧᠶ ᠶᠢ 3᠂ ᠬᠤᠶᠠᠳᠤᠭᠠᠷ ᠳᠡᠰ ᠤᠨ ᠮᠦᠽᠧᠶ ᠶᠢ 2 ᠡᠭᠦᠳᠦᠨ ᠪᠠᠶᠢᠭᠤᠯᠵᠤ᠂ ᠤᠷᠲᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ᠂ ᠤᠮᠠᠷᠠᠲᠤ ᠬᠢᠯᠢ ᠶᠢᠨ ᠰᠠᠭᠤᠭᠳᠠᠯ ᠰᠣᠶᠣᠯ ᠤᠷᠠᠯᠢᠭ ᠤᠨ ᠲᠥᠪ ᠢ ᠪᠠᠶᠢᠭᠤᠯᠪᠠ᠃ ᠣᠪᠣᠭ᠎ᠠ ᠲᠣᠰᠬᠤᠨ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠢᠶᠠᠷ ᠦᠨᠡᠯᠡᠭᠳᠡᠵᠦ᠂ ᠳᠡᠯ ᠠᠭᠤᠯᠠ ᠶᠢᠨ ᠴᠡᠨᠡᠯᠡᠯᠲᠡ ᠶᠢᠨ ᠲᠠᠯᠠᠪᠠᠶ ᠤᠯᠤᠰ ᠤᠨ ᠲᠠᠰ ᠤᠨ ᠴᠡᠨᠡᠯᠡᠯᠲᠡ ᠶᠢᠨ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠢᠶᠠᠷ ᠦᠨᠡᠯᠡᠭᠳᠡᠪᠡ᠃ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠲᠣᠮᠣ ᠬᠡᠯᠪᠡᠷᠢ ᠶᠢᠨ ᠳᠠᠭᠤᠯᠠᠯᠭ᠎ᠠ ᠶᠢᠨ ᠲᠤᠭᠯᠠᠯᠲᠠ ᠶᠢ 8 ᠤᠳᠠᠭ᠎ᠠ ᠵᠣᠬᠢᠶᠠᠨ ᠪᠠᠶᠢᠭᠤᠯᠪᠠ᠃ ᠪᠦᠬᠦ ᠵᠢᠯ ᠳᠤ ᠬᠦᠯᠢᠶᠡᠨ ᠠᠪᠤᠭᠰᠠᠨ ᠵᠢᠭᠤᠯᠴᠢᠯᠠᠭᠴᠢᠳ 5500 ᠲᠦᠮᠡᠨ ᠬᠦᠮᠦᠨ ᠤᠳᠠᠭ᠎ᠠ ᠶᠢ ᠳᠠᠪᠠᠪᠠ᠃ ᠲᠦᠷᠦᠭᠦᠤ ᠪᠦᠯᠦᠭ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠭᠦᠢᠯᠭᠡᠭᠡᠨ ᠤ ᠬᠦᠢᠰᠦ ᠶᠢ ᠪᠠᠶᠢᠭᠤᠯᠤᠨ ᠳᠠᠭᠤᠰᠬᠠᠵᠤ᠂ ᠢ ᠱᠦᠨ᠂ ᠶᠤᠸᠠᠨ ᠲᠦᠩ ᠵᠡᠷᠭᠡ ᠲᠥᠷᠥᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ︽ᠲᠢᠶᠠᠨᠵᠢᠨ ᠭᠠᠷᠠᠮ —ᠬᠥᠬᠡᠬᠤᠲᠠ︾ ᠶᠢᠨ ᠣᠷᠣᠨ ᠭᠠᠷᠠᠮ ᠤᠨ ᠬᠠᠮᠲᠤᠷᠠᠭᠰᠠᠨ ᠵᠢᠰᠢᠶᠠᠨ ᠤ ᠭᠠᠯᠲᠤ ᠲᠡᠷᠭᠡ ᠶᠢ ᠠᠮᠵᠢᠯᠲᠠ ᠲᠠᠢ ᠨᠡᠪᠲᠡᠷᠡᠭᠦᠯᠵᠦ᠂ ᠨᠠᠭᠠᠰᠢ ᠴᠠᠭᠠᠰᠢ ᠨᠡᠶᠢᠲᠡ 520 ᠴᠢᠩᠬᠡᠯᠢᠭ ᠵᠥᠭᠡᠭᠡᠪᠦᠷᠢᠯᠡᠵᠦ᠂ ᠨᠡᠩ ᠳᠥᠭᠦᠮ ᠳᠥᠲᠡ ᠪᠠᠷᠠᠭᠠᠨ ᠭᠦᠢᠯᠭᠡᠭᠡᠨ ᠤ ᠰᠢᠰᠲ᠋ᠧᠮᠵᠢ ᠪᠠᠷ ᠣᠷᠣᠨ ᠤ ᠲᠥᠪ ᠬᠤᠲᠠ ᠶᠢᠨ ︽ᠰᠢᠤᠳᠠᠯᠠᠬᠤ ᠶᠢ ᠳᠠᠭᠠᠭᠠᠬᠤ ᠴᠠᠭ ᠦᠶ᠎ᠡ︾ ᠳᠤ ᠪᠦᠬᠦ ᠲᠠᠯ᠎ᠠ ᠪᠠᠷ ᠣᠷᠣᠬᠤ ᠶᠢ ᠲᠤᠯᠭᠠᠭᠤᠷᠢᠯᠠᠪᠠ᠃ ᠬᠠᠳᠠᠭᠠᠯᠠᠮᠵᠢ᠂ ᠵᠢᠭᠡᠯᠡᠯᠭᠡ ᠶᠢᠨ ᠦᠯᠡᠳᠡᠪᠦᠷᠢ ᠴᠥᠮ ︽ᠲᠦᠮᠡᠨ ᠳ᠋ᠦᠩᠰᠢᠭᠤᠷ︾ ᠢ ᠳᠠᠪᠠᠵᠤ᠂ ᠬᠤᠶᠠᠷ ᠵᠢᠯ ᠳᠠᠷᠠᠭᠠᠯᠠᠨ ᠨᠡᠶᠢᠳᠡᠮ ᠠᠰᠢᠭ ᠬᠦᠷᠲᠡᠭᠡᠬᠦ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢᠶᠠᠷ ᠦᠨᠡᠯᠡᠭᠳᠡᠪᠡ᠃ ᠵᠠᠰᠠᠭ ᠤᠨ ᠣᠷᠳᠣᠨ ᠤ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢ ᠪᠠᠶᠢᠭᠤᠯᠵᠤ ᠨᠡᠶᠢᠭᠡᠮ ᠤᠨ ᠬᠥᠷᠥᠩᠭᠡ ᠮᠥᠩᠭᠦ ᠶᠢ 22 ᠳ᠋ᠦᠩᠰᠢᠭᠤᠷ ᠢᠯᠡᠭᠦᠦ ᠲᠥᠭᠦᠷᠢᠭ ᠳᠠᠶᠢᠴᠢᠯᠠᠪᠠ᠂ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠪᠠᠷ ᠪᠠᠩᠬᠢ ᠠᠴᠠ ᠢᠲᠡᠭᠡᠮᠵᠢ ᠣᠯᠭᠤᠭᠰᠠᠨ ᠲᠤᠭ᠎ᠠ ᠶᠢ 1800 ᠳ᠋ᠦᠩᠰᠢᠭᠤᠷ ᠲᠥᠭᠦᠷᠢᠭ ᠰᠢᠬᠠᠮ ᠬᠦᠷᠭᠡᠪᠡ᠂ ᠥᠪᠥᠷ ᠮᠣᠩᠭᠤᠯ ᠤᠨ ᠴᠢᠩ ᠴᠧᠩ ᠰᠦ ᠶᠢᠨ ᠦᠢᠯᠡᠰ ᠤᠨ ᠠᠷᠠᠯᠵᠢᠶᠠᠨ ᠤ ᠲᠥᠪ ᠤᠨ ᠠᠷᠠᠯᠵᠢᠶᠠᠨ ᠤ ᠲᠤᠭ᠎ᠠ ᠨᠡᠶᠢᠲᠡ 6.5 ᠳ᠋ᠦᠩᠰᠢᠭᠤᠷ ᠲᠥᠭᠦᠷᠢᠭ ᠬᠦᠷᠴᠦ᠂ ᠣᠷᠣᠨ ᠤ ᠲᠥᠪ ᠬᠤᠲᠠ ᠶᠢᠨ ᠨᠥᠯᠥᠭᠡᠯᠡᠬᠦ ᠬᠦᠴᠦᠨ᠂ ᠳᠠᠶᠢᠴᠢᠯᠠᠬᠤ ᠬᠦᠴᠦᠨ ᠲᠠᠰᠤᠷᠠᠯᠲᠠ ᠦᠭᠡᠢ ᠳᠡᠭᠡᠭᠰᠢᠯᠡᠪᠡ᠃       ︵ᠭᠤᠷᠪᠠ︶ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠨᠡᠩ ᠴᠢᠩᠭᠠᠷᠠᠪᠠ᠃ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ 10 ᠵᠦᠢᠯ ᠤᠨ ᠪᠦᠬᠦ ᠪᠥᠮᠪᠥᠷᠴᠡᠭ ᠤᠨ ᠲᠡᠷᠢᠭᠦᠨ ᠤ ᠦᠷ᠎ᠡ ᠪᠦᠲᠦᠭᠡᠯ ᠢ ᠣᠯᠤᠭᠰᠠᠨ ᠪᠥᠭᠡᠳ ᠪᠦᠬᠦᠨ ᠢ ᠠᠵᠤ ᠦᠢᠯᠡᠰᠵᠢᠭᠦᠯᠵᠦ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠳᠦᠭᠡᠨ ᠪᠠᠶᠢᠭᠤᠯᠤᠯᠲᠠ ᠶᠢᠨ ᠲᠥᠰᠦᠯ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠬᠢᠨᠠᠯᠲᠠ ᠶᠢ ᠥᠩᠭᠡᠷᠡᠵᠦ᠂ ᠠᠮᠢᠲᠠᠨ ᠤ ᠸᠠᠺᠼᠢᠨ ᠤ ᠰᠢᠨ᠎ᠡ ᠶᠢ ᠡᠭᠦᠳᠬᠦ ᠲᠥᠪ ︽ᠤᠯᠤᠰ ᠤᠨ ᠠᠮᠢᠳᠤ ᠭᠠᠭ᠋ᠠᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠥᠪᠥᠷ ᠮᠣᠩᠭᠤᠯ ᠳᠠᠬᠢ ᠬᠤᠪᠢᠶᠠᠷᠢ ᠲᠥᠪ︾ ᠤᠨ ᠫᠠᠶᠢᠰᠠ ᠡᠯᠭᠦᠵᠦ᠂ ᠠᠵᠤ ᠦᠢᠯᠡᠳᠪᠦᠷᠢ ᠶᠢᠨ ᠵᠥᠭᠡᠯᠡᠨ ᠲᠣᠨᠤᠭ ᠤᠨ ᠠᠵᠤ ᠦᠢᠯᠡᠰ ᠤᠨ ᠰᠢᠨ᠎ᠡ ᠶᠢ ᠡᠭᠦᠳᠬᠦ ᠲᠥᠪ᠂ ᠰᠢᠨᠬᠤᠸᠠ ᠭᠤᠷᠪᠠᠳᠤᠭᠠᠷ ᠲᠥᠪ ᠲᠤᠷᠰᠢᠯᠲᠠ ᠶᠢᠨ ᠲᠠᠰᠤᠭ᠂ ᠬᠤᠸᠠ ᠸᠧᠢ ᠶᠢᠨ ᠥᠪᠥᠷ ᠮᠣᠩᠭᠤᠯ ᠤᠨ ᠣᠷᠣᠨ ᠪᠦᠰᠡ ᠶᠢᠨ ᠶᠡᠷᠦᠩᠬᠡᠢ ᠬᠡᠯᠲᠡᠰ ᠵᠡᠷᠭᠡ ᠨᠢᠭᠡ ᠪᠦᠯᠦᠭ ᠵᠠᠬ᠎ᠠ ᠳᠡᠯᠭᠡᠭᠦᠷᠴᠢᠯᠡᠭᠰᠡᠨ ᠰᠤᠳᠤᠯᠤᠨ ᠨᠡᠭᠡᠭᠡᠬᠦ ᠪᠠᠶᠢᠭᠤᠯᠤᠮᠵᠢ ᠪᠣᠳᠠᠲᠠᠢ ᠠᠵᠢᠯᠯᠠᠪᠠ᠃ ᠨᠢᠭᠡ ᠲᠥᠷᠥᠯ ᠤᠨ ᠦᠷ᠎ᠡ ᠪᠦᠲᠦᠭᠡᠯ ᠨᠢ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠵᠦ᠂ ᠬᠤᠶᠠᠷ ᠴᠡᠭ ᠨᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠡᠭᠦᠷᠭᠡᠯᠡᠵᠦ᠂ ᠬᠤᠶᠠᠷ ᠲᠥᠷᠥᠯ ᠵᠦᠢᠯ ᠨᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠵᠦ᠂ ᠭᠤᠷᠪᠠᠨ ᠲᠥᠷᠥᠯ ᠤᠨ ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠳᠤ ᠣᠷᠣᠪᠠ᠃ 167 ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ  ᠲᠠᠢ ᠬᠠᠮᠲᠤᠷᠠᠯᠴᠠᠭ᠎ᠠ ᠥᠷᠨᠢᠭᠦᠯᠵᠦ᠂ ᠠᠺᠠᠳᠧᠮᠢᠴᠢ ᠪᠠ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ 13 ᠶᠢ ᠰᠢᠨ᠎ᠡ ᠪᠠᠷ ᠪᠠᠶᠢᠭᠤᠯᠵᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 218᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 852᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ 12 ᠰᠢᠨ᠎ᠡ ᠪᠠᠷ ᠨᠡᠮᠡᠭᠳᠡᠪᠡ᠃ ᠰᠢᠨ᠎ᠡ ᠶᠢ ᠡᠭᠦᠳᠬᠦ ᠲᠠᠪᠴᠠᠩ ᠢᠶᠠᠷ ᠳᠠᠮᠵᠢᠭᠤᠯᠤᠨ ᠤᠯᠠᠷᠢᠯᠠᠭᠤᠯᠤᠨ ᠪᠣᠲᠠᠲᠠᠶᠢᠵᠢᠭᠤᠯᠤᠭᠰᠠᠨ ᠦᠷ᠎ᠡ ᠪᠦᠲᠦᠭᠡᠯ 100 ᠵᠦᠢᠯ ᠢ ᠳᠠᠪᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ 1704 ᠰᠢᠨ᠎ᠡ ᠪᠠᠷ ᠳᠠᠩᠰᠠᠯᠠᠭᠤᠯᠪᠠ᠃ ᠪᠥᠬᠦ ᠤᠯᠤᠰ ᠤᠨ ᠠᠩᠬᠠᠳᠠᠭᠴᠢ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠮᠣ ᠳ᠋ᠠᠶᠢᠲ᠋ᠠ ᠶᠢᠨ ᠲᠠᠪᠴᠠᠩ ᠢ ᠡᠬᠢᠯᠡᠭᠦᠯᠦᠨ ᠡᠵᠡᠩᠨᠡᠵᠦ᠂ ᠪᠥᠬᠦ ᠣᠷᠣᠨ ᠤ ᠠᠩᠬᠠᠳᠠᠭᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠭᠦᠬᠦ ᠲᠢᠩᠬᠢᠮ ᠢ ᠪᠠᠶᠢᠭᠤᠯᠬᠤ ᠪᠠᠷ ᠵᠥᠪᠰᠢᠶᠡᠷᠡᠭᠳᠡᠪᠡ᠃      ︵ᠲᠦᠷᠪᠡ︶ ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠳᠤ ᠨᠠᠩ ᠴᠢᠩᠭ᠎ᠠ ᠬᠥᠳᠡᠯᠭᠡᠬᠦ ᠬᠦᠴᠦᠨ ᠡᠷᠴᠢᠯᠡᠭᠳᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽4.0︾ ᠬᠡᠪ ᠤᠨ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠢ ᠳᠠᠩᠰᠠᠯᠠᠬᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠪᠣᠯᠪᠠ᠃ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 1296 ᠵᠦᠢᠯ ᠪᠠᠶᠢᠭᠰᠠᠨ ᠠᠴᠠ 405 ᠵᠦᠢᠯ ᠪᠣᠯᠭᠠᠨ ᠴᠣᠮᠬᠠᠳᠬᠠᠵᠤ᠂ ᠪᠥᠬᠦ ᠤᠯᠤᠰ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢᠶᠠᠷ ᠬᠠᠮᠤᠭ ᠤᠨ ᠴᠥᠭᠡᠨ ᠬᠤᠲᠠ ᠶᠢᠨ ᠡᠩᠨᠡᠭᠡᠨ ᠳᠤ ᠣᠷᠣᠪᠠ᠃ ᠰᠢᠨ᠎ᠡ ᠪᠠᠷ ᠳᠠᠩᠰᠠᠯᠠᠭᠤᠯᠤᠭᠰᠠᠨ ᠡᠵᠡᠩᠨᠡᠯᠲᠡ ᠶᠢᠨ ᠭᠤᠣᠯ ᠴᠣᠭᠴᠠ 7.8 ᠲᠦᠮᠡ ᠬᠦᠷᠴᠦ᠂ 8.9% ᠪᠠᠷ ᠨᠡᠮᠡᠭᠳᠡᠪᠡ︔ 2024 ᠣᠨ ᠤ ᠬᠠᠮᠤᠭ ᠤᠨ ᠶᠡᠭᠡ ᠪᠡᠯᠡ ᠣᠷᠣᠭᠤᠯᠤᠯᠲᠠ ᠶᠢᠨ ᠥᠷᠲᠡᠭ ᠲᠠᠢ ᠬᠤᠳᠠ᠂ 2024 ᠣᠨ ᠤ ᠴᠢᠨᠠᠷ ᠰᠠᠶᠢᠲᠠᠢ ᠬᠥᠭᠵᠢᠯᠲᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠬᠠᠮᠤᠭ ᠤᠨ ᠰᠠᠶᠢᠨ ᠬᠤᠲᠠ ᠪᠠᠷ ᠦᠨᠡᠯᠡᠭᠳᠡᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠬᠥᠷᠥᠩᠭᠡ ᠶᠢᠨ ᠠᠰᠢᠭ ᠣᠷᠣᠯᠭ᠎ᠠ 4.5 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ ᠡᠵᠡᠩᠨᠡᠯᠲᠡ ᠶᠢᠨ ᠣᠷᠣᠯᠭ᠎ᠠ 3 ᠵᠢᠯ ᠳᠠᠷᠠᠭᠠᠯᠠᠨ ᠬᠤᠶᠠᠷ ᠣᠷᠣᠨᠲᠤ ᠲᠣᠭᠠᠨ ᠤ ᠨᠡᠮᠡᠭᠳᠡᠯ ᠢ ᠪᠠᠲᠤᠯᠠᠪᠠ᠃ ᠭᠠᠳᠠᠭᠠᠳᠤ ᠨᠡᠭᠡᠭᠡᠯᠲᠡ ᠨᠢ ᠠᠮᠢᠵᠢᠷᠠᠯ ᠤᠨ ᠬᠦᠴᠦᠨ ᠢ ᠨᠡᠩ ᠬᠥᠭᠵᠢᠭᠡᠵᠦ᠂ TIR ᠣᠯᠠᠨ ᠤᠯᠤᠰ ᠤᠨ ᠠᠴᠢᠶᠠᠨ ᠤ ᠮᠠᠰᠢᠨ ᠲᠡᠷᠭᠡ ᠶᠢᠨ ᠵᠢᠰᠢᠶᠠᠨ ᠤ ᠲᠡᠷᠭᠡ ᠂ ᠪᠥᠬᠦ ᠣᠷᠣᠨ ᠤ JSQ ᠶᠢᠨ ᠲᠠᠸᠠᠷ ᠤᠨ ᠮᠠᠰᠢᠨ ᠲᠡᠷᠭᠡ ᠶᠢᠨ ᠵᠢᠰᠢᠶᠠᠨ ᠤ ᠲᠡᠷᠭᠡ ᠶᠢ ᠠᠩᠬ᠎ᠠ ᠤᠳᠠᠭ᠎ᠠ ᠨᠡᠪᠲᠡᠷᠡᠭᠦᠯᠵᠦ᠂ ᠳᠤᠮᠳᠠᠳᠤ ᠧᠦ᠋ᠷᠣᠫᠠ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢ 120 ᠤᠳᠠᠭ᠎ᠠ ᠠᠶᠠᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 140% ᠪᠠᠷ ᠨᠡᠮᠡᠭᠳᠡᠪᠡ᠃ 211 ᠠᠭᠠᠷ ᠤᠨ ᠠᠶᠠᠯᠠᠯ ᠤᠨ ᠱᠤᠭᠤᠮ ᠢ 93 ᠬᠤᠲᠠ ᠳᠤ ᠨᠡᠪᠲᠡᠷᠡᠭᠦᠯᠦᠨ᠂ ᠠᠶᠠᠨᠴᠢᠳ ᠢ ᠠᠴᠢᠵᠤ ᠪᠠᠭᠤᠯᠭᠠᠭᠰᠠᠨ ᠲᠤᠭ᠎ᠠ 1300 ᠲᠦᠮᠡᠨ ᠬᠥᠮᠦᠨ ᠤᠳᠠᠭ᠎ᠠ ᠶᠢ ᠳᠠᠪᠠᠪᠠ᠃ ︽ᠬᠥᠬᠡᠬᠤᠲᠠ—ᠮᠣᠰᠺᠸᠠ︾ ᠪᠠᠷᠠᠭᠠᠨ ᠤ ᠲᠡᠭᠡᠭᠡᠪᠦᠷᠢ ᠶᠢᠨ ᠠᠭᠠᠷ ᠠᠶᠠᠯᠠᠯ ᠤᠨ ᠱᠤᠭᠤᠮ ᠨᠡᠪᠲᠡᠷᠡᠵᠦ᠂ ᠴᠠᠭᠠᠨ ᠰᠤᠪᠤᠷᠭ᠎ᠠ ᠠᠭᠠᠷ ᠠᠶᠠᠯᠠᠯ ᠤᠨ ᠪᠣᠭᠤᠮᠲᠠ ᠶᠢᠨ ᠬᠥᠯᠳᠡᠭᠡᠭᠰᠡᠨ ᠰᠣᠷᠭᠤᠭ ᠤᠰᠤᠨ ᠭᠠᠷᠤᠯᠲᠠ ᠶᠢᠨ ᠦᠢᠯᠡᠳᠬᠦᠨ ᠤ ᠲᠣᠭᠲᠠᠭᠰᠠᠨ ᠬᠢᠨᠠᠨ ᠬᠠᠮᠢᠶᠠᠷᠬᠤ ᠲᠠᠯᠠᠪᠠᠢ ᠶᠢ ᠠᠰᠢᠭᠯᠠᠯᠲᠠ ᠳᠤ ᠣᠷᠣᠭᠤᠯᠪᠠ᠃ ᠠᠯᠠᠭ ᠠᠭᠤᠯᠠ ᠶᠢᠨ ᠠᠮᠠ᠂ ᠬᠤᠷᠭᠤᠰ ᠤᠨ ᠬᠠᠭᠤᠷᠠᠢ ᠵᠠᠮ ᠤᠨ ᠪᠣᠭᠤᠮᠲᠠ ᠯᠤᠭ᠎ᠠ ᠪᠥᠬᠦ ᠲᠠᠯ᠎ᠠ ᠪᠠᠷ ᠬᠠᠮᠲᠤᠷᠠᠯᠴᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ ᠠᠩᠬ᠎ᠠ ᠤᠳᠠᠭ᠎ᠠ 200 ᠳ᠋ᠦᠩᠰᠢᠭᠤᠷ ᠲᠥᠭᠦᠷᠢᠭ ᠢ ᠳᠠᠪᠠᠪᠠ᠃ ᠣᠯᠠᠨ ᠤᠯᠤᠰ ᠤᠨ ᠨᠥᠬᠦᠷᠰᠡᠭ ᠬᠤᠲᠠ ᠶᠢᠨ ᠭᠠᠷᠮᠠᠭᠠᠢ ᠬᠤᠪᠢ ᠨᠡᠮᠡᠷᠢ ᠶᠢᠨ ᠱᠠᠩᠨᠠᠯ ᠢ ᠬᠦᠷᠲᠡᠪᠡ᠃ ᠪᠡᠭᠡᠵᠢᠩ ᠤᠨ ᠬᠠᠢ ᠳ᠋ᠢᠶᠠᠨ ᠲᠣᠭᠤᠷᠢᠭ ᠲᠠᠢ ︽ᠬᠤᠶᠠᠷ ᠴᠠᠭ ᠤᠨ ᠰᠢᠨ᠎ᠡ ᠶᠢ ᠡᠭᠦᠳᠬᠦ ᠲᠣᠭᠤᠷᠢᠭ︾ ᠤᠨ ᠬᠠᠮᠲᠤᠷᠠᠯᠴᠠᠭ᠎ᠠ ᠪᠠᠶᠢᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠥᠬᠡᠬᠤᠲᠠ ᠶᠢᠨ ᠰᠤᠳᠤᠯᠭᠠᠨ ᠤ ᠲᠥᠪ ᠵᠢᠩᠬᠢᠨᠢ ᠪᠠᠷ ᠪᠠᠶᠢᠭᠤᠯᠤᠭᠳᠠᠪᠠ᠃ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠳᠥᠷᠪᠡᠨ ᠬᠤᠲᠠ ᠳᠤ ᠨᠡᠶᠢᠳᠡᠮ ᠭᠦᠢᠴᠡᠳᠬᠡᠬᠦ ᠵᠦᠢᠯᠡᠰ 337 ᠵᠦᠢᠯ ᠬᠦᠷᠪᠡ᠃      ︵ᠲᠠᠪᠤ ︶ ᠬᠤᠲᠠ ᠬᠥᠳᠡᠭᠡ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ︽ᠬᠥᠬᠡᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021—2035 ᠣᠨ︶︾ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ ᠶᠢ ᠣᠯᠵᠤ᠂ ︽ᠤᠮᠠᠷᠠᠲᠤ ᠣᠷᠣᠨ ᠤ ᠴᠢᠬᠤᠯᠠ ᠲᠥᠪ ᠬᠤᠲᠠ︾ ︽ᠤᠯᠤᠰ ᠤᠨ ᠲᠡᠤᠬᠡ ᠰᠣᠶᠣᠯ ᠤᠨ ᠨᠠᠷᠠᠲᠤ ᠬᠤᠲᠠ︾ ︽ᠪᠥᠬᠦ ᠤᠯᠤᠰ ᠤᠨ ᠴᠢᠨᠠᠷᠲᠠᠶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ‌ᠬᠤᠲᠠ︾ ︽ᠣᠷᠣᠨ ᠪᠦᠰᠡ ᠶᠢᠨ ᠴᠢᠨᠠᠷᠲᠠᠶ ᠲᠡᠷᠢᠭᠦᠨ ᠤ ᠦᠢᠯᠡᠳᠬᠦ ᠦᠢᠯᠡᠰ ᠤᠨ ᠰᠠᠭᠤᠷᠢᠨ ᠭᠠᠵᠠᠷ︾ ᠵᠡᠷᠭᠡ ᠭᠤᠤᠯ ᠪᠠᠶᠢᠷᠢ ᠲᠣᠭᠲᠠᠭᠠᠯᠲᠠ ᠨᠢ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠪᠠ᠃ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠦᠨᠳᠦᠰᠦᠨ ᠳᠤ ᠪᠠᠨ ᠪᠠᠷᠢᠯᠭ᠎ᠠ ᠳᠠᠭᠤᠰᠴᠤ᠂ ᠯᠣᠣ ᠨᠢᠤ ᠸᠠᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠵᠢᠩᠬᠢᠨᠢ ᠪᠠᠷ ᠠᠶᠠᠯᠠᠯ ᠨᠡᠪᠲᠡᠷᠡᠪᠡ᠃ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠮ ᠲᠡᠷᠭᠡ ᠨᠡᠪᠲᠡᠷᠡᠬᠦ ᠨᠥᠬᠦᠴᠡᠯ ᠢ ᠪᠦᠷᠢᠯᠳᠦᠭᠦᠯᠵᠦ᠂ S311 ᠦᠴᠤᠸᠠᠨ ᠠᠴᠠ ᠶᠠᠩ ᠱᠤ᠋ ᠪᠠ ᠬᠦᠷᠬᠦ ᠵᠠᠰᠠᠮᠠᠯ ᠵᠠᠮ᠂ S29 ᠬᠥᠬᠡᠬᠤᠲᠠ ᠠᠴᠠ ᠯᠢᠶᠠᠩᠴᠧᠩ ᠬᠦᠷᠬᠦ ᠲᠦᠷᠭᠡᠨ ᠤ ᠵᠠᠮ ᠵᠡᠷᠭᠡ ᠲᠥᠷᠥᠯ ᠵᠦᠢᠯ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠣᠷᠣᠨ ᠤ ᠲᠥᠪ ᠬᠤᠲᠠ ᠶᠢᠨ ᠢᠷᠡᠭᠡᠳᠦᠢ ᠶᠢᠨ ᠬᠥᠭᠵᠢᠯᠲᠡ ᠳᠤ ᠬᠤᠯᠪᠣᠭᠳᠠᠬᠤ ᠬᠠᠲᠤᠨ ᠭᠤᠣᠯ ᠤᠨ ᠤᠰᠤ ᠶᠢ ᠬᠥᠬᠡᠬᠤᠲᠠ ᠳᠤ ᠲᠠᠲᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠪᠡ᠃ ︽ᠬᠠᠯᠠᠭᠤᠨ ᠳᠤᠯᠠᠭᠠᠨ ᠤ ᠢᠨᠵᠧᠨᠧᠷᠢᠩ︾ ᠢ ᠲᠡᠭᠦᠰ ᠠᠮᠵᠢᠯᠲᠠ ᠲᠠᠢ ᠲᠡᠭᠦᠰᠬᠡᠨ᠂ ᠢᠯᠴᠢ ᠬᠠᠩᠭᠠᠬᠤ ᠴᠢᠳᠠᠪᠤᠷᠢ ᠰᠢᠨ᠎ᠡ ᠪᠠᠷ 3800 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠵᠦ᠂ 209 ᠺᠢᠯᠣᠮᠧᠲᠷ ᠬᠤᠭᠤᠯᠠᠢ ᠲᠣᠣᠷ ᠢ ᠰᠢᠨ᠎ᠡ ᠪᠠᠷ ᠪᠤᠶᠤ ᠥᠭᠡᠷᠡᠴᠢᠯᠡᠨ ᠪᠠᠶᠢᠭᠤᠯᠵᠤ᠂ ᠬᠤᠲᠠ ᠶᠢᠨ ᠢᠯᠴᠢ ᠬᠠᠩᠭᠠᠬᠤ ︽O︾ ᠬᠡᠯᠪᠡᠷᠢ ᠶᠢᠨ ᠪᠢᠲᠡᠭᠦᠦ ᠴᠠᠭᠠᠷᠢᠭ ᠢ ᠪᠥᠬᠦ ᠲᠠᠯ᠎ᠠ ᠪᠠᠷ ᠪᠦᠷᠢᠯᠳᠦᠭᠦᠯᠪᠡ᠃ ᠬᠠᠶᠢᠮᠢᠶᠠᠨ ᠬᠤᠲᠠ ᠶᠢᠨ 54 ᠵᠢᠱᠢᠶ᠎ᠡ ᠦᠵᠡᠭᠦᠯᠬᠦ ᠲᠥᠷᠥᠯ ᠵᠦᠢᠯ ᠢ ᠪᠡᠶᠡᠯᠡᠭᠦᠯᠵᠦ᠂ 229 ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠵᠤ᠂ 502 ᠬᠤᠷᠢᠶᠠᠯᠠᠯ ᠤᠨ ︽ᠤᠰᠤ ᠬᠡᠷᠡᠭᠯᠡᠬᠦ ᠳᠤ ᠬᠦᠴᠢᠷ︾ ᠠᠰᠠᠭᠤᠳᠠᠯ ᠢ ᠰᠢᠢᠳᠪᠦᠷᠢᠯᠡᠪᠡ᠃ 209 ᠺᠢᠯᠣᠮᠧᠲᠷ ᠬᠤᠲᠠ ᠶᠢᠨ ᠨᠣᠭᠤᠭᠠᠨ ᠵᠠᠮ᠂ 215 ᠬᠠᠷᠮᠠᠨ ᠴᠡᠴᠡᠷᠯᠢᠭ ᠢ ᠬᠠᠮᠠᠭᠠᠯᠠᠨ ᠳᠡᠭᠡᠭᠰᠢᠯᠡᠭᠦᠯᠵᠦ᠂ ᠶᠡᠭᠡ ᠪᠠᠭ᠎ᠠ ᠴᠡᠴᠡᠷᠯᠢᠭ ᠤᠨ ᠶᠡᠷᠦᠩᠬᠡᠢ ᠲᠤᠭ᠎ᠠ 1009 ᠬᠦᠷᠪᠡ᠃ ᠠᠮᠤ ᠪᠤᠳᠠᠭᠠᠨ ᠤ ᠤᠨᠠᠯᠲᠠ 38.98 ᠳ᠋ᠦᠩᠰᠢᠭᠤᠷ ᠵᠢᠩ ᠬᠦᠷᠴᠦ᠂ ︽ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ︾ ᠶᠢ ᠪᠡᠶᠡᠯᠡᠭᠦᠯᠵᠦ᠂ 14.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠪᠡᠯᠡᠳᠬᠡᠮᠵᠢᠲᠦ ᠲᠠᠷᠢᠶᠠᠯᠠᠩ 1 ᠲᠦᠮᠡᠨ ᠮᠦ᠂ ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠶᠢᠨ ᠲᠠᠷᠢᠶ᠎ᠠ ᠶᠢ 3.6 ᠲᠦᠮᠡᠨ ᠮᠦ ᠰᠢᠨ᠎ᠡ ᠪᠠᠷ ᠨᠡᠮᠡᠭᠳᠡᠭᠦᠯᠪᠡ᠃ ᠵᠣᠯᠭᠠᠭᠤᠯᠬᠤ ᠪᠡᠯᠡ ᠮᠥᠩᠭᠦ ᠳᠤ 7.4 ᠳ᠋ᠦᠩᠰᠢᠭᠤᠷ ᠲᠥᠭᠦᠷᠢᠭ ᠣᠷᠣᠭᠤᠯᠵᠤ᠂ 254 ᠬᠠᠪᠰᠤᠷᠤᠨ ᠲᠡᠳᠬᠦᠬᠦ ᠲᠥᠷᠥᠯ ᠵᠦᠢᠯ ᠢ ᠬᠡᠷᠡᠭᠵᠢᠭᠦᠯᠪᠡ᠃ ᠡᠪ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢᠶᠠᠷ 4 ᠵᠦᠪᠰᠢᠶᠡᠷᠡᠭᠳᠡᠪᠡ᠃ ︽ᠭᠤᠷᠪᠠᠨ ᠬᠤᠪᠢᠷᠠᠯ︾ ᠥᠭᠡᠷᠡᠴᠢᠯᠡᠯᠲᠡ ᠶᠢᠨ ᠲᠤᠷᠰᠢᠯᠲᠠ ᠶᠢᠨ ᠲᠣᠰᠬᠤᠨ 100 ᠬᠦᠷᠪᠡ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠡᠭᠦᠳᠦᠨ ᠪᠠᠶᠢᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠥᠷᠭᠡᠳᠬᠡᠵᠦ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ 112 ᠬᠡᠷᠡᠭᠵᠢᠭᠦᠯᠪᠡ᠃ 319 ᠲᠦᠮᠡᠨ ᠮᠥ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠨᠢᠭᠡ ᠵᠢᠯ ᠤᠷᠢᠳᠴᠢᠯᠠᠨ ᠪᠡᠶᠡᠯᠡᠭᠦᠯᠪᠡ᠃      ︵ᠵᠢᠷᠭᠤᠭ᠎ᠠ︶ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠠᠮᠠᠭᠠᠯᠠᠯᠲᠠ ᠶᠢᠨ ᠦᠷ᠎ᠡ ᠪᠦᠲᠦᠭᠡᠯ ᠢᠯᠡᠳᠲᠡ ᠪᠣᠯᠪᠠ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠵᠢᠷᠭᠤᠭᠠᠨ ᠵᠢᠯ ᠤᠷᠢᠳᠴᠢᠯᠠᠨ ᠪᠡᠶᠡᠯᠡᠭᠦᠯᠵᠦ᠂ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠤᠨ ᠨᠡᠭᠦᠷᠡᠰᠦᠲᠥ᠋ᠷᠥᠭᠴᠢ ᠶᠢᠨ ᠨᠥᠭᠡᠴᠡ ᠶᠢᠨ ᠦᠨᠳᠦᠰᠦᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠤᠨ᠂ ᠨᠡᠭᠦᠷᠡᠰᠦᠲᠥ᠋ᠷᠥᠭᠴᠢ ᠶᠢ ᠤᠬᠢᠶᠠᠵᠤ ᠨᠡᠭᠡᠭᠡᠨ ᠬᠥᠭᠵᠢᠭᠦᠯᠬᠦ ᠳᠤ 45 ᠲᠦᠮᠡᠨ ᠮᠥ ᠣᠶᠢᠵᠢᠭᠤᠯᠵᠤ ᠨᠥᠭᠡᠴᠡᠯᠡᠪᠡ᠃ ᠯᠠᠮᠠ ᠶᠢᠨ ᠠᠶᠢᠯ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠡᠬᠢᠯᠡᠨ ᠪᠠᠶᠢᠭᠤᠯᠵᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠣᠯ ᠴᠣᠭᠴᠠ ᠶᠢᠨ ᠪᠠᠷᠢᠯᠭ᠎ᠠ ᠳᠠᠭᠤᠰᠪᠠ᠃ ᠲᠣᠭᠲᠠᠬᠤ ᠴᠢᠩ ᠱᠦᠢ ᠾᠧ ᠬᠦᠷᠢᠶᠡᠯᠡᠩ ᠲᠣᠭᠤᠷᠢᠭ ᠤᠨ ᠳᠠᠬᠢᠯᠲᠠ ᠤᠰᠤ ᠶᠢ ᠬᠤᠯᠠ ᠳᠠᠮᠵᠢᠭᠤᠯᠬᠤ ᠬᠤᠭᠤᠯᠠᠢ ᠲᠣᠣᠷ ᠤᠨ ᠪᠠᠷᠢᠯᠭ᠎ᠠ᠂ ᠶᠢᠨ ᠴᠢᠶᠣᠣ ᠶᠢᠨ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠬᠠᠲᠤᠨ ᠭᠤᠣᠯ ᠤᠨ ᠭᠤᠣᠯ ᠤᠷᠤᠰᠬᠠᠯ᠂ ᠭᠤᠣᠯ ᠰᠠᠯᠪᠤᠷᠢ ᠤᠷᠤᠰᠬᠠᠯ ᠤᠨ ᠮᠠᠭᠤ V ᠲᠥᠷᠥᠯ ᠤᠨ ᠤᠰᠤᠨ ᠴᠣᠭᠴᠠ ᠶᠢ ᠪᠦᠬᠦᠨ ᠢ ᠠᠷᠢᠯᠭᠠᠪᠠ᠃ ᠬᠤᠲᠠ ᠲᠣᠭᠤᠷᠢᠭ ᠪᠠ ᠰᠢᠶᠠᠨ ᠴᠡᠪᠡᠷ ᠳᠤᠯᠠᠭᠠᠯᠠᠭ᠎ᠠ ᠪᠠᠷ ᠪᠦᠷᠢᠨ ᠪᠦᠷᠬᠦᠭᠦᠯᠪᠡ᠃ ᠣᠷᠴᠢᠨ ᠲᠣᠭᠤᠷᠢᠨ ᠤ ᠠᠭᠠᠷ ᠤᠨ 6 ᠵᠦᠢᠯ ᠤᠨ ᠭᠦᠢᠴᠡᠳᠬᠡᠯ ᠲᠤᠭ᠎ᠠ ᠶᠢ ᠪᠦᠬᠦᠨ ᠢ ᠪᠠᠷᠢᠮᠵᠢᠶ᠎ᠠ ᠳᠤ ᠬᠦᠷᠭᠡᠵᠦ᠂ ᠠᠭᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ 312 ᠡᠳᠦᠷ ᠬᠦᠷᠴᠦ᠂ ᠳᠡᠭᠡᠷ᠎ᠡ ᠵᠢᠯ ᠤᠨ ᠬᠢ ᠠᠴᠠ 20 ᠡᠳᠦᠷ ᠨᠡᠮᠡᠭᠳᠡᠵᠦ᠂ 5.2 ᠵᠠᠭᠤᠨ ᠤ ᠬᠤᠪᠢ ᠳᠡᠭᠡᠭᠰᠢᠯᠡᠪᠡ᠃ ᠮᠣᠯᠣᠭᠲᠠᠢ ᠶᠢᠨ ᠪᠠᠷᠢᠯᠭ᠎ᠠ ᠶᠢᠨ ᠬᠤᠭ ᠨᠣᠪᠰᠢ ᠶᠢ ᠳᠠᠬᠢᠨ ᠠᠰᠢᠭᠯᠠᠬᠤ ᠲᠠᠯᠠᠪᠠᠶ᠂ ᠪᠠᠷᠢᠯᠭ᠎ᠠ ᠶᠢᠨ ᠵᠠᠰᠠᠯᠭ᠎ᠠ ᠶᠢᠨ ᠬᠤᠭ ᠨᠣᠪᠰᠢ ᠶᠢ ᠢᠯᠭᠠᠨ ᠬᠤᠪᠢᠶᠠᠬᠤ 6 ᠲᠥᠪ ᠢ ᠪᠥᠲᠥᠭᠡᠨ ᠪᠠᠶᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠵᠦ ᠠᠰᠢᠭᠯᠠᠬᠤ ᠵᠢᠷᠤᠮᠵᠢᠯ ᠥᠬᠡᠶ ᠠᠰᠠᠭᠤᠳᠠᠯ ᠢ ᠰᠢᠢᠳᠪᠦᠷᠢᠯᠡᠪᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠪᠥᠬᠦ ᠤᠯᠤᠰ ᠤᠨ ᠦᠨᠡᠯᠡᠯᠲᠡ ᠵᠢᠱᠢᠯᠲᠡ ᠳᠤ 80 ᠬᠤᠲᠠ ᠶᠢᠨ ᠳᠤᠮᠳᠠ 10 ᠳ᠋ᠤᠭᠠᠷ ᠲᠤ ᠣᠷᠣᠪᠠ᠃      ︵ᠳᠤᠯᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠨᠡᠮᠡᠭᠳᠡᠪᠡ᠃ ᠭᠤᠷᠪᠠᠨ ᠵᠢᠯ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠪᠥᠬᠦ ᠤᠯᠤᠰ ᠤᠨ ᠪᠣᠯᠪᠠᠰᠤᠨ ᠬᠤᠲᠠ ᠶᠢᠨ ᠪᠠᠶᠢᠭᠤᠯᠤᠯᠲᠠ ᠶᠢᠨ ᠣᠨ ᠤ ᠦᠨᠡᠯᠡᠯᠲᠡ ᠶᠢ ᠲᠣᠭᠲᠠᠭᠰᠠᠨ ᠬᠤᠭᠤᠴᠠᠭᠠᠨ ᠳᠤ ᠪᠠᠨ ᠬᠦᠯᠢᠶᠡᠪᠡ᠃ ︽ᠭᠤᠷᠪᠠᠨ ᠵᠢᠯ ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ︾ ᠬᠠᠷᠠᠯᠲᠠ ᠶᠢ ᠬᠠᠭᠠᠰ ᠵᠢᠯ ᠤᠷᠢᠳᠴᠢᠯᠠᠨ ᠪᠡᠶᠡᠯᠡᠭᠦᠯᠵᠦ᠂ ︽ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ 25 ᠵᠤᠷᠪᠤᠰ︾ ᠢ ᠨᠡᠶᠢᠲᠡᠯᠡᠵᠦ᠂ ᠤᠯᠤᠰ ᠤᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠬᠢᠨᠠᠯᠲᠠ ᠰᠢᠯᠭᠠᠯᠲᠠ ᠳᠤ ᠬᠢᠷᠢ ᠲᠡᠩᠴᠡᠵᠦ᠂ ᠤᠯᠤᠰ ᠤᠨ ᠲᠠᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠦᠨᠡᠯᠡᠯᠲᠡ ᠳᠤ ᠬᠢᠷᠢ ᠲᠡᠩᠴᠡᠪᠡ᠃ ᠣᠷᠣᠨ ᠬᠤᠲᠠ ᠬᠠᠮᠲᠤᠷᠠᠨ ᠪᠠᠶᠢᠭᠤᠯᠤᠭᠰᠠᠨ ᠣᠶᠤᠨᠴᠢ ᠠᠵᠢᠯ ᠣᠯᠭᠤᠯᠲᠠ ᠶᠢᠨ ᠦᠢᠯᠡᠴᠢᠯᠡᠭᠡᠨ ᠤ ᠡᠭᠦᠯᠡᠨ ᠲᠠᠪᠴᠠᠩ ᠠᠰᠢᠭᠯᠠᠯᠲᠠ ᠳᠤ ᠣᠷᠣᠪᠠ᠃ ᠪᠦᠬᠦ ᠣᠷᠣᠨ ᠤ ᠠᠩᠬᠠᠳᠠᠭᠴᠢ ᠲᠣᠬᠢᠷᠠᠭᠤᠯᠬᠤ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠲᠥᠷᠥᠯ ᠵᠦᠢᠯ ᠪᠣᠯᠬᠤ ︽ᠵᠠᠯᠠᠭᠤᠴᠤᠳ ᠤᠨ ᠨᠡᠶᠢᠭᠡᠮ ᠲᠣᠭᠤᠷᠢᠭ︾ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠪᠥᠬᠦ ᠤᠯᠤᠰ ᠤᠨ ᠴᠢᠳᠠᠪᠤᠷᠢᠲᠠᠨ ᠤ ᠬᠥᠭᠵᠢᠯᠲᠡ ᠶᠢᠨ ᠠᠮᠢ ᠠᠬᠤᠶ ᠶᠢᠨ ᠬᠤᠲᠠ ᠶᠢᠨ 50 ᠬᠦᠴᠦᠷᠬᠡᠭ ᠲᠤ ᠰᠣᠩᠭᠤᠭᠳᠠᠵᠤ᠂ ᠪᠥᠬᠦ ᠬᠤᠲᠠ ᠶᠢᠨ ᠬᠤᠲᠠ ᠪᠠᠯᠭᠠᠰᠤᠨ ᠤ 6.2 ᠲᠦᠮᠡᠨ ᠬᠥᠮᠦᠨ ᠰᠢᠨ᠎ᠡ ᠪᠠᠷ ᠠᠵᠢᠯ ᠣᠯᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦ 36.7 ᠲᠦᠮᠡᠨ ᠬᠥᠮᠦᠨ ᠢ ᠰᠢᠯᠵᠢᠭᠦᠯᠦᠨ ᠠᠵᠢᠯ ᠣᠯᠭᠤᠪᠠ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ 55 ᠶᠢ ᠰᠢᠨ᠎ᠡ ᠪᠠᠷ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ 20 ᠶᠢ ᠠᠰᠢᠭᠯᠠᠯᠲᠠ ᠳᠤ ᠣᠷᠣᠭᠤᠯᠤᠨ᠂ ᠰᠤᠷᠤᠭᠴᠢ ᠶᠢᠨ ᠣᠷᠣᠨ ᠲᠤᠭ᠎ᠠ ᠶᠢ 2.4 ᠲᠦᠮᠡ ᠰᠢᠨ᠎ᠡ ᠪᠠᠷ ᠨᠡᠮᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠨᠢᠭᠡᠳᠦᠭᠡᠷ ᠬᠤᠭᠤᠴᠠᠭ᠎ᠠ ᠠᠰᠢᠭᠯᠠᠯᠲᠠ ᠳᠤ ᠣᠷᠣᠬᠤ ᠨᠥᠬᠦᠴᠡᠯ ᠢ ᠪᠦᠷᠢᠯᠳᠦᠭᠦᠯᠪᠡ᠃ ︽ᠳᠥᠷᠪᠡᠨ ᠨᠢᠭᠡ︾ ᠶᠢᠨ ᠢᠨᠵᠧᠨᠧᠷᠢᠩ ᠤᠨ ᠰᠤᠷᠭᠠᠭᠤᠯᠢ ᠶᠢ 66 ᠪᠠᠶᠢᠭᠤᠯᠵᠤ᠂ ︽ᠨᠠᠷᠠᠲᠤ ᠰᠤᠷᠭᠠᠭᠤᠯᠢ +︾ ᠶᠢᠨ ᠰᠤᠷᠭᠠᠨ ᠬᠥᠮᠦᠵᠢᠯ ᠤᠨ ᠪᠦᠯᠦᠭᠯᠡᠯ ᠢ 87 ᠵᠣᠬᠢᠶᠠᠨ ᠪᠠᠶᠢᠭᠤᠯᠵᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠂ ᠪᠡᠭᠡᠵᠢᠩ ᠶᠡᠭᠡ ᠰᠤᠷᠭᠠᠭᠤᠯᠢ ᠶᠢᠨ ᠶᠢᠨ ᠴᠢᠦ ᠪᠦᠯᠦᠭᠯᠡᠯ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠪᠡᠭᠡᠵᠢᠩ ᠬᠤᠲᠠ ᠶᠢᠨ ᠵᠠᠭᠤ ᠪᠦᠭᠡᠳ ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ 16 ᠣᠷᠣᠨ ᠤ ᠭᠠᠳᠠᠨᠠᠬᠢ ᠨᠠᠷᠠᠲᠤ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠪᠡ᠃ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠪᠦᠬᠦ ᠣᠷᠣᠨ ᠤ ᠠᠩᠬᠠᠳᠠᠭᠴᠢ ᠳᠥᠷᠪᠡᠨ ᠣᠳᠣᠨ ᠳᠡᠰ ᠤᠨ ︽ᠪᠡᠭᠡᠵᠢᠩ ᠶᠡᠭᠡ ᠰᠤᠷᠭᠠᠭᠤᠯᠢ ᠶᠢᠨ ᠪᠦᠸᠧ ᠶᠠ ᠴᠢᠳᠠᠪᠤᠷᠢᠲᠠᠨ ᠢ ᠬᠠᠮᠲᠤ ᠪᠠᠷ ᠬᠥᠮᠥᠵᠢᠭᠦᠯᠬᠦ ᠰᠠᠭᠤᠷᠢᠨ ᠭᠠᠵᠠᠷ︾ ᠢᠶᠠᠷ ᠦᠨᠡᠯᠡᠭᠳᠡᠪᠡ᠃ ᠤᠯᠤᠰ ᠤᠨ ᠳᠡᠰ ᠤᠨ ᠠᠨᠠᠭᠠᠬᠤ ᠤᠬᠠᠭᠠᠨ ᠤ ᠬᠤᠪᠢᠶᠠᠷᠢ ᠲᠥᠪ ᠢ 5 ᠪᠠᠶᠢᠭᠤᠯᠵᠤ᠂ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠢ 3 ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ 57 ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠪᠦᠬᠦᠨ ᠢ ᠪᠠᠶᠢᠭᠤᠯᠵᠤ ᠳᠠᠭᠤᠰᠬᠠᠪᠠ᠃ ᠬᠤᠶᠠᠳᠤᠭᠠᠷ ︽ᠨᠡᠶᠢᠰᠯᠡᠯ ᠬᠤᠲᠠ ᠲᠥᠪ ᠬᠤᠲᠠ ᠶᠢᠨ ᠡᠷᠡᠭᠦᠯ ᠮᠡᠨᠳᠦ ᠶᠢᠨ ᠭᠤᠷᠪᠠᠨ ᠵᠢᠯ ᠤᠨ ᠠᠵᠢᠯᠯᠠᠭ᠎ᠠ︾ ᠶᠢ ᠡᠬᠢᠯᠡᠭᠦᠯᠪᠡ ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠤᠨ ᠭᠤᠤᠯ ᠴᠣᠭᠴᠠ ᠶᠢᠨ ᠠᠵᠢᠯ ᠳᠠᠭᠤᠰᠴᠤ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ ᠲᠥᠪ ᠠᠰᠢᠭᠯᠠᠯᠲᠠ ᠳᠤ ᠣᠷᠣᠬᠤ ᠨᠥᠬᠦᠴᠡᠯ ᠢ ᠪᠦᠷᠢᠯᠳᠦᠭᠦᠯᠪᠡ᠃ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠡᠵᠡᠯᠡᠬᠦ ᠬᠠᠷᠢᠴᠠᠯ ᠢ ᠲᠣᠰ ᠲᠣᠰ 15.9᠂ 15.7 ᠵᠠᠭᠤᠨ ᠤ ᠴᠡᠭ ᠳᠡᠭᠡᠭᠰᠢᠯᠡᠭᠦᠯᠵᠦ᠂ ᠦᠨ᠎ᠡ ᠬᠠᠩᠰᠢ ᠨᠢ ᠳᠤᠮᠳᠠᠴᠢ ᠪᠠᠷ 50% ᠠᠴᠠ ᠳᠡᠭᠡᠭᠰᠢ ᠪᠠᠭᠤᠷᠠᠭᠤᠯᠪᠠ᠃ 12345 ᠬᠠᠯᠠᠮᠰᠢᠯ ᠤᠲᠠᠰᠤ ︽ᠠᠷᠠᠳ ᠲᠤ ᠦᠢᠯᠡᠴᠢᠯᠡᠵᠦ ᠠᠵᠤ ᠠᠬᠤᠶᠢᠯᠠᠯ ᠳᠤ ᠲᠤᠰᠠ ᠬᠦᠷᠭᠡᠬᠦ ᠠᠷᠪᠠᠨ ᠰᠢᠯᠢᠳᠡᠭ ᠳᠠᠭᠤᠷᠢᠶᠠᠯ︾ ᠢᠶᠠᠷ ᠦᠨᠡᠯᠡᠭᠳᠡᠪᠡ᠃ 2024 ᠣᠨ ᠤ ᠢᠲᠡᠭᠡᠮᠵᠢ ᠶᠢᠨ ᠪᠠᠶᠢᠭᠤᠯᠤᠯᠲᠠ ᠶᠢᠨ ᠨᠥᠯᠥᠭᠡᠯᠡᠬᠦ ᠬᠦᠴᠦᠨ ᠲᠠᠢ ᠬᠤᠲᠠ ᠳᠤ ᠵᠢᠭᠰᠠᠭᠠᠭᠳᠠᠪᠠ᠃ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠬᠦᠴᠢᠷ ᠰᠡᠳᠦᠪ ᠢ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠡ᠊ᠨᠳᠡᠯ ᠭᠠᠷᠤᠭᠰᠠᠨ ᠲᠤᠭ᠎ᠠ᠂ ᠠᠳᠡᠭᠰᠡᠨ ᠬᠥᠮᠦᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 7.5% ᠪᠠ 5.4% ᠪᠠᠷ ᠪᠠᠭᠤᠷᠠᠪᠠ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ  ᠠᠵᠢᠯ ᠢ ᠭᠦᠨᠵᠡᠭᠡᠶ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 24.7% ᠪᠠᠷ ᠪᠠᠭᠤᠷᠠᠪᠠ᠃ ᠥᠷᠢᠲᠦᠵᠦ ᠬᠤᠶᠢᠰᠢᠯᠠᠭᠤᠯᠬᠤ ᠶᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠴᠡᠪᠡᠷᠯᠡᠨ ᠬᠤᠷᠢᠶᠠᠬᠤ ᠪᠠ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠪᠡ᠃ ᠦᠨᠳᠦᠰᠦᠨ ᠱᠠᠲᠤᠨ ᠤ ᠵᠠᠰᠠᠯᠲᠠ ᠶᠢᠨ ᠨᠢᠭᠡᠴᠢ ᠶᠢ ᠰᠢᠯᠢᠳᠡᠭᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠂ ᠬᠤᠯᠠᠭᠠᠢ ᠳᠡᠭᠡᠷᠡᠮ ᠮᠡᠬᠡᠯᠡᠯ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠭᠦᠦ ᠶᠢᠨ ᠬᠡᠷᠡᠭ ᠡᠭᠦᠰᠬᠦ ᠨᠤᠷᠮ᠎ᠠ ᠠᠳᠠᠯᠢ ᠬᠤᠭᠤᠴᠠᠭᠠᠨ ᠤ ᠬᠢ ᠠᠴᠠ 33.9% ᠪᠠᠷ ᠪᠠᠭᠤᠷᠠᠵᠤ᠂ ᠠᠷᠪᠠᠨ ᠵᠢᠯ ᠳᠠᠷᠠᠭᠠᠯᠠᠨ ᠠᠮᠢᠨ ᠬᠡᠷᠡᠭ ᠢ ᠪᠦᠬᠦᠨ ᠢ ᠲᠣᠳᠤᠷᠠᠭᠤᠯᠵᠤ᠂ ᠣᠷᠣᠨ ᠤ ᠲᠥᠪ ᠬᠤᠲᠠ ᠶᠢᠨ ᠡᠶ᠎ᠡ ᠵᠣᠬᠢᠴᠠᠩᠭᠤᠢ ᠲᠣᠭᠲᠠᠭᠤᠨ ᠤ ᠶᠡᠭᠡ ᠲᠠᠯ᠎ᠠ ᠶᠢ ᠬᠦᠴᠦᠲᠡᠢ ᠬᠠᠮᠠᠭᠠᠯᠠᠪᠠ᠃      ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠪᠢᠳᠠᠨ ᠬᠠᠤᠯᠢ ᠶᠣᠰᠣᠭᠠᠷ ᠵᠠᠰᠠᠭ ᠪᠠᠷᠢᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ ᠭᠦᠢᠴᠡᠳᠬᠡᠨ ᠬᠠᠷᠢᠭᠤᠯᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠭᠦᠨᠵᠡᠭᠡᠢ ᠲᠥᠪᠯᠡᠷᠡᠭᠦᠯᠦᠨ ᠴᠡᠭᠴᠡᠯᠡᠵᠦ᠂ ᠥᠷᠭᠡᠨ ᠣᠯᠠᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠰᠢᠨ᠎ᠡ ᠳᠡᠭᠡᠭᠰᠢᠯᠡᠯᠲᠡ ᠲᠠᠢ ᠪᠣᠯᠪᠠ᠃      ᠨᠢᠭᠡ ᠵᠢᠯ ᠤᠨ ᠲᠤᠷᠰᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠠᠰᠠᠷᠠᠨ ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ ᠵᠡᠷᠭᠡ ᠠᠵᠢᠯ ᠳᠤ ᠴᠥᠮ ᠰᠢᠨ᠎ᠡ ᠠᠮᠵᠢᠯᠲᠠ ᠣᠯᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠲᠡᠦᠬᠡ ᠣᠶᠢᠯᠠᠯᠭ᠎ᠠ ᠶᠢᠨ ᠲᠠᠩᠰᠠ ᠡᠪᠬᠡᠮᠡᠯ᠂ ᠬᠠᠩᠭᠠᠨ ᠪᠣᠷᠣᠯᠠᠭᠤᠯᠬᠤ ᠬᠠᠮᠲᠤᠷᠠᠯᠴᠠᠭ᠎ᠠ ᠵᠡᠷᠭᠡ ᠠᠵᠢᠯ ᠦᠢᠯᠡᠰ ᠴᠥᠮ ᠰᠢᠨ᠎ᠡ ᠠᠬᠢᠴᠠ ᠲᠠᠢ ᠪᠤᠯᠵᠤ᠂ ᠠᠵᠢᠯᠴᠢᠨ ᠤ ᠡᠪᠯᠡᠯ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ᠂ ᠨᠠᠰᠤᠲᠠᠶᠢᠴᠤᠳ ᠤᠨ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠴᠥᠮ ᠰᠢᠨ᠎ᠡ ᠵᠢᠳᠬᠦᠯ ᠴᠢᠷᠮᠠᠶᠢᠯᠭ᠎ᠠ ᠭᠠᠷᠭᠠᠪᠠ᠃      ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ᠂ ᠳᠠᠪᠰᠢᠯᠲᠠ ᠨᠢᠭᠡᠪᠦᠷᠢ ᠶᠢ ᠡᠷᠭᠢᠴᠡᠭᠦᠯᠬᠦ ᠳᠤ ᠴᠥᠮ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠳᠣᠲᠣᠨᠣ ᠬᠠᠯᠠᠮᠵᠢᠯᠠᠯ ᠬᠤᠷᠠᠮᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠠᠭᠤᠯᠵᠤ᠂ ᠬᠤᠳᠠ ᠶᠢᠨ ᠨᠠᠮ ᠤᠨ ᠬᠤᠷᠢᠶ᠎ᠠ ᠪᠦᠬᠦ ᠬᠤᠳᠠ ᠶᠢᠨ ᠠᠷᠠᠳ ᠲᠦᠮᠡᠨ ᠢ ᠳᠠᠭᠠᠭᠤᠯᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠡᠯ᠎ᠡ ᠠᠵᠢᠯ ᠲᠦᠷᠦᠯ ᠤᠨ ᠪᠦᠳᠦᠭᠡᠨ ᠪᠠᠶᠢᠭᠤᠯᠤᠭᠴᠢ᠂ ᠡᠷᠭᠦᠨ ᠵᠣᠷᠢᠭᠤᠯᠤᠭᠴᠢᠳ ᠬᠠᠮᠲᠤ ᠪᠠᠷ ᠬᠦᠴᠦ ᠬᠥᠯᠥᠰᠥ ᠪᠠᠨ ᠤᠷᠤᠰᠬᠠᠨ᠂ ᠬᠠᠮᠲᠤ ᠪᠠᠷ ᠡᠷᠡᠯᠬᠡᠭᠯᠡᠨ ᠤᠷᠤᠭᠰᠢᠯᠠᠭᠰᠠᠨ ᠤ ᠦᠷ᠎ᠡ ᠳ᠋ᠦᠩ ᠮᠥᠨ᠃ ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠲᠠ ᠶᠢᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ ᠪᠠ ᠡᠯ᠎ᠡ ᠠᠷᠠᠳ ᠤᠨ ᠪᠦᠯᠬᠦᠮ᠂ ᠣᠷᠣᠨ ᠤ ᠲᠥᠪ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠡᠭᠦᠨ ᠤ ᠬᠠᠮᠲᠤ᠂ ᠪᠢᠳᠡ ᠪᠠᠰᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠥᠨ ᠬᠦ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠣᠯᠵᠤ ᠬᠠᠷᠠᠪᠠ᠄ ᠨᠢᠭᠡ ᠳᠤ ᠠᠵᠤ ᠠᠬᠤᠢ ᠶᠢᠨ ᠪᠠᠭᠲᠠᠭᠠᠮᠵᠢ ᠶᠡᠭᠡ ᠪᠢᠰᠢ᠂ ᠡᠷᠬᠢᠨ ᠲᠣᠭᠤᠷᠢᠨ ᠢᠶᠠᠨ ᠨᠥᠯᠥᠭᠡᠯᠡᠬᠦ᠂ ᠬᠥᠭᠵᠢᠯᠲᠡ ᠶᠢ ᠳᠠᠶᠢᠴᠢᠯᠠᠬᠤ ᠣᠷᠣᠨ ᠤ ᠲᠥᠪ ᠬᠤᠲᠠ ᠶᠢᠨ ᠳᠠᠪᠠᠭᠤᠯᠢᠭ ᠪᠠᠰᠠ ᠢᠯᠡᠷᠬᠡᠢ ᠪᠤᠯᠤᠭᠠᠳᠤᠢ᠃ ᠬᠤᠶᠠᠷ ᠲᠤ ᠠᠵᠤ ᠦᠢᠯᠡᠰ ᠤᠨ ᠰᠠᠭᠤᠷᠢ ᠪᠠᠲᠤ ᠪᠠᠬᠢ ᠪᠢᠰᠢ᠂ ᠨᠢᠭᠡᠳᠦᠭᠡᠷ ᠠᠵᠤ ᠦᠢᠯᠡᠰ ᠤᠨ ᠬᠡᠪᠴᠢᠶ᠎ᠡ ᠨᠡᠯᠢᠶᠡᠳ ᠪᠠᠭ᠎ᠠ᠂ ᠬᠤᠶᠠᠳᠤᠭᠠᠷ ᠠᠵᠤ ᠦᠢᠯᠡᠰ ᠤᠨ ᠪᠦᠲᠦᠴᠡ ᠳᠠᠩ ᠴᠤᠯᠭᠤᠶ᠂ ᠭᠤᠷᠪᠠᠳᠤᠭᠠᠷ ᠠᠵᠤ ᠦᠢᠯᠡᠰ ᠤᠨ ᠳᠠᠪᠠᠭᠤᠯᠢᠭ ᠰᠢᠯᠢᠳᠡᠭ ᠪᠤᠰᠤ ᠪᠠᠶᠢᠵᠤ᠂ ᠠᠵᠤ ᠦᠢᠯᠡᠳᠪᠦᠷᠢ ᠶᠢᠨ ᠬᠡᠰᠡᠭ ᠬᠦᠷᠢᠶ᠎ᠡ ᠴᠠᠷᠠᠭ᠎ᠠ ᠨᠢ ᠵᠠᠬ᠎ᠠ ᠳᠡᠯᠭᠡᠭᠦᠷ ᠤᠨ ᠶᠠᠳᠠᠷᠠᠯ ᠤᠨ ᠨᠥᠯᠥᠭᠡ ᠶᠢ ᠬᠦᠷᠲᠡᠵᠦ᠂ ᠪᠦᠬᠦᠯᠢ ᠴᠣᠭᠴᠠ ᠶᠢᠨ ᠠᠵᠤ ᠦᠢᠯᠡᠳᠪᠦᠷᠢ ᠶᠢᠨ ᠳᠡᠭᠡᠭᠰᠢᠯᠡᠬᠦ ᠬᠠᠨᠳᠤᠰᠢ ᠶᠢ ᠤᠳᠠᠭᠠᠰᠢᠷᠠᠭᠤᠯᠵᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠪᠠᠶᠢᠳᠠᠯ ᠲᠡᠶᠢᠮᠦ ᠪᠠᠶᠠᠯᠢᠭ ᠪᠢᠰᠢ ᠪᠠᠶᠢᠵᠤ᠂ ᠪᠠᠰᠠ ᠪᠦᠲᠦᠮᠵᠢᠲᠡᠶ ᠲᠠᠲᠠᠬᠤ ᠬᠦᠴᠦᠨ ᠢ ᠪᠦᠷᠢᠯᠳᠦᠭᠦᠯᠦᠭᠡᠳᠦᠶ᠃ ᠭᠤᠷᠪᠠ ᠳᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠴᠢᠩᠭ᠎ᠠ ᠪᠢᠰᠢ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢᠨ ᠠᠭᠤᠰᠤᠯᠴᠠᠯ ᠨᠢᠭᠲᠠ ᠦᠭᠡᠢ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠤᠨ ᠴᠢᠳᠠᠪᠤᠷᠢ ᠣᠷᠣᠨ ᠤ ᠲᠥᠪ ᠬᠤᠲᠠ ᠶᠢᠨ ᠪᠠᠶᠢᠷᠢ ᠰᠠᠭᠤᠷᠢ ᠲᠠᠢ ᠵᠣᠬᠢᠴᠠᠬᠤ ᠦᠭᠡᠢ ᠪᠠᠶᠢᠨ᠎ᠠ᠃ ᠲᠦᠷᠪᠡ ᠳᠤ ᠰᠤᠷᠭᠠᠨ ᠬᠥᠮᠦᠵᠢᠯ᠂ ᠡᠮ ᠡᠮᠨᠡᠯᠭᠡ᠂ ᠵᠠᠮ ᠬᠠᠷᠢᠯᠴᠠᠭ᠎ᠠ᠂ ᠨᠠᠰᠤᠵᠢᠯ ᠤᠨ ᠠᠰᠠᠷᠠᠮᠵᠢ ᠵᠡᠷᠭᠡ ᠦᠢᠯᠡᠰ ᠨᠢ ᠬᠥᠮᠦᠨ ᠠᠮᠠ ᠶᠢᠨ ᠲᠦᠷᠭᠡᠨ ᠲᠥᠪᠯᠡᠷᠡᠯ ᠲᠠᠢ ᠵᠡᠷᠭᠡᠴᠡᠵᠦ ᠳᠡᠶᠢᠯᠬᠦ ᠦᠭᠡᠢ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠪᠠᠰᠠ ᠤᠯᠠᠮ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ᠃ ᠡᠭᠦᠨ ᠠᠴᠠ ᠭᠠᠳᠠᠨ᠎ᠠ᠂ ᠵᠠᠷᠢᠮ ᠤᠳᠤᠷᠢᠳᠬᠤ ᠺᠠᠳ᠋ᠷ ᠤᠨ ᠰᠢᠨ᠎ᠡ ᠶᠢ ᠡᠭᠦᠳᠬᠦ ᠤᠬᠠᠮᠰᠠᠷ ᠴᠢᠩᠭ᠎ᠠ ᠪᠢᠰᠢ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠨᠢ ᠬᠦᠷᠦᠯᠴᠡᠬᠦ ᠦᠭᠡᠢ᠂ ᠵᠠᠷᠢᠮ ᠨᠢ ᠪᠣᠳᠣᠬᠤ ᠵᠣᠷᠢᠭ ᠦᠭᠡᠢ᠂ ᠵᠠᠷᠢᠮ ᠨᠢ ᠬᠢᠬᠦ ᠳᠤᠷ᠎ᠠ ᠦᠭᠡᠢ᠂ ᠵᠠᠷᠢᠮ ᠨᠢ ᠬᠢᠵᠦ ᠴᠢᠳᠠᠬᠤ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠠᠰᠠᠭᠤᠳᠠᠯ ᠴᠥᠭᠡᠨ ᠪᠤᠰᠤ᠂ ᠬᠦᠴᠢᠷᠳᠡᠯ ᠮᠠᠰᠢ ᠣᠯᠠᠨ ᠪᠠᠶᠢᠨ᠎ᠠ᠂ ᠪᠢᠳᠡ ᠵᠠᠪᠠᠯ ᠠᠰᠠᠭᠤᠳᠠᠯ ᠳᠤ ᠰᠢᠭᠤᠳ ᠬᠠᠨᠳᠤᠵᠤ᠂ ᠬᠦᠴᠢᠷ ᠠᠰᠠᠭᠤᠳᠠᠯ ᠳᠤ ᠰᠢᠭᠤᠳ ᠬᠠᠨᠳᠤᠵᠤ᠂ ᠨᠠᠩ ᠬᠠᠨᠳᠤᠯᠭᠠᠲᠤ ᠴᠢᠨᠠᠷᠲᠠᠶ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠵᠦᠢᠯ ᠳᠠᠷᠠᠭᠠᠯᠠᠨ ᠠᠬᠢᠭᠤᠯᠵᠤ᠂ ᠪᠥᠬᠦ ᠲᠠᠯ᠎ᠠ ᠪᠠᠷ ᠰᠢᠢᠳᠪᠦᠷᠢᠯᠡᠨ᠎ᠡ᠃      ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ      2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠦᠷᠲᠡᠭᠡᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠡᠬᠢᠯᠡᠯᠲᠡ ᠶᠢᠨ ᠵᠢᠯ ᠮᠥᠨ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠨᠢᠭᠡ ᠭᠤᠤᠯ ᠰᠢᠵᠢᠮ︾ ᠢ ᠲᠤᠭᠤᠰᠢᠯᠠᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠂ ︽ᠵᠢᠷᠭᠤᠭᠠᠨ ᠢᠨᠵᠧᠨᠧᠷᠢᠩ︾ ︽ᠵᠢᠷᠭᠤᠭᠠᠨ ᠠᠵᠢᠯᠯᠠᠭ᠎ᠠ︾ ᠶᠢ ᠠᠬᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠯᠲᠡ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠥᠬᠦ ᠵᠢᠯ ᠤᠨ ᠡᠯ᠎ᠡ ᠵᠦᠢᠯ ᠤᠨ ᠡᠭᠦᠷᠭᠡ ᠬᠠᠷᠠᠯᠲᠠ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ ᠲᠠᠯᠪᠢᠵᠤ ᠥᠭᠭᠦᠨ᠎ᠡ᠃ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7.5% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 6% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 5% ᠣᠷᠴᠢᠮ ᠨᠡᠮᠡᠭᠳᠡᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠦᠬᠦ ᠲᠤᠭ᠎ᠠ ᠶᠢ 12% ᠣᠷᠴᠢᠮ ᠨᠡᠮᠡᠭᠳᠡᠭᠦᠯᠵᠦ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠠᠳᠠᠯᠢ ᠪᠣᠯᠭᠠᠨ᠎ᠠ᠃ ᠭᠤᠣᠯᠳᠠᠯᠭ᠎ᠠ ᠲᠠᠢ ᠲᠥᠷᠥᠯ ᠵᠦᠢᠯ ᠢ 1200 ᠠᠴᠠ ᠳᠡᠭᠡᠭᠰᠢ ᠬᠡᠷᠡᠭᠵᠢᠭᠦᠯᠵᠦ᠂ ᠣᠨ ᠤ ᠲᠥᠯᠥᠪᠯᠡᠭᠡ ᠶᠢᠨ ᠪᠡᠯᠡ ᠣᠷᠣᠭᠤᠯᠤᠯᠲᠠ ᠶᠢ 1700 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 400 ᠠᠴᠠ ᠳᠡᠭᠡᠭᠰᠢ ᠲᠠᠲᠠᠨ ᠠᠪᠴᠢᠷᠠᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 10% ᠠᠴᠠ ᠳᠡᠭᠡᠭᠰᠢ ᠨᠡᠮᠡᠭᠳᠡᠭᠦᠯᠦᠨ᠎ᠡ᠃      ︵ᠨᠢᠭᠡ︶ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠭᠡᠮᠨᠡᠷᠡᠯ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠬᠦᠯᠦᠨ᠎ᠡ      ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠲᠠᠢ ᠨᠢᠭᠲᠠ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠬᠤᠯᠪᠣᠯᠳᠤᠨ ᠬᠡᠯᠬᠢᠶᠡᠵᠢᠬᠦ ᠶᠢ ᠵᠡᠷᠭᠡᠪᠡᠷ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ︽ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠦᠯᠦᠪᠯᠡᠬᠦ ᠠᠵᠢᠯᠯᠠᠭ᠎ᠠ︾ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢᠨ ᠱᠠᠭᠠᠷᠳᠠᠯᠭ᠎ᠠ ᠶᠣᠰᠣᠭᠠᠷ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠲᠥᠷᠥᠯ ᠵᠦᠢᠯ 490 ᠶᠢ ᠬᠡᠷᠡᠭᠵᠢᠭᠦᠯᠵᠦ᠂ 900 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ ᠳᠠᠭᠠᠭᠤᠯᠤᠭᠴᠢ ᠪᠣᠯᠭᠠᠭᠰᠠᠨ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ ᠦᠢᠯᠡᠰ ᠤᠨ ᠪᠦᠭᠡᠮᠨᠡᠷᠡᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠢᠯᠢ ᠶᠢᠨ ᠰᠦᠨ ᠲᠠᠯᠬ᠎ᠠ ᠶᠢᠨ ᠭᠤᠷᠪᠠᠳᠤᠭᠠᠷ ᠬᠤᠭᠤᠴᠠᠭ᠎ᠠ᠂ ᠪᠢᠰᠢᠯᠠᠭ ᠤᠨ ᠭᠤᠷᠪᠠᠳᠤᠭᠠᠷ ᠬᠤᠭᠤᠴᠠᠭ᠎ᠠ᠂ ᠮᠧᠩ ᠨᠢᠦ ᠰᠦᠨ ᠤ ᠲᠡᠮᠦᠷ ᠤᠭᠤᠷᠠᠭ ᠢ ᠡᠳ᠋ᠰᠢᠭᠦᠯᠬᠦ᠂ ᠶᠢᠰᠦᠳᠦᠭᠡᠷ ᠬᠤᠭᠤᠴᠠᠭᠠᠨ ᠤ ᠰᠦᠨ ᠲᠠᠯᠬ᠎ᠠ᠂ ᠱᠧᠩ ᠮᠥ ᠳᠣᠤᠷ᠎ᠠ ᠳᠤᠯᠠᠭᠠᠨ ᠳᠤ ᠡᠳᠦᠷ ᠲᠤ 500 ᠲᠣᠨ ᠰᠦᠨ ᠲᠠᠯᠬ᠎ᠠ ᠦᠢᠯᠡᠳᠪᠦᠷᠢᠯᠡᠬᠦ ᠦᠢᠯᠡᠳᠪᠦᠷᠢ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠤᠨ᠎ᠠ᠃ ᠰᠦᠨ ᠲᠠᠯᠬ᠎ᠠ ᠶᠢᠨ ᠤᠯᠤᠰ ᠤᠨ ᠨᠥᠭᠡᠴᠡ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ ᠳ᠋ᠢ ᠰᠧ ᠮᠠᠨ — ᠹᠧᠨ ᠮᠧᠶ ᠢ ᠺᠣᠮᠫᠠᠨᠢ ᠶᠢᠨ ᠠᠰᠢᠭᠲᠠᠢ ᠪᠠᠺᠲ᠋ᠧᠷᠢ ᠶᠢᠨ ᠲᠥᠷᠥᠯ ᠵᠦᠢᠯ ᠢ ᠲᠠᠲᠠᠨ ᠰᠠᠭᠤᠷᠢᠰᠢᠭᠤᠯᠤᠨ᠎ᠠ᠃ ᠶᠢᠦ ᠷᠠᠨ ᠮᠠᠯ ᠠᠵᠤ ᠠᠬᠤᠶ᠂ ᠮᠧᠩ ᠼᠤᠤ ᠪᠦᠯᠦᠭᠯᠡᠯ ᠤᠨ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠵᠦ ᠪᠠᠶᠢᠭᠤᠯᠤᠨ᠎ᠠ᠃ ᠢᠦᠢ ᠴᠢᠤᠸᠠᠨ ᠲᠣᠭᠤᠷᠢᠭ ᠤᠨ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠦᠴᠤᠸᠠᠨ ᠰᠢᠶᠠᠨ ᠤ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠲᠣᠭᠤᠷᠢᠭ ᠢ ᠳᠡᠰ ᠳᠡᠪᠰᠢᠭᠦᠯᠵᠦ᠂ ᠪᠥᠭᠡᠮᠨᠡᠷᠡᠯ ᠤᠨ ᠦᠢᠯᠡᠳᠬᠦᠨ ᠤ ᠥᠷᠲᠡᠭ ᠢ 500 ᠳ᠋ᠦᠩᠰᠢᠭᠤᠷ ᠲᠥᠭᠦᠷᠢᠭ ᠬᠦᠷᠭᠡᠨ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠨᠡᠷ᠎ᠡ ᠶᠢᠨ ᠬᠠᠭᠤᠳᠠᠰᠤ ᠶᠢ ᠨᠠᠩ ᠭᠡᠷᠡᠯᠲᠦᠭᠦᠯᠵᠦ᠂ ᠪᠥᠬᠦ ᠬᠦᠴᠦᠨ ᠢᠶᠠᠷ ᠢᠶᠠᠨ ︽ᠳᠡᠯᠡᠬᠡᠶ ᠶᠢᠨ ᠰᠦ ᠶᠢᠨ ᠬᠤᠲᠠ︾ ᠲᠡᠶᠢᠰᠢ ᠤᠷᠤᠭᠰᠢᠯᠠᠨ᠎ᠠ᠃      ᠪᠣᠬᠢᠷᠲᠤᠯ ᠦᠭᠡᠢ ᠴᠠᠬᠢᠯᠭᠠᠨ ᠬᠦᠴᠦᠨ ᠢᠶᠠᠷ ᠤᠳᠤᠷᠢᠳᠤᠮᠵᠢ ᠪᠣᠯᠭᠠᠭᠰᠠᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠭᠡᠮᠨᠡᠷᠡᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠶᠢᠨ ᠱᠠᠨ ᠴᠠᠬᠢᠯᠭᠠᠨ ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ᠂ ᠲᠤᠭᠳᠠᠬᠤ ᠴᠢᠩ ᠱᠦᠢ ᠾᠧ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠣᠭᠤᠭᠠᠨ ᠴᠠᠬᠢᠯᠭᠠᠨ ᠤ ᠬᠠᠩᠭᠠᠯᠭ᠎ᠠ ᠵᠡᠷᠭᠡ ᠲᠦᠷᠦᠯ ᠵᠦᠢᠯ ᠢ  ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠤᠨ᠎ᠠ᠃ 140 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠬᠤᠶᠠᠳᠤᠭᠠᠷ ᠬᠤᠭᠤᠴᠠᠭ᠎ᠠ᠂ ᠬᠤᠩ ᠱᠧᠩ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠂ ᠯᠦᠩ ᠵᠢᠢ ᠰᠠᠯᠬᠢ ᠭᠡᠷᠡᠯ ᠤᠰᠤᠲᠥ᠋ᠷᠥᠭᠴᠢ ᠰᠢᠪᠲᠦᠷ ᠠᠯᠺᠣᠣᠯ ᠢ ᠨᠢᠭᠡ ᠴᠣᠭᠴᠠᠵᠢᠭᠤᠯᠬᠤ᠂ ᠲᠢᠶᠠᠨ ᠬᠤᠤ ᠰᠤᠷᠪᠤᠯᠵᠢ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ᠂ ᠶᠤᠸᠠᠨ ᠵᠢᠩ 100 ᠲᠦᠮᠡᠨ ᠺᠢᠯᠣᠸᠠᠲ ᠤᠨ ᠲᠤᠰᠠᠭᠠᠷ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠂ ᠰᠢᠨ ᠶᠤᠸᠠᠨ ᠵᠢᠩ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠵᠡᠷᠭᠡ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠴᠢᠩ ᠱᠦᠢ ᠾᠧ ᠶᠢᠨ 100 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠪᠥᠭᠡᠮᠨᠡᠷᠡᠯ ᠤᠨ ᠦᠢᠯᠡᠳᠬᠦᠨ ᠤ ᠦᠷᠳᠡᠭ ᠢ 880 ᠳ᠋ᠦᠩᠰᠢᠭᠤᠷ ᠲᠥᠭᠦᠷᠢᠭ ᠬᠦᠷᠭᠡᠨ᠎ᠡ᠃    ᠨᠡᠭᠦᠷᠡᠰᠦᠲᠥ᠋ᠷᠥᠭᠴᠢ ᠰᠠᠭᠤᠷᠢ᠂ ᠴᠠᠬᠢᠭᠤᠷ ᠰᠠᠭᠤᠷᠢ ᠮᠠᠲ᠋ᠧᠷᠢᠶᠠᠯ ᠢᠶᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠲ᠋ᠧᠰ ᠰᠢᠨ᠎ᠡ ᠡᠨᠧᠷᠭᠢ ᠶᠢᠨ ᠭᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠨᠢᠭᠡᠳᠦᠭᠡᠷ ᠬᠤᠭᠤᠴᠠᠭ᠎ᠠ᠂ ᠰᠢᠨ ᠶᠤᠸᠠᠨ 5GW᠂ ᠬᠤᠸᠠᠨ ᠱᠧᠩ 10GW ᠶᠢᠨ ᠥᠨᠳᠥᠷ ᠪᠦᠲᠦᠮᠵᠢᠲᠦ ᠨᠡᠷᠡᠨ ᠡᠨᠧᠷᠭᠢ ᠶᠢᠨ ᠲᠣᠨᠤᠭ ᠲᠥᠬᠦᠭᠡᠷᠦᠮᠵᠢ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠤᠨ᠎ᠠ᠃ ᠴᠠᠩ ᠷᠦᠢ ᠬᠠᠭᠠᠰ ᠳᠠᠮᠵᠢᠭᠤᠯᠤᠭᠴᠢ᠂ ᠵᠢᠦᠢ ᠼᠢ ᠳᠡᠭᠡᠳᠦ ᠴᠡᠪᠡᠷ ᠨᠢᠲᠷᠢᠳ᠋ ᠶᠢᠨ ᠡᠯᠧᠺᠲᠷᠤᠨ ᠱᠠᠭᠠᠵᠠᠩ ᠮᠠᠲ᠋ᠧᠷᠢᠶᠠᠯ ᠵᠡᠷᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠤᠨ᠎ᠠ᠃ ᠰᠠᠢ ᠱᠧᠩ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠰᠢᠶᠧ ᠰᠢᠨ ᠨᠠᠨᠤ᠋ ᠴᠠᠬᠢᠭᠤᠷ᠂ ᠰᠢᠤᠢ ᠶᠠᠩ 360 ᠲᠦᠮᠡᠨ ᠲᠣᠨ ᠬᠡᠦᠷᠰᠢᠭᠦᠯᠬᠦ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠨ ᠠᠰᠢᠭᠯᠠᠬᠤ᠂ ᠳᠤᠮᠳᠠᠳᠤ ᠤᠯᠤᠰ ᠤᠨ ᠣᠩᠭᠤᠴᠠᠨ ᠤ ᠣᠨᠴᠠ ᠲᠥᠷᠥᠯ ᠤᠨ ᠬᠡᠢ ᠪᠡᠶᠡᠲᠦ ᠶᠢᠨ ᠳᠡᠭᠡᠳᠦ ᠴᠡᠪᠡᠷ ᠡᠯᠧᠺᠲᠷᠣᠨ ᠬᠡᠶ ᠪᠡᠶᠡᠲᠦ ᠶᠢᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃     ᠠᠮᠢᠳᠤ ᠪᠣᠳᠠᠰ ᠤᠨ ᠸᠠᠺᠼᠢᠨ᠂ ᠨᠡᠶᠢᠯᠡᠮᠡᠯ ᠠᠮᠢᠳᠤ ᠪᠣᠳᠠᠰ ᠢᠶᠠᠷ ᠣᠨᠴᠠᠯᠢᠭ ᠪᠣᠯᠭᠠᠭᠰᠠᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠴᠠᠩ ᠱᠧᠩ ᠡᠮ ᠦᠢᠯᠡᠳᠬᠦ ᠳᠠᠭᠠᠭᠤᠯᠤᠭᠴᠢ ᠦᠢᠯᠡᠳᠪᠦᠷᠢ᠂ ᠶᠢᠨ ᠢᠦᠶ ᠭᠦᠩ ᠯᠢ ᠶᠢᠨ ᠡᠩᠬᠦᠷᠡᠶ ᠠᠮᠢᠲᠠᠨ ᠤ ᠸᠠᠺᠼᠢᠨ᠂ ᠱᠧᠨ ᠺᠠᠩ ᠡᠮ ᠡᠮᠨᠡᠯᠭᠡ ᠶᠢᠨ ᠲᠠᠷᠢᠬᠢ ᠮᠠᠰᠢᠨ ᠤ ᠵᠠᠯᠭᠠᠭᠤᠷ ᠤᠨ ᠳᠡᠭᠡᠳᠦ ᠲᠠᠰ ᠤᠨ ᠦᠢᠯᠡᠳᠭᠡᠯ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠤᠨ᠎ᠠ᠃ ᠺᠧ ᠲᠦᠸᠧ ᠢᠳᠡᠭᠡᠨ ᠤ ᠠᠰᠢᠭᠲᠠᠢ ᠪᠠᠺᠲ᠋ᠧᠷᠢ ᠶᠢᠨ ᠨᠡᠶᠢᠲᠡᠯᠢᠭ ᠮᠡᠷᠭᠡᠵᠢᠯ᠂ ᠤᠤ ᠫᠦ᠋ ᠰᠠᠢ ᠠᠮᠢᠲᠠᠨ ᠤ ᠴᠢᠰᠤᠨ ᠤ ᠴᠠᠶᠢᠪᠠᠩ᠂ ᠶᠢᠨ ᠳ᠋ᠠ ᠸᠧᠶ ᠵᠡᠷᠭᠡ ᠰᠤᠳᠤᠯᠤᠨ ᠨᠡᠭᠡᠭᠡᠬᠦ ᠲᠥᠪ ᠢ ᠵᠢᠩᠬᠢᠨᠢ ᠪᠠᠷ ᠠᠵᠢᠯᠯᠠᠭᠤᠯᠤᠨ᠎ᠠ᠃ ᠷᠦᠢ ᠫᠦ᠋ ᠮᠢᠺᠷᠣᠪ ᠤᠨ ᠤᠭᠤᠷᠠᠭ ᠤᠨ ᠦᠢᠯᠡᠳᠪᠦᠷᠢᠯᠡᠯᠲᠡ᠂ ᠬᠤᠸᠠ ᠰᠦ᠋ ᠠᠮᠢᠳᠤ ᠪᠣᠳᠠᠰ ᠤᠨ ᠬᠦᠴᠦᠯᠢᠭ ᠬᠦᠬᠡᠴᠦᠰᠦ᠂ ᠬᠤᠸᠠ ᠷᠦᠨ ᠱᠤᠸᠠᠩ ᠾᠧ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠤᠨ᠎ᠠ᠃ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠲᠤ ᠠᠮᠢᠳᠤ ᠪᠣᠳᠠᠰ ᠤᠨ ᠣᠶᠣᠨᠴᠢ ᠦᠢᠯᠡᠳᠬᠦ ᠬᠦᠨᠳᠡᠢ ᠶᠢ ᠡᠬᠢᠯᠡᠵᠦ ᠪᠠᠶᠢᠭᠤᠯᠤᠨ᠂ ᠪᠦᠭᠡᠮᠨᠡᠷᠡᠯ ᠤᠨ ᠦᠢᠯᠡᠳᠬᠦᠨ ᠤ ᠥᠷᠲᠡᠭ ᠢ 220 ᠳ᠋ᠦᠩᠰᠢᠭᠤᠷ ᠲᠥᠭᠦᠷᠢᠭ ᠲᠤ ᠬᠦᠷᠭᠡᠨ᠎ᠡ᠃      ᠪᠣᠬᠢᠷᠲᠤᠯ ᠥᠬᠡᠶ ᠪᠤᠳᠤᠯᠭ᠎ᠠ ᠶᠢᠨ ᠬᠦᠴᠦᠨ᠂ ᠬᠢᠮᠡᠯ ᠤᠶᠤᠨ ᠢᠶᠠᠷ ᠲᠤᠯᠭᠠᠭᠤᠷᠢᠯᠠᠯ ᠪᠣᠯᠭᠠᠭᠰᠠᠨ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠭᠡᠮᠨᠡᠷᠡᠯ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠠᠮᠠᠯ ᠴᠠᠬᠢᠯᠭᠠᠨ ᠬᠡᠯᠬᠢᠶ᠎ᠡ ᠶᠢᠨ ᠠᠵᠤ ᠦᠢᠯᠡᠰ ᠤᠨ ᠬᠦᠷᠢᠶᠡᠯᠡᠩ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠲᠤᠭ᠎ᠠ ᠪᠠᠷᠢᠮᠲᠠ ᠶᠢᠨ ᠲᠥᠪ ᠤᠨ ᠬᠤᠶᠠᠳᠤᠭᠠᠷ ᠬᠤᠭᠤᠴᠠᠭ᠎ᠠ᠂ ᠭᠠᠯᠲᠤ ᠠᠭᠤᠯᠠ ᠬᠥᠳᠡᠯᠭᠡᠭᠦᠷ ᠪᠤᠳᠤᠯᠭ᠎ᠠ ᠶᠢᠨ ᠬᠦᠴᠦᠨ ᠤ ᠲᠥᠪ ᠤᠨ ᠨᠢᠭᠡᠳᠦᠭᠡᠷ ᠬᠤᠭᠤᠴᠠᠭ᠎ᠠ᠂ ᠪᠥᠲᠥᠭᠡᠨ ᠪᠠᠶᠢᠭᠤᠯᠤᠯᠲᠠ ᠶᠢᠨ ᠪᠠᠩᠬᠢ᠂ ᠵᠠᠮ ᠬᠠᠷᠢᠯᠴᠠᠭᠠᠨ ᠤ ᠪᠠᠩᠬᠢ᠂ ᠲᠠᠷᠢᠶᠠᠯᠠᠩ ᠤᠨ ᠪᠠᠩᠬᠢ ᠶᠢᠨ ᠲᠤᠭ᠎ᠠ ᠪᠠᠷᠢᠮᠲᠠ ᠶᠢᠨ ᠲᠥᠪ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠤᠨ᠎ᠠ᠃ ᠵᠢᠦ ᠵᠧᠦ ᠣᠶᠤᠨᠴᠢ ᠪᠣᠳᠣᠯᠲᠠ᠂ ᠬᠤᠸᠠ ᠵᠦ ᠣᠶᠤᠨᠴᠢ ᠪᠣᠳᠣᠯᠲᠠ᠂ ᠭᠤᠸᠠᠩ ᠬᠤᠸᠠᠨ ᠰᠢᠨ᠎ᠡ ᠰᠦᠯᠵᠢᠶ᠎ᠡ ᠵᠡᠷᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠤᠨ᠎ᠠ᠃ ᠬᠤᠤ ᠶᠠᠩ ᠡᠭᠦᠯᠡᠨ ᠲᠣᠮᠣ ᠳ᠋ᠠᠶᠢᠲ᠋ᠠ ᠶᠢᠨ ᠰᠢᠨᠵᠢᠯᠡᠭᠡ ᠮᠡᠷᠭᠡᠵᠢᠯ ᠤᠨ ᠲᠥᠪ᠂ ︽ᠪᠡᠭᠡᠵᠢᠩ ᠤᠨ ᠲᠤᠭ᠎ᠠ ᠶᠢ ᠥᠪᠥᠷ ᠮᠣᠩᠭᠤᠯ ᠳᠤ ᠪᠣᠳᠣᠬᠤ︾ ᠣᠶᠤᠨᠴᠢ ᠪᠣᠳᠣᠯᠭ᠎ᠠ ᠶᠢᠨ ᠠᠵᠤ ᠦᠢᠯᠡᠰ ᠤᠨ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠰᠢᠨᠵᠢᠯᠡᠬᠦ ᠤᠬᠠᠭᠠᠨ ᠤ ᠬᠦᠷᠢᠶᠡᠯᠡᠩ᠂ ᠠᠷᠠᠳ ᠤᠨ ᠳᠠᠭᠠᠳᠬᠠᠯ ᠤᠨ ᠪᠦᠯᠦᠭᠯᠡᠯ᠂ ᠫᠦ᠋ ᠹᠠ ᠪᠠᠩᠬᠢ ᠶᠢᠨ ᠲᠤᠭ᠎ᠠ ᠪᠠᠷᠢᠮᠲᠠ ᠶᠢᠨ ᠲᠥᠪ ᠵᠡᠷᠭᠡ ᠲᠥᠷᠥᠯ ᠵᠦᠢᠯ ᠢ ᠠᠵᠢᠯ ᠡᠬᠢᠯᠡᠭᠦᠯᠵᠦ ᠪᠠᠶᠢᠭᠤᠯᠤᠨ᠎ᠠ᠃ ᠪᠠᠢ ᠳ᠋ᠦ᠋᠂ ᠲᠢᠺ ᠲᠣᠺ᠂ ᠭᠤᠷᠪᠠ ᠵᠢᠷᠭᠤᠭ᠎ᠠ ᠲᠡᠭ᠂ ᠸᠠᠩ ᠢ᠂ ᠬᠠᠨ ᠸᠠᠩ ᠰᠢᠨᠵᠢᠯᠡᠭᠡ ᠮᠡᠷᠭᠡᠵᠢᠯ ᠵᠡᠷᠭᠡ ᠳᠡᠭᠡᠳᠦ ᠲᠠᠰ ᠤᠨ ᠲᠤᠭ᠎ᠠ ᠪᠠᠷᠢᠮᠲᠠ ᠳᠤ ᠲᠡᠮᠳᠡᠭ ᠬᠠᠳᠠᠬᠤ ᠬᠠᠪᠲᠠᠭᠠᠢ ᠶᠢ ᠨᠠᠶᠢᠳᠠᠪᠤᠷᠢᠵᠢᠭᠤᠯᠵᠤ᠂ ᠤᠯᠤᠰ ᠤᠨ ᠲᠤᠭ᠎ᠠ ᠪᠠᠷᠢᠮᠲᠠ ᠳᠤ ᠲᠡᠮᠳᠡᠭ ᠬᠠᠳᠠᠬᠤ ᠲᠤᠷᠰᠢᠯᠲᠠ ᠶᠢᠨ ᠴᠡᠭ ᠤᠨ ᠡᠭᠦᠷᠭᠡ ᠶᠢ ᠡᠭᠦᠷᠭᠡᠯᠡᠨ᠎ᠡ᠃ ᠪᠤᠳᠤᠯᠭ᠎ᠠ ᠶᠢᠨ ᠬᠦᠴᠦᠨ ᠤ ᠶᠡᠷᠦᠩᠬᠡᠶ ᠬᠡᠪᠴᠢᠶ᠎ᠡ ᠶᠢ 10 ᠲᠦᠮᠡᠨ P ᠠᠴᠠ ᠳᠡᠭᠡᠭᠰᠢ ᠪᠣᠯᠭᠠᠨ᠂ ᠡᠭᠦᠨ ᠳᠤ ᠣᠶᠣᠨᠴᠢ ᠪᠤᠳᠤᠯᠳᠠ ᠶᠢ 9 ᠲᠦᠮᠡᠨ P ᠠᠴᠠ ᠳᠡᠭᠡᠭᠰᠢ ᠪᠠᠶᠢᠯᠭᠠᠨ᠂ ᠪᠦᠭᠡᠮᠨᠡᠷᠡᠯ ᠤᠨ ᠡᠵᠡᠩᠨᠡᠯᠲᠡ ᠶᠢᠨ ᠤᠷᠤᠯᠭ᠎ᠠ ᠶᠢ 600 ᠳ᠋ᠦᠩᠰᠢᠭᠤᠷ ᠲᠥᠭᠦᠷᠢᠭ ᠭᠦᠷᠭᠡᠨ᠎ᠡ᠃ 2025 ᠣᠨ ᠤ ᠳᠤᠮᠳᠠᠳᠤ ᠤᠯᠤᠰ ᠤᠨ ᠪᠣᠬᠢᠷᠲᠤᠯ ᠥᠬᠡᠶ ᠪᠣᠳᠣᠯᠭ᠎ᠠ ᠶᠢᠨ ᠬᠦᠴᠦᠨ ᠤ ᠶᠡᠭᠡ ᠬᠤᠷᠠᠯ ᠢ ᠰᠠᠶᠢᠲᠤᠷ ᠡᠷᠭᠢᠯᠡᠵᠦ᠂ ︽ᠳᠤᠮᠳᠠᠳᠤ ᠤᠯᠤᠰ ᠤᠨ ᠡᠭᠦᠯᠡᠨ ᠬᠥᠨᠳᠡᠶ︾ ᠶᠢ ᠨᠠᠩ ︽ᠦᠨ᠎ᠡ ᠴᠠᠨ᠎ᠠ︾ ᠲᠠᠢ ᠪᠣᠯᠭᠠᠨ᠎ᠠ᠃      ᠳᠣᠤᠷ᠎ᠠ ᠤᠭᠲᠠᠷᠭᠤᠢ ᠶᠢᠨ ᠠᠵᠤ ᠠᠬᠤᠶ᠂ ᠠᠭᠠᠷ ᠰᠠᠨᠰᠠᠷ ᠤᠨ ᠠᠶᠠᠯᠠᠯ ᠢᠶᠠᠷ ᠲᠥᠯᠥᠭᠡᠯᠡᠭᠦᠯᠦᠭᠰᠡᠨ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠦᠭᠡᠮᠨᠡᠷᠡᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᡁᠢ ᠬᠠᠩ ᠰᠢᠨᠵᠢᠯᠡᠬᠦ ᠤᠬᠠᠭᠠᠨ ᠮᠡᠷᠭᠡᠵᠢᠯ᠂ ᠪᠦᠦ ᠱᠧᠩ ᠳᠡᠭᠡᠳᠦ ᠰᠢᠨᠵᠢᠯᠡᠬᠦ ᠤᠬᠠᠭᠠᠨ᠂ ᠵᠢᠢ ᠬᠠᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠵᠢᠯᠣᠭᠤᠴᠢ ᠥᠬᠡᠶ ᠨᠢᠰᠬᠡᠯ ᠦᠢᠯᠡᠳᠬᠦ᠂ ᠵᠢᠢ ᠯᠢ ᠶᠤᠸᠠᠨ ᠴᠧᠩ ᠬᠤᠳᠠᠯᠳᠤᠭᠠᠨ ᠤ ᠮᠠᠰᠢᠨ ᠲᠡᠷᠭᠡ  ᠦᠢᠯᠡᠳᠬᠦ ᠰᠠᠭᠤᠷᠢᠨ ᠭᠠᠵᠠᠷ᠂ ᠶᠤᠸᠠᠨ ᠰᠦ ᠮᠧᠩ ᠲᠠᠢ ᠤᠰᠤᠲᠥ᠋ᠷᠥᠭᠴᠢ ᠴᠠᠬᠢᠯᠭᠠᠨ ᠬᠥᠳᠡᠯᠭᠡᠭᠦᠷᠲᠦ ᠬᠤᠳᠠᠯᠳᠤᠭᠠᠨ ᠤ ᠮᠠᠰᠢᠨ ᠲᠡᠷᠭᠡ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠤᠨ᠎ᠠ᠃ ᠱᠤᠸᠠᠩ ᠵᠢᠶᠧ ᠴᠠᠬᠢᠯᠭᠠᠨ ᠤ ᠬᠡᠲᠦ ᠥᠨᠳᠥᠷ ᠬᠦᠴᠦᠳᠡᠯᠲᠦ ᠬᠦᠴᠦᠳᠡᠯ ᠥᠭᠡᠷᠡᠴᠢᠯᠡᠭᠴᠢ᠂ ᠭᠤᠷᠪᠠ ᠲᠡᠭ ᠵᠢᠷᠭᠤᠭ᠎ᠠ ᠲᠡᠭ ᠬᠡᠲᠦ ᠴᠠᠬᠢᠯᠭᠠᠨ ᠪᠠᠭᠲᠠᠭᠠᠮᠵᠢ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠤᠨ᠎ᠠ᠃ ᠳᠣᠤᠷ᠎ᠠ ᠤᠭᠲᠠᠷᠭᠤᠢ ᠶᠢᠨ ᠠᠵᠤ ᠠᠬᠤᠶ ᠶᠢᠨ ᠴᠠᠬᠢᠯᠭᠠᠨ ᠲᠣᠤᠷ ᠤᠨ ᠲᠣᠭᠤᠷᠢᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠨ ᠲᠤᠰᠠᠯᠠᠬᠤ᠂ ᠭᠠᠮᠰᠢᠭ ᠢ ᠰᠡᠷᠭᠡᠶᠢᠯᠡᠵᠦ ᠪᠠᠭᠠᠰᠬᠠᠬᠤ ᠵᠡᠷᠭᠡ ᠲᠠᠯ᠎ᠠ ᠳᠤ ᠥᠷᠭᠡᠨ ᠲᠤᠷᠰᠢᠨ ᠬᠡᠷᠡᠭᠯᠡᠵᠦ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠠᠭᠠᠷ ᠤᠨ ᠪᠠᠶᠢᠴᠠᠭᠠᠯᠲᠠ ᠶᠢᠨ ᠲᠥᠪ᠂ ᠠᠷᠠᠳ ᠤᠨ ᠬᠡᠷᠡᠭᠯᠡᠭᠡᠨ ᠤ ᠵᠢᠯᠣᠭᠤᠴᠢ ᠥᠬᠡᠶ ᠨᠢᠰᠬᠡᠯ ᠤᠨ ᠰᠢᠯᠭᠠᠯᠲᠠ ᠶᠢᠨ ᠲᠥᠪ᠂ ᠳᠤᠮᠳᠠᠳᠤ ᠤᠯᠤᠰ ᠤᠨ ᠷᠦᠩ ᠲᠦᠩ ᠵᠢᠯᠣᠭᠤᠴᠢ ᠥᠬᠡᠶ ᠨᠢᠰᠬᠡᠯ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠯᠲᠠ ᠶᠢᠨ ᠲᠥᠪ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ᠎ᠡ᠃      ︵ᠬᠤᠶᠠᠷ︶ ᠣᠷᠣᠨ ᠤ ᠲᠥᠪ ᠬᠤᠲᠠ ᠶᠢᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠳᠠᠪᠠᠭᠤᠯᠢᠭ ᠢ ᠦᠷᠭᠦᠯᠵᠢᠯᠡᠨ ᠴᠣᠭᠴᠠᠯᠠᠨ᠎ᠠ      ᠣᠯᠠᠨ ᠡᠰᠢᠲᠦ ᠬᠡᠷᠡᠭᠯᠡᠭᠡ ᠶᠢ ᠭᠦᠨᠵᠡᠭᠡᠶ ᠥᠷᠭᠡᠳᠬᠡᠨ᠎ᠡ᠃ ᠬᠤᠸᠠ ᠷᠦᠨ ᠸᠠᠨ ᠰᠢᠶᠠᠩ ᠬᠤᠲᠠ᠂ Ole、ᠪᠠᠷᠠᠭᠠᠨ ᠤ ᠰᠣᠳᠣᠨ ᠬᠡᠳᠦ ᠳᠡᠯᠭᠡᠭᠦᠷ ᠢ ᠨᠡᠭᠡᠭᠡᠨ ᠡᠵᠡᠩᠨᠡᠵᠦ᠂ ᠾᠦᠢ ᠨᠸᠡᠭ᠂ ᠬᠤᠸᠠ ᠮᠤᠤ ᠵᠡᠷᠭᠡ ᠴᠢᠨᠠᠷ ᠰᠠᠶᠢᠲᠠᠢ ᠵᠣᠴᠢᠳ ᠤᠨ ᠪᠠᠭᠤᠳᠠᠯ ᠢ ᠢᠳᠡᠪᠬᠢᠲᠡᠶ ᠲᠠᠲᠠᠨ ᠠᠪᠴᠢᠷᠠᠵᠤ᠂ ᠵᠦᠩ ᠱᠠᠨ ᠵᠠᠮ᠂ ᠵᠡᠭᠦᠨ ᠠᠶᠠᠨᠴᠢᠳ ᠤᠨ ᠥᠷᠲᠡᠭᠡ ᠵᠡᠷᠭᠡ ᠭᠤᠤᠯᠳᠠᠯᠭ᠎ᠠ ᠲᠠᠢ ᠬᠤᠳᠠᠯᠳᠤᠭᠠᠨ ᠤ ᠲᠣᠭᠤᠷᠢᠭ ᠤᠨ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠤᠨ᠂ ᠠᠩᠬᠠᠨ ᠤ ᠳᠡᠯᠭᠡᠭᠦᠷ ᠪᠠ ᠬᠤᠰᠢᠭᠤᠴᠢ ᠳᠡᠯᠭᠡᠭᠦᠷ ᠢ 20 ᠠᠴᠠ ᠳᠡᠭᠡᠭᠰᠢ ᠰᠠᠭᠤᠷᠢᠰᠢᠭᠤᠯᠤᠨ᠎ᠠ᠃ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠦᠷᠭᠦᠯᠵᠢᠯᠡᠨ ᠠᠬᠢᠭᠤᠯᠵᠤ᠂ ᠵᠠᠬᠢᠶᠠᠯᠠᠭᠰᠠᠨ ᠬᠡᠷᠡᠭᠯᠡᠭᠡ᠂ ᠣᠶᠤᠨᠴᠢ ᠬᠡᠷᠡᠭᠯᠡᠭᠡ᠂ ᠪᠣᠬᠢᠷᠳᠤᠯ ᠦᠭᠡᠢ ᠬᠡᠷᠡᠭᠯᠡᠭᠡ ᠵᠡᠷᠭᠡ ᠰᠢᠨ᠎ᠡ ᠬᠠᠯᠠᠮ ᠴᠡᠭ ᠢ ᠬᠥᠮᠥᠵᠢᠭᠦᠯᠵᠦ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠨᠠᠷᠢᠯᠢᠭ ᠪᠡᠶ᠎ᠡ ᠰᠤᠪᠢᠯᠠᠯᠲᠠ᠂ ᠪᠤᠭᠤᠷᠤᠯᠴᠤᠳ ᠤᠨ ᠠᠵᠤ ᠠᠬᠤᠢ ᠵᠡᠷᠭᠡ ᠡᠵᠡᠩᠨᠡᠯᠲᠡ ᠶᠢᠨ ᠬᠡᠯᠪᠡᠷᠢ ᠶᠢ ᠪᠠᠶᠢᠷᠢᠰᠢᠭᠤᠯᠵᠤ᠂ ᠣᠷᠣᠨ ᠤ ᠲᠥᠪ ᠬᠤᠲᠠ ᠶᠢᠨ ᠰᠢᠨ᠎ᠡ ᠣᠨ ᠢᠶᠠᠨ ᠤᠭᠲᠤᠬᠤ᠂ ᠳᠠᠭᠤᠯᠠᠯᠭ᠎ᠠ ᠶᠢᠨ ᠲᠤᠭᠯᠠᠯᠲᠠ ᠶᠢᠨ ᠨᠠᠷᠠᠲᠤ ᠲᠡᠮᠳᠡᠭᠲᠦ ᠶᠢ ᠠᠯᠳᠠᠷᠰᠢᠭᠤᠯᠤᠨ᠎ᠠ᠃      ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠦᠢᠯᠡᠰ ᠤᠨ ᠬᠠᠤᠯᠢ ᠶᠢᠨ ᠡᠷᠬᠡᠲᠡᠨ᠂ ᠵᠢᠭᠡᠯᠡᠯᠭᠡ᠂ ᠳ᠋ᠦᠩᠨᠡᠨ ᠪᠤᠳᠤᠬᠤ ᠵᠡᠷᠭᠡ ︽ᠭᠤᠷᠪᠠ ᠶᠢ ᠪᠣᠳᠠᠲᠠᠶᠢᠵᠢᠭᠤᠯᠬᠤ︾ ᠶᠢ ᠭᠦᠨᠵᠡᠭᠡᠶ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ 140 ᠡᠷᠦᠬᠡ ᠶᠢ ᠳᠠᠪᠠᠭᠤᠯᠵᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 1.2 ᠲᠦᠮᠡᠨ ᠳ᠋ᠦᠩᠰᠢᠭᠤᠷ ᠲᠥᠭᠦᠷᠢᠭ ᠳᠠᠪᠠᠭᠤᠯᠤᠨ᠎ᠠ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ  ᠦᠢᠯᠡᠰ ᠤᠨ ᠰᠠᠭᠤᠷᠢ ᠮᠥᠩᠭᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠶᠢ ᠠᠭᠤᠰᠤᠯᠴᠠᠭᠤᠯᠤᠨ ᠬᠥᠭᠵᠢᠭᠦᠯᠬᠦ ᠰᠠᠭᠤᠷᠢ ᠮᠥᠩᠭᠦ ᠶᠢ ᠵᠣᠬᠢᠶᠠᠨ ᠪᠠᠶᠢᠭᠤᠯᠵᠤ᠂ ᠨᠤᠷᠠᠭᠠᠯᠲᠠ ᠶᠢᠨ ᠴᠢᠨᠠᠷᠲᠠᠶ ᠮᠡᠷᠭᠡᠵᠢᠯ ᠤᠨ ᠲᠤᠰᠬᠠᠶ ᠰᠠᠭᠤᠷᠢ ᠮᠥᠩᠭᠦ ᠳᠤ ᠲᠦᠭᠰᠢᠭᠦᠷᠢᠲᠡᠢ ᠪᠠᠯᠠ ᠣᠷᠣᠭᠤᠯᠤᠯᠲᠠ ᠬᠢᠬᠦ ᠶᠢ ᠳᠡᠮᠵᠢᠵᠦ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠳᠤ ᠰᠲ᠋ᠣᠺ ᠤᠨ ᠪᠠᠯᠠ ᠣᠷᠣᠭᠤᠯᠤᠯᠲᠠ ᠬᠢᠬᠦ ᠶᠢ ᠵᠣᠷᠢᠭᠵᠢᠭᠤᠯᠤᠨ᠎ᠠ᠃ 2 ᠠᠵᠤ ᠠᠬᠤᠶᠢᠯᠠᠯ ᠵᠠᠬ᠎ᠠ ᠳᠡᠯᠭᠡᠭᠦᠷ ᠲᠤ ᠭᠠᠷᠬᠤ ᠶᠢ ᠢᠳᠡᠪᠬᠢᠲᠡᠢ ᠠᠬᠢᠭᠤᠯᠵᠤ᠂ ︽ᠲᠡᠭᠷᠢ ᠶᠢᠨ ᠤᠨᠠᠭ᠎ᠠ︾ ᠫᠠᠶᠢᠰᠠ ᠡᠯᠭᠦᠭᠰᠡᠨ ᠠᠵᠤ ᠠᠬᠤᠶᠢᠯᠠᠯ ᠢ ᠰᠢᠨ᠎ᠡ ᠪᠠᠷ 5 ᠨᠡᠮᠡᠭᠳᠡᠭᠦᠯᠵᠦ᠂ ᠰᠢᠭᠤᠳ ᠪᠡᠯᠡ ᠲᠣᠬᠢᠷᠠᠭᠤᠯᠬᠤ ᠬᠡᠪᠴᠢᠶ᠎ᠡ ᠶᠢ 1600 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠲᠥᠪ ᠢ ᠪᠠᠶᠢᠭᠤᠯᠤᠨ᠎ᠠ᠃      ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠭᠦᠨᠵᠡᠭᠡᠶ ᠠᠬᠢᠭᠤᠯᠵᠤ᠂ ︽ᠤᠯᠤᠰ ᠤᠨ ᠲᠡᠤᠬᠡ ᠰᠣᠶᠣᠯ ᠤᠨ ᠨᠠᠷᠠᠲᠤ ᠬᠤᠲᠠ︾ ᠶᠢᠨ ᠨᠠᠷᠠᠲᠤ ᠲᠡᠮᠳᠡᠭᠲᠦ ᠶᠢ ᠰᠠᠶᠢᠲᠤᠷ ᠠᠰᠢᠭᠯᠠᠨ᠂ ︽ᠱᠤᠭᠤᠮᠠᠯ ᠤᠨ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠳ᠋ᠠ ᠶᠣᠣ ᠶᠢᠨ ᠰᠣᠶᠣᠯ ᠤᠨ ᠪᠠᠭᠤᠷᠢ ᠶᠢᠨ ᠴᠡᠴᠡᠷᠯᠢᠭ᠂ ᠰᠢᠷᠦᠢ ᠶᠢᠨ ᠬᠤᠲᠠ ᠶᠢᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠂ ᠯᠢᠶᠤᠤ ᠤᠯᠤᠰ ᠤᠨ ᠴᠠᠭᠠᠨ ᠰᠤᠪᠤᠷᠭ᠎ᠠ ᠶᠢᠨ ᠪᠠᠭᠤᠷᠢ ᠶᠢᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠶᠠᠷᠢᠶᠠᠲᠤ ᠵᠦᠴᠦᠭᠡ ︽ᠳᠠᠯᠠᠨ ᠬᠠᠷ᠎ᠠ ᠠᠭᠤᠯᠠ︾᠂ ᠪᠥᠵᠢᠭᠲᠦ ᠵᠦᠴᠦᠭᠡ ︽ᠴᠡᠯᠡᠭᠡᠷ ᠲᠠᠯ᠎ᠠ︾᠂ ᠱᠠᠨ ᠰᠢ ᠵᠦᠴᠦᠭᠡ ︽ᠡᠯᠡᠰᠦᠨ ᠴᠦᠯ ᠤᠨ ᠬᠠᠪᠤᠷ︾ ᠵᠡᠷᠭᠡ ᠨᠢᠭᠡ ᠪᠦᠯᠦᠭ ᠰᠣᠳᠣᠨ ᠵᠦᠴᠦᠭᠡ ᠶᠢ ᠵᠣᠬᠢᠶᠠᠨ ᠪᠦᠲᠦᠭᠡᠵᠦ ᠰᠢᠯᠢᠳᠡᠭᠵᠢᠭᠦᠯᠦᠨ᠎ᠡ ᠃ ᠯᠣᠤ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢᠶᠠᠷ ᠮᠡᠳᠡᠭᠦᠯᠦᠨ ᠭᠤᠶᠤᠴᠢᠯᠠᠬᠤ ᠠᠵᠢᠯ ᠢ ᠡᠬᠢᠯᠡᠭᠦᠯᠦᠨ᠎ᠡ᠃ ᠬᠦᠬᠡᠬᠤᠲᠠ ᠬᠠᠷᠠᠴᠢᠨ ᠤ ᠲᠡᠮᠦᠷ ᠵᠠᠮ ᠤᠨ ᠰᠡᠯᠡᠭᠦᠴᠡᠨ ᠵᠤᠭᠠᠴᠠᠬᠤ ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠶᠦᠨ ᠵᠦᠩ ᠱᠧᠩ ᠯᠧ ᠠᠮᠠᠷᠠᠯᠲᠠ ᠶᠢᠨ ᠣᠷᠣᠨ ᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠢᠯᠢ ᠲᠠᠯ᠎ᠠ ᠨᠤᠲᠤᠭ ᠤᠨ ᠰᠦᠨ ᠰᠣᠶᠣᠯ ᠤᠨ ᠦᠵᠡᠮᠵᠢ ᠶᠢᠨ ᠣᠷᠣᠨ ᠢ ᠤᠯᠤᠰ ᠤᠨ 5A ᠳᠡᠰ ᠤᠨ ᠠᠵᠤ ᠦᠢᠯᠡᠳᠪᠦᠷᠢ ᠶᠢᠨ ᠵᠤᠭᠠᠴᠠᠯ ᠤᠨ ᠦᠵᠡᠮᠵᠢ ᠶᠢᠨ ᠣᠷᠣᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠱᠧᠩ ᠱᠦᠢ ᠯᠢᠶᠠᠩ ᠵᠤᠭᠠᠴᠠᠯ ᠤᠨ ᠣᠷᠣᠨ ᠢ ᠪᠦᠬᠦ ᠲᠠᠯ᠎ᠠ ᠪᠠᠷ ᠨᠡᠭᠡᠭᠡᠵᠦ᠂ ᠬᠠᠳᠠᠲᠤ ᠬᠠᠭᠠᠯᠭ᠎ᠠ᠂ ᠯᠧ ᠮᠦ ᠱᠠᠨ ᠵᠡᠷᠭᠡ 16 ᠳᠠᠯᠠᠨ ᠬᠠᠷ᠎ᠠ ᠠᠭᠤᠯᠠ ᠶᠢᠨ ᠰᠡᠯᠡᠭᠦᠴᠡᠯ ᠤᠨ ᠭᠠᠵᠠᠷ ᠢ ᠠᠯᠬᠤᠮ ᠠᠯᠬᠤᠮ ᠢᠶᠠᠷ ᠨᠡᠭᠡᠭᠡᠵᠦ᠂ ᠠᠷᠲᠠᠢ ᠵᠤᠭᠠᠴᠠᠯ ᠤᠨ ᠲᠠᠯᠠᠪᠠᠢ᠂ ᠨᠠᠨ ᠬᠤ᠋ ᠨᠠᠭᠤᠷ ᠤᠨ ᠨᠤᠭᠤ ᠭᠠᠵᠠᠷ ᠤᠨ ᠴᠡᠴᠡᠷᠯᠢᠭ ᠵᠡᠷᠭᠡ ᠶᠢᠨ ᠴᠢᠳᠠᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠵᠠᠩᠭᠢ ᠶᠢᠨ ᠠᠶᠢᠯ᠂ ᠤᠰᠤᠨ ᠲᠡᠭᠡᠷᠡᠮ᠎ᠡ ᠲᠣᠰᠬᠤᠨ᠂ ᠮᠤᠨᠢ ᠠᠭᠤᠯᠠ᠂ ᠤᠰᠤᠲᠤ ᠵᠡᠭᠦᠨ ᠪᠠᠷᠠᠭᠤᠨ ᠲᠣᠰᠬᠤᠨ ᠵᠡᠷᠭᠡ ᠤᠨᠴᠠᠯᠢᠬᠳᠤ ᠵᠢᠵᠢᠭ ᠪᠠᠯᠭᠠᠰᠤᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠤᠷᠤᠨ ᠤ ᠲᠦᠪ ᠬᠤᠲᠠ ᠶᠢ ᠤᠯᠠᠨ ᠤ ᠦᠵᠡᠵᠦ ᠲᠤᠭᠤᠷᠢᠬᠤ ᠬᠦᠰᠡᠯᠲᠠᠢ ᠵᠣᠷᠢᠯᠲᠠ ᠭᠠᠵᠠᠷ ᠪᠤᠯᠭᠠᠨ᠎ᠠ᠃      ᠭᠠᠳᠠᠭᠠᠳᠤ ᠠᠷᠠᠯᠵᠢᠶᠠᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠲᠦᠷᠭᠡᠳᠬᠡᠨ᠎ᠡ᠃ ︽ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ︾ ᠶᠢ ᠭᠦᠨᠵᠡᠭᠡᠶ ᠬᠡᠷᠡᠭᠵᠢᠭᠦᠯᠵᠦ᠂ ᠮᠢᠩ ᠫᠢᠨ ᠹᠦ᠋ ᠲᠠᠷᠢᠶᠠᠯᠠᠩ ᠤᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠭᠦᠢᠯᠭᠡᠭᠡᠨ ᠤ ᠰᠠᠭᠤᠷᠢᠨ ᠭᠠᠵᠠᠷ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠬᠤᠯᠪᠣᠭ᠎ᠠ ᠶᠢᠨ ᠣᠯᠠᠨ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠭᠦᠢᠯᠭᠡᠭᠡᠨ ᠤ ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠵᠢᠶᠠ ᠵᠢᠶᠠ ᠶᠤᠸᠠᠢ ᠬᠦᠢᠲᠡᠨ ᠬᠡᠯᠬᠢᠶᠡᠲᠦ ᠪᠠᠷᠠᠭᠠᠨ ᠭᠦᠢᠯᠭᠡᠭᠡᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠴᠤᠭᠴᠠᠯᠠᠨ᠎ᠠ᠃ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠢᠰᠦ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ᠂ ᠪᠣᠭᠤᠮᠲᠠ ᠶᠢᠨ ᠬᠢᠨᠠᠨ ᠬᠠᠮᠢᠶᠠᠷᠬᠤ ᠠᠵᠢᠯ ᠤᠨ ᠲᠠᠯᠠᠪᠤᠷ ᠢ ᠲᠥᠯᠥᠪᠵᠢᠭᠦᠯᠦᠨ ᠪᠠᠶᠢᠭᠤᠯᠵᠤ ᠂ ᠤᠮᠠᠷᠠᠲᠤ ᠬᠢᠯᠢ ᠶᠢᠨ ᠣᠯᠠᠨ ᠤᠯᠤᠰ ᠤᠨ ᠬᠦᠢᠰᠦ ᠭᠠᠷᠠᠮ ᠢ ᠪᠠᠶᠢᠭᠤᠯᠤᠨ᠎ᠠ᠃ ︽ᠲᠢᠶᠠᠨᠵᠢᠨ ︵ᠴᠢᠨ ᠬᠤᠸᠠᠩ ᠳ᠋ᠤᠤ︶ —ᠬᠥᠬᠡᠬᠤᠲᠠ— ᠦᠷᠦᠮᠴᠢ︾ ᠶᠢᠨ ᠬᠦᠬᠡᠬᠤᠲᠠ ᠳᠠᠬᠢ ᠬᠤᠪᠢᠶᠠᠨ ᠰᠠᠯᠭᠠᠬᠤ ᠲᠥᠪ ᠢ ᠪᠠᠶᠢᠭᠤᠯᠵᠤ᠂ ᠠᠯᠠᠭ ᠠᠭᠤᠯᠠ ᠶᠢᠨ ᠠᠮᠠ᠂ ᠬᠤᠷᠭᠤᠰ ᠪᠠ ᠡᠷᠢᠶᠡᠨ ᠬᠤᠲᠠ ᠵᠡᠷᠭᠡ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠯᠠᠨ ᠤᠯᠤᠰ ᠤᠨ ᠬᠤᠯᠪᠣᠭᠠᠯᠠᠨ ᠲᠡᠭᠡᠭᠡᠪᠦᠷᠢᠯᠡᠬᠦ ᠵᠠᠮ ᠢ ᠨᠡᠭᠡᠭᠡᠨ᠎ᠡ᠃ ᠳᠤᠮᠳᠠᠳᠤ ᠡᠸᠦ᠋ᠷᠦᠫᠡ ᠶᠢᠨ ᠵᠢᠰᠢᠶᠡᠨ ᠤ ᠭᠠᠯᠲᠤ ᠲᠡᠷᠭᠡ ᠶᠢ ᠲᠥᠪᠯᠡᠷᠡᠭᠦᠯᠵᠦ ᠲᠠᠷᠬᠠᠭᠠᠬᠤ ᠲᠥᠪ᠂ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠦᠢᠰᠦ ᠲᠥᠪ ᠢ ᠲᠦᠷᠭᠡᠳᠬᠡᠨ ᠪᠠᠶᠢᠭᠤᠯᠵᠤ᠂ JSQ ᠵᠢᠰᠢᠶᠡᠨ ᠤ ᠭᠠᠯᠲᠤ ᠲᠡᠷᠭᠡ ᠶᠢᠨ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠢ ᠪᠠᠶᠢᠭᠤᠯᠵᠤ᠂ ᠳᠤᠮᠳᠠᠳᠤ ᠧᠦ᠋ᠷᠣᠫᠠ ᠳᠤᠮᠳᠠᠳᠤ ᠠᠽᠢᠶ᠎ᠠ ᠶᠢᠨ ᠵᠢᠰᠢᠶᠡᠨ ᠤ ᠭᠠᠯᠲᠤ ᠲᠡᠷᠭᠡ ᠶᠢ 150 ᠴᠤᠪᠤᠭ᠎ᠠ ᠠᠴᠠ ᠳᠡᠭᠡᠭᠰᠢ ᠲᠡᠭᠡᠭᠡᠪᠦᠷᠢᠯᠡᠨ ᠶᠠᠪᠤᠭᠤᠯᠤᠨ᠎ᠠ᠃      ︵ᠭᠤᠷᠪᠠ︶ ᠲᠥᠪ ᠬᠤᠲᠠ ᠶᠢᠨ ᠡᠨᠧᠷᠭᠢ ᠶᠢᠨ ᠳᠡᠰ ᠢ ᠪᠠᠬᠢᠵᠢᠭᠦᠯᠦᠨ ᠳᠡᠭᠡᠭᠰᠢᠯᠡᠭᠦᠯᠦᠨ᠎ᠡ      ᠬᠤᠲᠠ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠦᠨ᠎ᠡ᠃ ︽ᠭᠤᠷᠪᠠᠨ ᠳᠡᠰ ᠭᠤᠷᠪᠠᠨ ᠲᠦᠷᠦᠯ︾  ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ︽ᠲᠥᠷᠥᠯ ᠵᠦᠢᠯ ᠤᠨ ᠨᠠᠷᠢᠨ ᠬᠠᠭᠤᠳᠠᠰᠤ︾ ︽ᠰᠠᠭᠤᠷᠢ ᠭᠦᠢᠴᠡᠳᠬᠡᠯ ᠲᠤᠭ᠎ᠠ︾ ︽ᠨᠡᠮᠡᠭᠳᠡᠬᠦ ᠨᠦᠬᠡᠴᠡᠯᠡᠬᠦ ᠶᠢ ᠬᠤᠯᠪᠣᠭᠳᠠᠭᠤᠯᠬᠤ︾ ᠭᠠᠵᠠᠷ ᠰᠢᠷᠣᠶ ᠶᠢᠨ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ᠬᠡᠷᠡᠭᠯᠡᠬᠦ ᠭᠠᠵᠠᠷ ᠢ ᠳᠠᠪᠠᠭᠤᠯᠢᠭ ᠲᠠᠢ ᠭᠠᠵᠠᠷ ᠣᠷᠣᠨ ᠤ ᠲᠥᠷᠥᠯ ᠵᠦᠢᠯ ᠲᠦᠪᠯᠡᠷᠡᠭᠰᠡᠨ ᠭᠠᠵᠠᠷ ᠲᠡᠶᠢᠰᠢ ᠬᠡᠯᠪᠡᠶᠢᠯᠭᠡᠨ᠎ᠡ᠃ ︽ᠨᠢᠭᠡᠴᠢ ᠶᠢᠨ ᠡᠵᠡᠮᠳᠡᠯ ᠤᠨ ᠲᠥᠯᠥᠪᠵᠢᠭᠦᠯᠭᠡ+ᠬᠡᠷᠡᠭᠵᠢᠭᠦᠯᠬᠦ ᠲᠥᠰᠦᠯ︾ ᠤᠨ ᠲᠥᠯᠥᠪᠵᠢᠭᠦᠯᠭᠡ ᠬᠠᠮᠢᠶᠠᠷᠤᠯᠲᠠ ᠶᠢᠨ ᠵᠠᠭᠪᠤᠷ ᠢ ᠲᠦᠷᠦᠭᠦᠯᠡᠨ ᠬᠡᠷᠡᠭᠵᠢᠭᠦᠯᠵᠦ᠂ ᠲᠥᠪ ᠬᠤᠲᠠ ᠶᠢᠨ ᠲᠣᠭᠤᠷᠢᠭ ᠤᠨ 40 ᠲᠡᠭᠰᠢ ᠳᠥᠷᠪᠡᠯᠵᠢᠨ ᠺᠢᠯᠤᠮᠧᠲᠷ ᠤᠨ ᠨᠢᠭᠡᠴᠢ ᠶᠢᠨ ᠡᠵᠡᠮᠳᠡᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠵᠠᠮ ᠬᠠᠷᠢᠯᠴᠠᠭ᠎ᠠ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ᠂ ᠡᠩ ᠤᠨ ᠪᠠ ᠪᠠᠴᠢᠮ ᠪᠠᠶᠢᠳᠠᠯ ᠳᠤ ᠬᠡᠷᠡᠭᠯᠡᠬᠦ ᠣᠯᠠᠨ ᠨᠡᠶᠢᠲᠡ ᠶᠢᠨ ᠪᠡᠯᠡᠳᠬᠡᠮᠵᠢ ᠶᠢᠨ ᠪᠠᠶᠢᠷᠢᠰᠢᠭᠤᠯᠤᠯᠲᠠ ᠵᠡᠷᠭᠡ ᠲᠤᠰᠬᠠᠶ ᠲᠥᠯᠥᠪᠵᠢᠭᠦᠯᠭᠡ ᠶᠢᠨ ᠰᠤᠳᠤᠯᠭᠠᠨ ᠢ ᠥᠷᠨᠢᠭᠦᠯᠵᠦ᠂ ᠵᠡᠭᠦᠨ ᠬᠡᠰᠡᠭ ᠤᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠢ ᠲᠣᠭᠤᠷᠢᠭᠰᠠᠨ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠣᠨ ᠢ ᠥᠨᠳᠥᠷ ᠲᠦᠪᠰᠢᠨ ᠢᠶᠠᠷ ᠲᠥᠯᠥᠪᠵᠢᠭᠦᠯᠦᠨ᠎ᠡ᠃      ᠣᠷᠣᠨ ᠤ ᠲᠥᠪ ᠬᠤᠲᠠ ᠶᠢᠨ ᠨᠥᠯᠥᠭᠡᠯᠡᠬᠦ ᠴᠢᠳᠠᠪᠤᠷᠢ ᠶᠢ ᠴᠢᠩᠭᠠᠳᠬᠠᠨ᠎ᠠ᠃ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ ᠠᠶᠠᠯᠠᠯ ᠨᠡᠪᠲᠡᠷᠡᠭᠦᠯᠵᠦ᠂ ᠲᠡᠷᠢᠭᠦᠨ ᠤ ᠪᠠᠷᠢᠮᠵᠢᠶ᠎ᠠ ᠶᠣᠰᠣᠭᠠᠷ ᠪᠣᠬᠢᠷᠲᠤᠯ ᠥᠬᠡᠶ ᠳᠣᠣᠷ᠎ᠠ ᠨᠡᠭᠦᠷᠡᠰᠦᠳᠦᠷᠦᠭᠴᠢᠲᠦ ᠣᠯᠠᠨ ᠤᠯᠤᠰ ᠤᠨ ᠨᠢᠰᠬᠡᠯ ᠤᠨ ᠪᠠᠭᠤᠳᠠᠯ ᠢ ᠪᠠᠶᠢᠭᠤᠯᠵᠤ᠂ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠲᠠᠪᠤᠳᠤᠭᠠᠷ ᠠᠶᠠᠯᠠᠯ ᠤᠨ ᠡᠷᠬᠡ ᠶᠢ ᠴᠢᠷᠮᠠᠶᠢᠨ ᠣᠯᠵᠤ᠂ ᠣᠷᠣᠨ ᠤ ᠲᠥᠪ ᠬᠤᠲᠠ ᠶᠢᠨ ᠭᠠᠳᠠᠭᠠᠳᠤ ᠲᠠᠢ  ᠨᠡᠪᠲᠡᠷᠡᠬᠦ ᠰᠢᠨ᠎ᠡ ᠵᠠᠮ ᠢ ᠪᠥᠬᠦ ᠲᠠᠯ᠎ᠠ ᠪᠠᠷ ᠨᠡᠭᠡᠭᠡᠨ᠎ᠡ᠃ ᠬᠥᠬᠡᠬᠤᠲᠠ ᠪᠤᠭᠤᠲᠤ ᠶᠢᠨ ᠲᠦᠷᠭᠡᠨ ᠤ ᠲᠡᠮᠦᠷ ᠵᠠᠮ᠂ ᠬᠥᠬᠡᠬᠤᠲᠠ ᠣᠷᠳᠣᠰ ᠤᠨ ᠬᠤᠲᠠ ᠶᠢᠨ ᠬᠤᠭᠤᠷᠣᠨᠳᠣᠬᠢ ᠲᠡᠮᠦᠷ ᠵᠠᠮ ᠤᠨ ᠲᠥᠷᠥᠯ ᠵᠦᠢᠯ ᠢ ᠤᠯᠤᠰ ᠤᠨ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠵᠤ᠂ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S29 ᠬᠥᠬᠡᠬᠤᠲᠠ ᠯᠢᠶᠠᠩᠴᠧᠩ ᠤᠨ ᠲᠦᠷᠭᠡᠨ ᠤ ᠵᠠᠮ᠂ S311 ᠦᠴᠦᠸᠠᠨ ᠠᠴᠠ ᠶᠠᠩ ᠱᠤ᠋ ᠪᠠ ᠬᠦᠷᠬᠦ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠪᠠᠷ ᠴᠢᠷᠮᠠᠶᠢᠨ᠎ᠠ᠂ S27 ᠬᠥᠬᠡᠬᠤᠲᠠ ᠣᠷᠳᠣᠰ ᠤᠨ ᠲᠦᠷᠭᠡᠨ ᠤ ᠵᠠᠮ ᠢ ᠠᠵᠢᠯ ᠡᠬᠢᠯᠡᠭᠦᠯᠦᠨ ᠪᠠᠶᠢᠭᠤᠯᠵᠤ᠂ ᠰᠢᠨ᠎ᠡ ᠨᠢᠰᠬᠡᠯ ᠤᠨ ᠪᠠᠭᠤᠳᠠᠯ ᠤᠨ ᠡᠷᠬᠢᠨ ᠲᠣᠭᠤᠷᠢᠨ ᠤ ᠵᠠᠮ ᠤᠨ ᠲᠣᠤᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠢ ᠨᠢᠭᠡ ᠴᠤᠭᠴᠠᠵᠢᠭᠤᠯᠬᠤ ᠠᠬᠢᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠬᠡᠬᠤᠲᠠ ᠪᠤᠭᠤᠲᠤ ᠶᠢᠨ ︽ᠨᠢᠭᠡ ᠬᠤᠲᠠᠴᠢᠯᠠᠬᠤ︾ ᠬᠠᠮᠵᠢᠯᠴᠠᠬᠤ ᠬᠡᠪᠴᠢᠶ᠎ᠡ ᠶᠢ ᠥᠷᠭᠡᠳᠬᠡᠨ᠂ ᠬᠥᠬᠡᠬᠤᠲᠠ ᠶᠢᠨ ᠬᠤᠲᠠ ᠶᠢᠨ ᠴᠠᠭᠠᠷᠢᠭ ᠢ ᠤᠯᠤᠰ ᠤᠨ ᠲᠥᠯᠥᠪᠵᠢᠭᠦᠯᠭᠡ ᠳᠤ ᠣᠷᠣᠭᠤᠯᠬᠤ ᠶᠢ ᠠᠬᠢᠭᠤᠯᠵᠤ᠂ ᠣᠷᠣᠨ ᠤ ᠲᠥᠪ ᠬᠤᠲᠠ ᠶᠢ ᠦᠨᠡᠨ ᠬᠦ ᠣᠷᠣᠨ ᠪᠦᠰᠡ ᠶᠢ ᠬᠥᠲᠥᠯᠦᠨ ᠳᠠᠭᠠᠭᠤᠯᠤᠭᠰᠠᠨ᠂ ᠡᠷᠬᠢᠨ ᠲᠣᠭᠤᠷᠢᠨ ᠢ ᠨᠥᠯᠥᠭᠡᠯᠡᠭᠰᠡᠨ ︽ᠪᠥᠬᠦ ᠤᠯᠤᠰ ᠤᠨ ᠴᠢᠨᠠᠷᠲᠠᠶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠬᠤᠲᠠ︾ ᠪᠣᠯᠭᠠᠨ᠎ᠠ᠃      ᠬᠤᠲᠠ ᠶᠢᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠣᠣ ᠤᠳᠠ ᠥᠨᠳᠥᠷ ᠵᠠᠮ ᠪᠠ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠬᠠᠷᠢᠯᠴᠠᠨ ᠨᠡᠪᠲᠡᠷᠡᠯᠴᠡᠬᠦ ᠵᠦᠷᠢᠯᠢᠭ᠂ ᠴᠢᠩᠭᠢᠰ ᠬᠠᠭᠠᠨ ᠶᠡᠭᠡ ᠵᠡᠭᠡᠯᠢ ᠶᠢᠨ ᠵᠡᠭᠦᠨᠰᠢ ᠤᠷᠲᠤᠳᠬᠠᠬᠤ ᠬᠡᠰᠡᠭ᠂  ᠶᠢᠨ ᠬᠠᠩ ᠶᠡᠭᠡ ᠵᠠᠮ᠂ ᠶᠦᠨ ᠭᠠᠩ ᠶᠡᠭᠡ ᠵᠡᠭᠡᠯᠢ ᠵᠡᠷᠭᠡ ᠬᠥᠭᠦᠷᠭᠡ ᠵᠠᠮ ᠤᠨ ᠢᠨᠵᠧᠨᠧᠷᠢᠩ ᠢ ᠪᠥᠲᠥᠭᠡᠨ ᠪᠠᠶᠢᠭᠤᠯᠵᠤ᠂ ᠣᠯᠠᠨ ᠲᠦᠮᠡᠨ ᠤ ᠤᠷᠠᠯᠢᠭ ᠤᠨ ᠣᠷᠳᠣᠨ ᠤ ᠪᠠᠷᠠᠭᠤᠨ ᠭᠤᠳᠤᠮᠵᠢ᠂ ᠾᠦᠢ ᠮᠢᠨ ᠵᠡᠭᠡᠯᠢ ᠵᠡᠷᠭᠡ 19 ︽ᠮᠤᠬᠤᠷ ᠵᠠᠮ︾ ᠢ ᠨᠡᠪᠲᠡᠷᠡᠭᠦᠯᠵᠦ᠂ ︽ᠵᠠᠯᠠᠭᠤᠴᠤᠳ ᠤᠨ ᠨᠡᠶᠢᠭᠡᠮ ᠲᠣᠭᠤᠷᠢᠭ︾᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠵᠡᠷᠭᠡ ᠬᠡᠰᠡᠭ ᠣᠷᠣᠨ ᠤ ᠬᠤᠲᠠ ᠶᠢᠨ ᠶᠠᠪᠤᠳᠠᠯ ᠤᠨ ᠵᠠᠮ ᠢ ᠲᠡᠭᠦᠯᠳᠡᠷᠵᠢᠭᠦᠯᠦᠨ᠎ᠡ᠃ ︽ᠬᠠᠯᠠᠭᠤᠨ ᠳᠤᠯᠠᠭᠠᠨ ᠤ ᠢᠨᠵᠧᠨᠧᠷᠢᠩ︾ ᠤᠨ 2.0 ᠳ᠋ᠤᠭᠠᠷ ᠬᠡᠪ ᠢ ᠬᠡᠷᠡᠭᠵᠢᠭᠦᠯᠵᠦ᠂ ︽ᠪᠠᠷᠠᠭᠤᠨ ᠤ ᠢᠯᠴᠢ ᠶᠢ ᠵᠡᠭᠦᠨᠰᠢ ᠬᠦᠷᠭᠡᠬᠦ︾ ᠢᠨᠵᠧᠨᠧᠷᠢᠩ ᠢ ᠡᠬᠢᠯᠡᠭᠦᠯᠵᠦ᠂ ᠵᠡᠭᠦᠨ ᠬᠤᠶᠢᠲᠤ ᠬᠡᠰᠡᠭ ᠤᠨ ᠢᠯᠴᠢ ᠬᠦᠷᠦᠯᠴᠡᠬᠦ ᠦᠭᠡᠢ ᠠᠰᠠᠭᠤᠳᠠᠯ ᠢ ᠰᠢᠢᠳᠪᠦᠷᠢᠯᠡᠨ᠎ᠡ᠃ 59.5 ᠺᠢᠯᠣᠮᠧᠲᠷ ᠤᠨ ᠬᠠᠭᠤᠴᠢᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠢ ᠰᠢᠨᠡᠳᠭᠡᠨ ᠥᠭᠡᠷᠡᠴᠢᠯᠡᠨ᠎ᠡ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠪᠡᠶ᠎ᠡ ᠪᠠᠨ ᠳᠠᠭᠠᠭᠠᠵᠤ ᠰᠢᠨᠡᠴᠢᠯᠡᠬᠦ ᠲᠣᠭᠲᠠᠴᠠ ᠶᠢ ᠬᠠᠶᠢᠨ ᠰᠦᠪᠡᠭᠴᠢᠯᠡᠵᠦ᠂ 272 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ 460 ᠰᠠᠭᠤᠭᠠᠯᠢ ᠲᠣᠭᠤᠷᠢᠭ ᠤᠨ ︽ᠤᠤᠭᠤᠬᠤ ᠤᠰᠤᠨ ᠤ ᠬᠦᠴᠢᠷᠳᠡᠯ︾᠂ 467 ᠰᠠᠭᠤᠭᠠᠯᠢ  ᠲᠣᠭᠤᠷᠢᠭ ᠤᠨ ᠬᠤᠭᠤᠯᠠᠶ ᠶᠢᠨ ᠲᠣᠤᠷ ᠤᠨ ᠪᠣᠷᠣᠭᠠᠨ ᠤ ᠤᠰᠤ ᠪᠠ ᠪᠣᠬᠢᠷ ᠤᠰᠤ ᠶᠢ ᠬᠤᠯᠢᠯᠳᠤᠭᠤᠯᠤᠨ ᠵᠠᠯᠭᠠᠬᠤ ᠠᠰᠠᠭᠤᠳᠠᠯ ᠢ ᠰᠢᠢᠳᠪᠦᠷᠢᠯᠡᠨ᠎ᠡ᠃ ᠬᠤᠲᠠ ᠶᠢᠨ ᠨᠣᠭᠤᠭᠠᠷᠠᠭᠤᠯᠤᠯᠲᠠ ᠶᠢᠨ ᠵᠠᠮ ᠢ 200 ᠺᠢᠯᠤᠮᠧᠲᠷ ᠠᠴᠠ ᠳᠡᠭᠡᠭᠰᠢ᠂ ᠴᠡᠴᠡᠷᠯᠢᠭ ᠵᠤᠭᠠᠴᠠᠯ ᠤᠨ ᠬᠦᠷᠢᠶᠡᠯᠡᠩ ᠢ 200 ᠠᠴᠠ ᠳᠡᠭᠡᠭᠰᠢ ᠬᠠᠮᠠᠭᠠᠯᠠᠨ ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢᠨ ᠣᠯᠠᠨ ᠲᠦᠮᠡᠨ ᠤ ᠠᠮᠢᠳᠤᠷᠠᠯ ᠳᠤ ᠲᠠᠰᠤᠷᠠᠯᠲᠠ ᠦᠭᠡᠢ ᠰᠢᠨ᠎ᠡ ᠥᠩᠭᠡ ᠪᠤᠳᠤᠭ ᠨᠡᠮᠡᠷᠢᠯᠡᠨ᠎ᠡ᠃      ᠬᠤᠲᠠ ᠶᠢᠨ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠨ᠎ᠡ᠃ ᠬᠤᠲᠠ ᠶᠢᠨ ᠶᠡᠭᠡ ᠲᠠᠷᠢᠬᠢ 4.0 ᠳ᠋ᠦ᠋ᠭᠡᠷ ᠬᠡᠪ ᠶᠢ ᠲᠠᠰ ᠳᠡᠪᠰᠢᠭᠦᠯᠵᠦ᠂ AI ᠣᠶᠣᠨᠴᠢ ᠮᠡᠷᠭᠡᠵᠢᠯ ᠤᠨ ᠬᠤᠲᠠ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠬᠤᠲᠠ ᠶᠢᠨ ᠠᠵᠢᠯᠯᠠᠭᠠᠨ ᠤ ᠪᠠᠲᠤᠯᠠᠭ᠎ᠠ ᠵᠡᠷᠭᠡ ᠲᠠᠯ᠎ᠠ ᠳᠠᠬᠢ  ᠬᠡᠷᠡᠭᠯᠡᠯᠲᠡ ᠶᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠣᠭᠠᠴᠢᠯᠠᠭᠰᠠᠨ ᠣᠶᠣᠨᠴᠢ ᠲᠠᠪᠴᠠᠩ ᠢ ᠲᠠᠲᠠᠨ ᠤᠷᠤᠭᠤᠯᠵᠤ᠂ ᠪᠥᠬᠦ ᠶᠠᠪᠤᠴᠠ ᠶᠢᠨ ᠢᠯᠡ ᠬᠠᠮᠢᠶᠠᠷᠤᠯᠲᠠ ᠪᠠ ᠲᠦᠭᠰᠢᠭᠦᠷᠢ ᠶᠢ ᠡᠵᠡᠮᠳᠡᠨ ᠰᠡᠷᠭᠡᠶᠢᠯᠡᠬᠦ ᠶᠢ ᠪᠡᠶᠡᠯᠡᠭᠦᠯᠦᠨ᠎ᠡ᠃ 12345 ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠭᠦᠢᠴᠡᠳᠭᠡᠬᠦ᠂ ︽ᠡᠵᠡᠩᠨᠡᠬᠦ ᠬᠠᠮᠢᠶᠠᠷᠬᠤ ᠦᠢᠯᠡᠴᠢᠯᠡᠬᠦ︾ ᠲᠠᠪᠴᠠᠩ ᠪᠠ ᠬᠤᠳᠠ ᠶᠢᠨ ᠶᠡᠭᠡ ᠲᠠᠷᠢᠬᠢ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠲᠦᠷᠭᠡᠳᠭᠡᠨ ᠪᠡᠶᠡᠯᠡᠭᠦᠯᠵᠦ᠂ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠳᠤ ᠰᠢᠰᠲ᠋ᠧᠮᠲᠦ ᠲᠤᠯᠭᠠᠭᠤᠷᠢᠯᠠᠯ ᠬᠠᠩᠭᠠᠨ᠎ᠠ᠃      ︵ᠲᠦᠷᠪᠡ︶ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠶᠢ ᠬᠦᠴᠦᠲᠡᠢ ᠪᠠᠬᠢᠵᠢᠭᠦᠯᠦᠨ᠎ᠡ       ᠠᠮᠤ ᠪᠤᠳᠠᠭᠠᠨ ᠤ ᠦᠢᠯᠡᠳᠪᠦᠷᠢᠯᠡᠯ ᠢ ᠲᠤᠭᠲᠠᠪᠤᠷᠢᠵᠢᠭᠤᠯᠤᠨ᠎ᠠ᠃ ᠠᠮᠤ ᠪᠤᠳᠠᠭᠠᠨ ᠤ ᠲᠠᠷᠢᠶᠠᠨ ᠲᠠᠯᠠᠪᠠᠶ ᠶᠢ 500 ᠲᠦᠮᠡᠨ ᠮᠥ ᠠᠴᠠ ᠳᠡᠭᠡᠭᠰᠢ ᠲᠣᠭᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 31 ᠲᠦᠮᠡᠨ ᠮᠥ ᠰᠢᠨ᠎ᠡ ᠪᠠᠷ ᠪᠠᠶᠢᠭᠤᠯᠤᠨ᠎ᠠ᠃ ︽ᠢᠳᠡᠰᠢᠨ ᠨᠣᠭᠤᠭ᠎ᠠ︾ ᠶᠢᠨ ᠢᠨᠵᠧᠨᠧᠷᠢᠩ ᠢ ᠭᠦᠨᠵᠡᠭᠡᠶ ᠠᠬᠢᠭᠤᠯᠵᠤ᠂ ᠪᠡᠯᠡᠳᠬᠡᠮᠵᠢᠲᠦ ᠲᠠᠷᠢᠶᠠᠯᠠᠩ ᠢ 1.1 ᠲᠦᠮᠡᠨ ᠮᠥ ᠰᠢᠨ᠎ᠡ ᠪᠠᠷ ᠨᠡᠮᠡᠭᠳᠡᠭᠦᠯᠦᠨ᠂ 4300 ᠮᠥ ᠥᠭᠡᠷᠡᠴᠢᠯᠡᠨ ᠳᠡᠭᠡᠭᠰᠢᠯᠡᠭᠦᠯᠦᠨ᠎ᠡ᠃ ᠲᠣᠭᠲᠠᠬᠤ ᠰᠢᠶᠠᠨ᠂ ᠲᠦᠮᠡᠳ ᠵᠡᠭᠦᠨ ᠬᠤᠰᠢᠭᠤᠨ ᠳᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠦᠨ᠎ᠡ᠃  70 ᠲᠦᠮᠡᠨ ᠮᠦ ᠲᠠᠷᠢᠶᠠᠨ ᠳᠤ ᠠᠮᠤ ᠲᠣᠰᠣᠨ ᠤ ᠲᠠᠷᠢᠮᠠᠯ ᠤᠨ ᠨᠢᠭᠡᠴᠢ ᠤᠨᠠᠯᠲᠠ ᠶᠢ ᠳᠡᠭᠡᠭᠰᠢᠯᠡᠭᠦᠯᠬᠦ ᠶᠢ ᠬᠡᠷᠡᠭᠵᠢᠭᠦᠯᠵᠦ᠂ ᠨᠢᠭᠡᠴᠢ ᠤᠨᠠᠯᠲᠠ ᠶᠢᠨ ᠳᠠᠯᠳᠠ ᠬᠦᠴᠦᠨ ᠢ ᠪᠦᠬᠦ ᠶᠠᠪᠤᠴᠠ ᠪᠠᠷ ᠠᠭᠤᠳᠠᠯᠤᠨ᠂ ᠲᠡᠩᠴᠡᠭᠦᠷᠢᠲᠡᠢ ᠤᠨᠠᠯᠲᠠ ᠨᠡᠮᠡᠭᠳᠡᠭᠦᠯᠬᠦ ᠶᠢ ᠶᠡᠭᠡ ᠬᠡᠪᠴᠢᠶ᠎ᠡ ᠪᠠᠷ ᠲᠦᠭᠡᠮᠡᠯᠵᠢᠭᠦᠯᠦᠨ᠎ᠡ᠃      ᠲᠠᠷᠢᠶᠠᠯᠠᠩ ᠤᠨ ᠠᠵᠤ ᠦᠢᠯᠡᠰ ᠢ ᠬᠦᠭᠵᠢᠭᠦᠯᠦᠨ᠎ᠡ᠃ ᠲᠦᠮᠡᠳ ᠵᠡᠭᠦᠨ ᠬᠤᠰᠢᠭᠤᠨ ᠤ ᠤᠯᠤᠰ ᠤᠨ ᠲᠠᠰ ᠤᠨ᠂ ᠲᠣᠭᠲᠠᠬᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠵᠢᠶᠠ ᠱᠢ ᠲᠤᠭᠠᠴᠢᠯᠠᠭᠰᠠᠨ ᠤᠶᠤᠨᠴᠢ ᠲᠠᠷᠢᠶᠠᠯᠠᠩ ᠤᠨ ᠲᠠᠯᠠᠪᠠᠢ ᠶᠢᠨ ᠭᠤᠷᠪᠠᠳᠤᠭᠠᠷ ᠬᠤᠭᠤᠴᠠᠭ᠎ᠠ᠂ ᠵᠦᠩ ᠴᠢᠩ ᠤᠨ ᠪᠡᠯᠡᠳᠬᠡᠮᠵᠢᠲᠦ ᠲᠠᠷᠢᠶᠠᠯᠠᠩ ᠵᠡᠷᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢ ᠰᠠᠶᠢᠲᠤᠷ ᠠᠳᠬᠤᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠩ ᠤᠨ ᠬᠥᠭᠵᠢᠯᠲᠡ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃      ᠲᠣᠰᠬᠤᠨ ᠤ ᠣᠷᠤᠨ ᠰᠠᠭᠤᠴᠠ ᠶᠢᠨ ᠣᠷᠴᠢᠨ ᠨᠥᠬᠦᠴᠡᠯ ᠢ ᠰᠢᠯᠢᠲᠡᠭᠵᠢᠭᠦᠯᠦᠨ᠎ᠡ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠤ ᠴᠠᠬᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ᠂ ᠲᠣᠰᠬᠤᠨ ᠤ ᠱᠠᠲᠤ ᠶᠢᠨ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠦᠷᠳᠡᠭᠡ ᠶᠢᠨ ᠪᠠᠶᠢᠭᠤᠯᠤᠯᠲᠠ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠲᠣᠭᠠᠴᠢᠯᠠᠭᠰᠠᠨ ᠬᠥᠳᠡᠭᠡ ᠲᠣᠰᠬᠤᠨ᠂ ᠡᠶ᠎ᠡ ᠵᠤᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠬᠤᠷᠢᠨᠭᠡᠷ ᠰᠢᠶᠠᠨ᠂ ᠰᠠᠶᠢᠬᠠᠨ ᠲᠣᠭᠤᠷᠢᠭ ᠵᠡᠷᠭᠡ ᠬᠤᠰᠢᠭᠤ ᠰᠢᠶᠠᠨ ᠲᠣᠭᠤᠷᠢᠭ ᠤᠨ ︽ᠬᠥᠳᠡᠭᠡ ᠲᠣᠰᠬᠤᠨ ᠤ ᠳᠥᠷᠪᠡᠨ ᠰᠠᠶᠢᠲᠠᠢ ᠵᠠᠮ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠠᠬᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠨᠡᠶᠢᠳᠡᠮ ᠪᠦᠷᠬᠦᠭᠦᠯᠵᠦ᠂ ᠠᠮᠢᠳᠤᠷᠠᠯ ᠤᠨ ᠪᠣᠬᠢᠷ ᠤᠰᠤ ᠶᠢᠨ ᠵᠠᠰᠠᠯᠲᠠ ᠶᠢᠨ ᠨᠣᠷᠮ᠎ᠠ ᠶᠢ 60% ᠳᠤ ᠬᠦᠷᠭᠡᠨ᠂ ᠪᠣᠬᠢᠷ ᠦᠮᠡᠬᠡᠶ ᠤᠰᠤᠨ ᠴᠣᠭᠴᠠ ᠶᠢ ᠬᠥᠳᠡᠯᠦᠩᠭᠦᠶ ᠪᠠᠷ ᠴᠡᠪᠡᠷᠯᠡᠨ ᠠᠷᠢᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢ 19 ᠪᠠᠶᠢᠭᠤᠯᠤᠨ᠎ᠠ᠃      ︵ᠲᠠᠪᠤ︶  ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ᠎ᠡ      ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠥᠨᠳᠥᠷ ᠪᠠᠷᠢᠮᠵᠢᠶ᠎ᠠ ᠪᠠᠷ ᠴᠡᠭᠴᠡᠯᠡᠨ ᠰᠠᠶᠢᠵᠢᠷᠠᠭᠤᠯᠤᠨ᠎ᠠ᠃ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠡᠭ ᠢ ᠪᠦᠬᠦ ᠬᠦᠴᠦᠨ ᠢᠶᠠᠷ ᠢᠶᠠᠨ ᠭᠤᠶᠤᠴᠢᠯᠠᠨ ᠮᠡᠳᠡᠭᠦᠯᠦᠨ᠎ᠡ᠃ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠤᠤᠯ ᠤᠨ ᠰᠠᠭᠤᠭᠠᠯᠢ ᠠᠷᠠᠳ ᠤᠨ ᠠᠮᠢ ᠠᠬᠤᠶ ᠶᠢᠨ ᠨᠡᠭᠦᠯᠭᠡᠬᠦ ᠠᠵᠢᠯ ᠢ ᠡᠬᠢᠯᠡᠭᠦᠯᠦᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠶᠢ ᠪᠥᠬᠦ ᠲᠠᠯ᠎ᠠ ᠪᠠᠷ ᠠᠬᠢᠭᠤᠯᠤᠨ᠂ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠪᠠ ᠵᠠᠭᠤᠨ ᠡᠳᠦᠷ ᠤᠨ ᠪᠣᠭᠤᠮᠲᠠ ᠰᠢᠪᠲᠤᠯᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠠᠯ ᠤᠨ ᠲᠤᠭ᠎ᠠ ᠲᠣᠯᠣᠭᠠᠢ ᠶᠢ ᠵᠦᠶ ᠵᠣᠬᠢᠰᠲᠠᠶ ᠬᠢᠨᠠᠨ ᠲᠣᠭᠲᠠᠭᠠᠵᠤ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠡᠮᠬᠢ ᠵᠢᠷᠤᠮ ᠲᠠᠢ ᠪᠠᠷ ᠪᠠᠭᠠᠰᠬᠠᠨ᠎ᠠ᠃ ᠣᠢ ᠰᠢᠭᠤᠢ ᠶᠢᠨ ᠨᠡᠭᠦᠷᠡᠰᠦᠲᠥ᠋ᠷᠥᠭᠴᠢ ᠰᠢᠩᠭᠡᠭᠡᠬᠦ ᠠᠷᠠᠯᠵᠢᠶᠠᠨ ᠤ ᠦᠢᠯᠡᠴᠢᠯᠡᠭᠡᠨ ᠤ ᠲᠥᠪ ᠢ ᠪᠦᠲᠦᠭᠡᠨ ᠪᠠᠢᠭᠤᠯᠵᠤ᠂ ᠨᠡᠭᠦᠷᠡᠰᠦᠲᠥ᠋ᠷᠥᠭᠴᠢ ᠰᠢᠩᠭᠡᠭᠡᠬᠦ ᠲᠤᠭ᠎ᠠ ᠪᠠᠷᠢᠮᠲᠠ ᠶᠢᠨ ᠰᠢᠰᠲ᠋ᠧᠮᠲᠦ ᠬᠠᠮᠢᠶᠠᠷᠤᠯᠲᠠ ᠶᠢ ᠪᠡᠶᠡᠯᠡᠭᠦᠯᠦᠨ᠎ᠡ᠃      ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠨ᠎ᠡ᠃ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠢ ᠦᠷ᠎ᠡ ᠪᠦᠲᠦᠮᠵᠢ ᠪᠠᠷ ᠳᠡᠰ ᠬᠤᠪᠢᠶᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠢ ᠪᠠᠭᠠᠰᠬᠠᠬᠤ ᠵᠢᠭᠰᠠᠭᠠᠯᠲᠠ ᠶᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠠᠭᠠᠷ ᠮᠠᠨᠳᠠᠯ ᠳᠤ ᠬᠤᠯᠪᠣᠭᠳᠠᠬᠤ ᠠᠵᠢᠯ ᠲᠥᠷᠥᠯ ᠤᠨ ᠦᠷ᠎ᠡ ᠪᠦᠲᠦᠮᠵᠢ ᠪᠠᠷ ᠳᠣᠤᠷ᠎ᠠ ᠪᠠ ᠬᠦᠴᠦᠨ ᠦᠭᠡᠢ ᠪᠤᠯᠤᠭᠰᠠᠨ ᠪᠣᠬᠢᠷᠲᠤᠯ ᠢ ᠵᠠᠰᠠᠬᠤ ᠲᠥᠬᠦᠭᠡᠷᠦᠮᠵᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ 1 ᠢᠯᠴᠢ ᠶᠢᠨ ᠴᠠᠬᠢᠯᠭᠠᠨ᠂ 1 ᠬᠡᠦᠷᠰᠢᠭᠦᠯᠬᠦ᠂ 12 ᠱᠦᠢᠨᠢ ᠶᠢᠨ ᠠᠵᠤ ᠠᠬᠤᠶᠢᠯᠠᠯ ᠤᠨ ᠭᠠᠳᠠᠭᠰᠢᠯᠠᠭᠤᠯᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠮᠠᠰᠢᠨ ᠮᠧᠬᠠᠨᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳ᠋ᠤᠭᠠᠷᠯᠠᠯ ᠤᠨ ᠳᠡᠩᠰᠡᠯᠡᠯᠲᠡ ᠶᠢᠨ ᠭᠤᠷᠪᠠᠨ ᠱᠠᠲᠤᠨ ᠤ ᠰᠦᠯᠵᠢᠶᠡᠵᠢᠯ ᠢ ᠪᠡᠶᠡᠯᠡᠭᠦᠯᠵᠦ᠂ ᠲᠡᠮᠦᠷ ᠵᠠᠮ ᠤᠨ ᠪᠠᠷᠠᠭᠠᠨ ᠤ ᠲᠠᠯᠠᠪᠠᠶ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠣᠷᠣᠨ ᠪᠦᠰᠡ ᠶᠢᠨ ᠳᠤᠲᠤᠷ᠎ᠠ ᠠᠵᠢᠯᠯᠠᠬᠤ ᠲᠡᠷᠭᠡ ᠬᠥᠰᠬᠡ ᠶᠢᠨ ︽ᠬᠠᠷ᠎ᠠ ᠣᠳᠤᠭ᠎ᠠ︾ ᠶᠢᠨ ᠦᠵᠡᠭᠳᠡᠯ ᠢ ᠦᠨᠳᠦᠰᠦᠨ ᠳᠤ ᠪᠠᠨ ᠠᠷᠢᠯᠭᠠᠨ᠎ᠠ᠃ ᠡᠰᠢ ᠰᠦᠷᠡᠯ ᠢ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠪᠦᠬᠦ ᠵᠢᠯ ᠳᠤ ᠬᠦᠨᠳᠦ ᠪᠣᠬᠢᠷᠲᠤᠯ ᠲᠠᠢ ᠴᠠᠭ ᠠᠭᠤᠷ ᠢ ᠦᠭᠡᠶ ᠪᠣᠯᠭᠠᠬᠤ ᠪᠠᠷ ᠴᠢᠷᠮᠠᠶᠢᠨ᠎ᠠ᠃      ᠣᠷᠣᠨ ᠤ ᠲᠥᠪ ᠬᠤᠲᠠ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠤᠰᠤᠨ ᠤ ᠡᠬᠢ ᠪᠠᠶᠠᠯᠢᠭ ᠤᠨ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠨ᠎ᠡ᠃ ︽ᠤᠰᠤ ᠠᠷᠪᠢᠯᠠᠬᠤ ᠠᠵᠢᠯᠯᠠᠭ᠎ᠠ︾ ᠶᠢ ᠭᠦᠨᠵᠡᠭᠡᠶ ᠬᠡᠷᠡᠭᠵᠢᠭᠦᠯᠵᠦ᠂ ᠬᠠᠲᠤᠨ ᠭᠤᠤᠯ ᠤᠨ ᠤᠰᠤ ᠶᠢ ᠲᠠᠲᠠᠬᠤ ᠭᠤᠷᠪᠠᠳᠤᠭᠠᠷ ᠬᠤᠭᠤᠴᠠᠭᠠᠨ ᠤ ᠤᠰᠤ ᠣᠷᠣᠭᠤᠯᠵᠤ ᠤᠰᠤ ᠳᠠᠮᠵᠢᠭᠤᠯᠬᠤ᠂ ᠤᠰᠤ ᠴᠡᠪᠡᠷᠰᠢᠭᠦᠯᠵᠦ ᠤᠰᠤ ᠲᠣᠬᠢᠷᠠᠭᠤᠯᠬᠤ ᠢᠨᠵᠧᠨᠧᠷᠢᠩ ᠢ ᠪᠥᠬᠦ ᠲᠠᠯ᠎ᠠ ᠪᠠᠷ ᠠᠬᠢᠭᠤᠯᠵᠤ᠂ ᠬᠠᠲᠤᠨ ᠭᠤᠤᠯ ᠤᠨ ᠤᠰᠤ ᠶᠢ ᠲᠠᠲᠠᠬᠤ ᠨᠢᠭᠡᠳᠦᠭᠡᠷ᠂ ᠬᠤᠶᠠᠳᠤᠭᠠᠷ ᠬᠤᠭᠤᠴᠠᠭᠠᠨ ᠤ ᠪᠡᠯᠡᠳᠬᠡᠯ ᠤᠰᠤ ᠳᠠᠮᠵᠢᠭᠤᠯᠬᠤ ᠬᠤᠭᠤᠯᠠᠶ ᠱᠤᠭᠤᠮ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠲᠠᠷᠢᠶᠠᠯᠠᠩ᠂ ᠠᠵᠤ ᠦᠢᠯᠡᠳᠪᠦᠷᠢ᠂ ᠠᠮᠢᠳᠤᠷᠠᠯ ᠤᠨ ᠤᠰᠤ ᠠᠷᠪᠢᠯᠠᠬᠤ ᠶᠢ ᠴᠢᠩᠭᠠᠳᠬᠠᠨ᠂ ᠲᠠᠷᠢᠶᠠᠯᠠᠩ ᠤᠨ ᠤᠰᠤ ᠠᠷᠪᠢᠯᠠᠬᠤ ︽ᠤᠰᠤ ᠴᠠᠬᠢᠯᠭᠠᠨ︾ ᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠠᠵᠤ ᠦᠢᠯᠡᠳᠪᠦᠷᠢ ᠶᠢᠨ ︽ᠤᠰᠤ ᠪᠠᠷ ᠭᠠᠷᠤᠯᠲᠠ ᠶᠢ ᠲᠣᠭᠲᠠᠭᠠᠬᠤ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠤᠰᠤ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢ ᠠᠯᠬᠤᠮ ᠠᠯᠬᠤᠮ ᠢᠶᠠᠷ ᠬᠡᠷᠡᠭᠵᠢᠭᠦᠯᠦᠨ᠂ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠪᠠᠶᠢᠭᠤᠯᠤᠨ᠎ᠠ᠃ ᠥᠪᠡᠷ ᠢᠶᠠᠨ ᠪᠡᠯᠡᠳᠬᠡᠭᠰᠡᠨ ᠬᠤᠳᠳᠤᠭ ᠢ ᠲᠤᠰᠬᠠᠶ ᠴᠡᠭᠴᠡᠯᠡᠨ ᠵᠠᠰᠠᠬᠤ ᠪᠠ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ  ᠬᠡᠷᠡᠭᠯᠡᠬᠦ ᠤᠰᠤ ᠶᠢ ᠱᠠᠲᠤ ᠬᠤᠪᠢᠶᠠᠨ ᠦᠨ᠎ᠡ ᠲᠣᠭᠲᠠᠭᠠᠬᠤ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ᠠᠴᠠ ᠬᠡᠲᠦᠷᠡᠭᠰᠡᠨ ᠢ ᠦᠨ᠎ᠡ ᠨᠡᠮᠡᠬᠦ ᠳᠦᠷᠢᠮ ᠢ ᠬᠡᠷᠡᠭᠵᠢᠭᠦᠯᠦᠨ᠎ᠡ᠃ ᠤᠰᠤ ᠶᠢ ᠳᠠᠬᠢᠨ ᠠᠰᠢᠭᠯᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠵᠢᠨᠴᠤᠸᠠᠨ ᠤ ᠡᠮᠦᠨ᠎ᠡ ᠲᠣᠭᠤᠷᠢᠭ ᠤᠨ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠲᠥᠯᠥᠪᠵᠢᠭᠦᠯᠦᠨ ᠪᠠᠶᠢᠭᠤᠯᠵᠤ᠂ ︽H+ ᠪᠤᠴᠠᠯᠲᠠ︾ ᠬᠡᠯᠪᠡᠷᠢ ᠶᠢᠨ ᠳᠡᠭᠢᠯᠳᠡ ᠤᠰᠤᠨ ᠤ ᠬᠤᠭᠤᠯᠠᠶ ᠶᠢᠨ ᠲᠣᠤᠷ ᠤᠨ ᠰᠢᠰᠲ᠋ᠧᠮᠵᠢ ᠶᠢ ᠪᠠᠶᠢᠭᠤᠯᠵᠤ᠂ ᠤᠰᠤ ᠶᠢ ᠳᠠᠬᠢᠨ ᠠᠰᠢᠭᠯᠠᠬᠤ ᠬᠠᠷᠢᠴᠠᠯ ᠢ 45% ᠪᠣᠯᠲᠠᠯ᠎ᠠ ᠳᠡᠭᠡᠭᠰᠢᠯᠡᠭᠦᠯᠦᠨ᠎ᠡ᠃      ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ 5 ᠲᠣᠭᠤᠷᠢᠭ ᠰᠢᠶᠠᠨ ᠤ ᠳᠡᠰ ᠤᠨ ᠪᠠᠷᠢᠯᠭ᠎ᠠ ᠶᠢᠨ ᠬᠤᠭ ᠨᠤᠪᠰᠢ ᠶᠢ ᠰᠢᠩᠭᠡᠭᠡᠬᠦ ᠲᠠᠯᠠᠪᠠᠢ ᠶᠢ ᠪᠠᠶᠢᠭᠤᠯᠵᠤ ᠬᠡᠷᠡᠭᠯᠡᠯᠲᠡ ᠳᠤ ᠣᠷᠣᠭᠤᠯᠤᠨ᠎ᠠ᠃ 553 ᠾᠧᠺᠲ᠋ᠠᠷ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ  ᠰᠡᠷᠭᠦᠭᠡᠨ ᠵᠠᠰᠠᠵᠤ᠂ ᠬᠠᠲᠤᠨ ᠭᠤᠤᠯ ᠤᠨ ᠰᠠᠪᠠ ᠭᠠᠵᠠᠷ ᠤᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠪᠣᠬᠢᠷᠲᠤᠯ ᠤᠨ ᠪᠠᠶᠢᠳᠠᠯ ᠤᠨ ᠨᠠᠷᠢᠨ ᠪᠠᠶᠢᠴᠠᠭᠠᠯᠲᠠ ᠶᠢ ᠡᠬᠢᠯᠡᠭᠦᠯᠦᠨ᠎ᠡ᠃ ︽ᠨᠡᠭᠦᠷᠡᠰᠦᠨ ᠤ ᠨᠤᠨᠲᠠᠭ ᠦᠨᠡᠰᠦ ᠶᠢ ᠡᠭᠡᠭᠦᠯᠦᠨ ᠪᠤᠯᠠᠵᠤ ᠢᠳᠡᠭᠳᠡᠭᠰᠡᠨ ᠭᠤᠣ ᠶᠢᠨ ᠠᠮᠢ ᠠᠬᠤᠢ ᠶᠢ ᠰᠡᠷᠭᠦᠭᠡᠬᠦ ᠮᠡᠷᠭᠡᠵᠢᠯ ᠤᠨ ᠳᠦᠷᠢᠮ︾ ᠤᠨ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠨ᠎ᠡ᠃ ᠨᠡᠭᠦᠷᠡᠰᠦ ᠪᠠᠷ ᠰᠠᠭᠤᠷᠢ ᠪᠣᠯᠭᠠᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠠᠮᠢ ᠠᠬᠤᠶ ᠣᠷᠴᠢᠨ ᠲᠣᠭᠤᠷᠢᠨ ᠢ ᠵᠠᠰᠠᠨ ᠰᠡᠷᠭᠦᠭᠡᠬᠦ ᠲᠤᠷᠰᠢᠯᠲᠠ ᠶᠢᠨ ᠠᠵᠢᠯ ᠢ ᠠᠬᠢᠭᠤᠯᠵᠤ᠂ 10 ᠰᠡᠷᠭᠦᠭᠡᠨ ᠵᠠᠰᠠᠬᠤ ᠲᠥᠷᠥᠯ ᠵᠦᠢᠯ ᠢ ᠪᠡᠶᠡᠯᠡᠭᠦᠯᠦᠨ᠎ᠡ᠃      ︵ᠵᠢᠷᠭᠤᠭ᠎ᠠ︶ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ      ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ᠂ ᠥᠭᠡᠷᠡᠴᠢᠯᠡᠯᠲᠡ ᠶᠢᠨ ᠵᠦᠢᠯᠡᠰ ᠢ ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠵᠤ ᠦᠢᠯᠡᠰ ᠤᠨ ᠰᠠᠭᠤᠷᠢ ᠪᠠᠭᠤᠷᠠᠶ ᠠᠰᠠᠭᠤᠳᠠᠯ ᠢ ᠴᠢᠩᠭ᠎ᠠ ᠠᠩᠬᠠᠷᠴᠤ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠬᠦᠷᠢᠶᠡᠯᠡᠩ ᠲᠣᠭᠤᠷᠢᠭ ᠤᠨ ᠠᠭᠤᠰᠤᠯᠴᠠᠯ᠂ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠲᠠᠷᠢᠶᠠᠯᠠᠩ ᠤᠨ ᠬᠦᠷᠢᠶᠡᠨ ᠳᠠᠬᠢ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠲᠦᠷᠢᠮ᠂ ᠮᠠᠯᠵᠢᠯ ᠤᠨ ᠲᠠᠯᠠᠪᠠᠶ ᠶᠢᠨ ᠵᠠᠬ᠎ᠠ ᠳᠡᠯᠭᠡᠭᠦᠷ ᠤᠨ  ᠡᠷᠡᠰᠳᠡᠯ ᠢ ᠬᠤᠷᠢᠭᠯᠠᠬᠤ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠬᠥᠭᠵᠢᠯᠲᠡ ᠶᠢᠨ ᠠᠮᠢᠵᠢᠷᠠᠯ ᠤᠨ ᠬᠦᠴᠦᠨ ᠬᠦᠷᠦᠯᠴᠡᠬᠦ ᠥᠬᠡᠶ ᠠᠰᠠᠭᠤᠳᠠᠯ ᠢ ᠴᠢᠩᠭ᠎ᠠ ᠠᠩᠬᠠᠷᠴᠤ᠂ ᠡᠳ᠋ ᠤᠨ ᠵᠠᠰᠠᠭ ᠭᠠᠶᠢᠯᠢ ᠶᠢᠨ ᠬᠦᠷᠢᠶᠡᠨ ᠳᠠᠬᠢ ᠲᠡᠭ ᠰᠠᠭᠤᠷᠢᠨ ᠲᠥᠰᠦᠪ ᠂ ᠭᠠᠶᠢᠯᠢ ᠰᠠᠯᠭᠠᠬᠤ ᠲᠦᠷᠢᠮ᠂ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠬᠤ᠂ ᠮᠥᠩᠭᠦᠨ ᠭᠦᠢᠯᠭᠡᠭᠡᠨ ᠤ ᠬᠢᠨᠠᠨ ᠰᠢᠯᠭᠠᠯᠲᠠ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ︽ᠰᠤᠳᠤᠯᠭᠠᠨ ᠤ ᠬᠦᠷᠢᠶᠡᠯᠡᠩ+ᠺᠣᠮᠫᠠᠨᠢ+ᠰᠠᠭᠤᠷᠢ ᠮᠥᠩᠭᠦ︾ ᠶᠢᠨ ᠠᠵᠢᠯᠯᠠᠭᠠᠨ ᠤ ᠵᠠᠭᠪᠤᠷ᠂ ᠲᠠᠪᠴᠠᠩ ᠤᠨ ᠦᠷ᠎ᠡ ᠪᠦᠲᠦᠭᠡᠯ ᠢ ᠤᠯᠠᠷᠢᠭᠤᠯᠬᠤ ᠲᠣᠭᠲᠠᠴᠠ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠷᠢᠶᠡᠨ ᠳᠠᠬᠢ ᠬᠢᠨᠠᠨ ᠰᠢᠯᠭᠠᠬᠤ ᠲᠦᠷᠢᠮ᠂ ᠬᠢᠨᠠᠨ ᠬᠠᠮᠢᠶᠠᠷᠬᠤ ᠪᠠᠶᠢᠭᠤᠯᠤᠯ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠰᠢᠯᠢᠳᠡᠭ ᠪᠤᠰᠤ ᠠᠰᠠᠭᠤᠳᠠᠯ ᠢ ᠴᠢᠩᠭ᠎ᠠ ᠠᠩᠬᠠᠷᠴᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠴᠣᠮᠬᠠᠳᠬᠠᠬᠤ᠂ ᠭᠡᠷᠡᠴᠢ ᠦᠨᠡᠮᠯᠡᠯ ᠤᠨ ᠵᠥᠪᠰᠢᠶᠡᠷᠡᠯ ᠢ ᠡᠮᠬᠢᠯᠡᠨ ᠨᠡᠶᠢᠯᠡᠭᠦᠯᠬᠦ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠤᠭ᠎ᠠ ᠪᠠᠷᠢᠮᠲᠠ ᠶᠢᠨ ᠤᠶᠤᠨᠴᠢᠯᠠᠭᠰᠠᠨ ᠪᠠᠷᠢᠮᠵᠢᠶᠠᠵᠢᠭᠤᠯᠤᠯᠲᠠ᠂ ᠤᠷᠢᠳᠴᠢᠯᠠᠨ ᠲᠦᠯᠦᠬᠦ ᠮᠠᠶ᠋ᠢᠭ ᠤᠨ ᠬᠡᠷᠡᠭᠯᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠨᠠᠷᠢᠯᠢᠭ ᠪᠤᠰᠤ ᠠᠰᠠᠭᠤᠳᠠᠯ ᠢ ᠴᠢᠩᠭ᠎ᠠ ᠠᠩᠬᠠᠷᠴᠤ᠂ ᠬᠤᠲᠠ ᠶᠢᠨ ᠶᠡᠭᠡ ᠲᠣᠭᠤᠷᠢᠨ ᠪᠠᠶᠢᠴᠠᠭᠠᠯᠲᠠ᠂ ᠴᠡᠴᠡᠷᠯᠢᠭ ᠤᠨ ᠨᠣᠭᠤᠭᠠᠨ ᠭᠠᠵᠠᠷ ᠤᠨ ᠬᠠᠮᠢᠶᠠᠷᠤᠯᠲᠠ ᠶᠢᠨ ᠡᠷᠬᠡ ᠮᠡᠳᠡᠯ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠣᠭᠲᠠᠴᠠ ᠵᠡᠷᠭᠡ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠬᠦᠷᠦᠯᠴᠡᠬᠦ ᠥᠬᠡᠶ ᠠᠰᠠᠭᠤᠳᠠᠯ ᠢ ᠴᠢᠩᠭ᠎ᠠ ᠠᠩᠬᠠᠷᠴᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠵᠢᠭᠠᠨ ᠰᠤᠳᠤᠯᠬᠤ ᠲᠦᠷᠢᠮ᠂ ᠡᠩᠨᠡᠭᠡᠨ ᠤ ᠪᠠᠶᠢᠭᠤᠯᠤᠯᠲᠠ᠂ ᠪᠠᠭᠰᠢ ᠶᠢᠨ ᠣᠯᠭᠤᠮᠵᠢ᠂ ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠲᠦᠷᠢᠮ ᠵᠡᠷᠭᠡ ᠶᠢᠨ ᠥᠭᠡᠷᠡᠴᠢᠯᠡᠯᠲᠡ ᠶᠢ ᠳᠥᠯᠭᠢᠨ ᠠᠬᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠡᠮᠴᠢᠯᠡᠭᠡᠨ ᠤ ᠳᠠᠭᠠᠳᠬᠠᠯ ᠤᠨ ᠳᠠᠭᠠᠭᠠᠴᠢᠯᠠᠯᠲᠠ ᠬᠢᠵᠦ ᠰᠦᠢᠳᠬᠡᠯ ᠲᠤᠰᠢᠶᠠᠬᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠥ ᠶᠢᠨ ᠲᠦᠷᠢᠮ ᠵᠡᠷᠭᠡ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠨᠠᠰᠤᠵᠢᠯ ᠤᠨ ᠠᠰᠠᠷᠠᠮᠵᠢ ᠶᠢᠨ ᠰᠠᠭᠤᠷᠢ ᠮᠥᠩᠭᠦ ᠶᠢ ᠨᠢᠭᠡᠳᠦᠯᠲᠡᠶ ᠲᠥᠯᠥᠪᠯᠡᠬᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠵᠡᠷᠭᠡ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠳᠤᠲᠠᠭᠤᠳᠠᠯ ᠢ ᠴᠢᠩᠭ᠎ᠠ ᠠᠩᠬᠠᠷᠴᠤ᠂ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠦᠨᠡᠯᠡᠬᠦ ᠲᠦᠷᠢᠮ᠂ ᠬᠠᠮᠲᠤ ᠶᠢᠨ ᠣᠶ ᠰᠢᠭᠤᠶ ᠶᠢᠨ ᠡᠷᠬᠡ ᠶᠢᠨ ᠲᠦᠷᠢᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠤᠨ ᠬᠠᠮᠠᠭᠠᠯᠠᠬᠤ ᠰᠢᠰᠲ᠋ᠧᠮᠵᠢ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠪᠠᠷ ᠳᠠᠮᠵᠢᠭᠤᠯᠤᠨ᠂ ᠨᠢᠭᠡ ᠪᠦᠯᠦᠭ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠢᠭᠡ ᠪᠦᠯᠦᠭ ᠲᠥᠷᠥ ᠶᠢᠨ ᠪᠣᠳᠣᠯᠭ᠎ᠠ ᠶᠢᠨ ᠲᠦᠭᠵᠢᠷᠡᠯ ᠢ ᠨᠡᠪᠲᠡᠷᠡᠭᠦᠯᠵᠦ᠂ ᠨᠢᠭᠡ ᠪᠦᠯᠦᠭ ᠬᠡᠯᠪᠡᠷᠢ ᠪᠠᠨ ᠬᠤᠪᠢᠷᠠᠭᠤᠯᠬᠤ ᠡᠪᠡᠷᠰᠢᠶᠡᠯ ᠢ ᠠᠷᠢᠯᠭᠠᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠦ ᠬᠦᠴᠦᠨ ᠪᠠ ᠳᠠᠯᠳᠠ ᠬᠦᠴᠦᠨ ᠢ ᠲᠠᠰᠤᠷᠠᠯᠲᠠ ᠦᠭᠡᠢ ᠬᠥᠭᠵᠢᠭᠡᠨ᠎ᠡ᠃      ︵ᠳᠤᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠦᠲᠦᠮᠵᠢᠲᠡᠢ ᠴᠢᠩᠭᠠᠷᠠᠭᠤᠯᠤᠨ᠎ᠠ      ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠨᠡᠮᠡᠭᠳᠡᠯ ᠳᠤ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠭᠤᠤᠯ ᠣᠷᠣᠨ ᠢ ᠡᠭᠦᠳᠦᠨ ᠪᠠᠶᠢᠭᠤᠯᠤᠨ᠎ᠠ᠃ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠤᠶᠠᠳᠤᠭᠠᠷ ᠬᠤᠭᠤᠴᠠᠭ᠎ᠠ ᠶᠢ ᠪᠦᠲᠦᠭᠡᠨ ᠪᠠᠶᠢᠭᠤᠯᠵᠤ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢᠶᠠᠷ ᠵᠥᠪᠰᠢᠶᠡᠷᠡᠭᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠨᠢ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠤᠨ᠎ᠠ᠃ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠯᠤᠭ᠎ᠠ ᠪᠦᠬᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠤᠯᠤᠰ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠲᠠᠪᠴᠠᠩ ᠢᠶᠠᠷ ᠬᠥᠮᠦᠨ ᠴᠤᠭᠯᠠᠭᠤᠯᠬᠤ᠂ ᠠᠵᠤ ᠠᠬᠤᠶᠢᠯᠠᠯ ᠬᠥᠮᠦᠨ ᠦᠯᠡᠳᠡᠭᠡᠬᠦ᠂ ᠶᠡᠭᠡ ᠳᠡᠭᠡᠳᠦ ᠰᠤᠷᠭᠠᠭᠤᠯᠢ ᠬᠥᠮᠦᠨ ᠬᠥᠮᠦᠵᠢᠭᠦᠯᠬᠦ ᠵᠡᠷᠭᠡ ᠲᠣᠭᠲᠠᠴᠠ ᠶᠢ ᠰᠠᠶᠢᠲᠤᠷ ᠠᠰᠢᠭᠯᠠᠨ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ 100 ᠠᠴᠠ ᠳᠡᠭᠡᠭᠰᠢ ᠲᠡᠳᠡᠨ ᠬᠦᠮᠦᠵᠢᠭᠦᠯᠵᠦ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ 1500 ᠶᠢ ᠳᠠᠪᠠᠭᠤᠯᠵᠤ᠂ ᠮᠡᠷᠭᠡᠵᠢᠯ ᠤᠨ ᠭᠡᠷ᠎ᠡ ᠶᠢᠨ ᠲᠣᠬᠢᠷᠠᠭᠰᠠᠨ ᠲᠤᠭ᠎ᠠ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ ︽ᠪᠦᠰᠡᠯᠡᠯᠲᠡ ᠰᠢᠪᠲᠤᠯᠬᠤ︾ ᠰᠢᠪᠲᠤᠯᠤᠯᠲᠠ ᠶᠢ ᠴᠢᠩᠭᠠᠳᠬᠠᠨ᠎ᠠ᠃ ᠬᠢᠮᠡᠯ ᠣᠶᠤᠨ᠂ ᠳᠣᠤᠷ᠎ᠠ ᠤᠭᠲᠠᠷᠭᠤᠢ ᠶᠢᠨ ᠠᠵᠤ ᠠᠬᠤᠶ᠂ ᠨᠡᠶᠢᠯᠡᠮᠡᠯ ᠠᠮᠢᠳᠤ ᠪᠣᠳᠠᠰ᠂ ᠠᠵᠤ ᠦᠢᠯᠡᠳᠪᠦᠷᠢ ᠶᠢᠨ ᠴᠢᠫ ᠵᠡᠷᠭᠡ ᠶᠢᠨ ᠲᠣᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ 10 ᠠᠴᠠ ᠳᠡᠭᠡᠭᠰᠢ ᠦᠷᠨᠢᠭᠦᠯᠦᠨ᠎ᠡ᠃ ᠬᠠᠢ ᠳ᠋ᠢᠶᠠᠨ ᠲᠣᠭᠤᠷᠢᠭ᠂ ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠪᠠᠷᠠᠭᠤᠨ ᠬᠤᠶᠢᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠱᠠᠨᠳᠦ᠋ᠩ ᠶᠡᠭᠡ ᠰᠤᠷᠭᠠᠭᠤᠯᠢ᠂ ᠪᠡᠭᠡᠵᠢᠩ ᠤᠨ ᠰᠢᠦᠳᠠᠨ ᠤ ᠶᠡᠭᠡ ᠰᠤᠷᠭᠠᠭᠤᠯᠢ ᠵᠡᠷᠭᠡ ᠯᠦᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠡᠭᠡᠳᠦ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ᠂ ᠠᠮᠢᠳᠤ ᠪᠣᠳᠠᠰ ᠤᠨ ᠪᠣᠯᠪᠠᠰᠤᠷᠠᠭᠤᠯᠤᠯᠲᠠ᠂ ᠡᠷᠴᠢᠯᠡᠭᠦᠷ ᠡᠨᠧᠷᠭᠢ ᠬᠠᠳᠠᠭᠠᠯᠠᠯᠲᠠ᠂ ᠳᠠᠭᠤᠨ  ᠳᠤᠯᠭᠢᠶᠠᠨ ᠤ ᠪᠠᠶᠢᠴᠠᠭᠠᠨ ᠬᠡᠮᠵᠢᠯᠲᠡ᠂ ᠣᠶᠤᠨᠴᠢ ᠰᠡᠷᠡᠯ ᠳᠠᠮᠵᠢᠭᠤᠯᠬᠤ ᠪᠠᠭᠠᠵᠢ ᠵᠡᠷᠭᠡ ᠬᠤᠰᠢᠭᠤᠷᠠᠯ ᠪᠠ ᠨᠤᠷᠠᠭᠠᠯᠲᠠ ᠶᠢᠨ ᠴᠢᠨᠠᠷᠲᠠᠶ ᠦᠷ᠎ᠡ ᠪᠦᠲᠦᠭᠡᠯ ᠤᠨ ᠬᠡᠷᠡᠭᠯᠡᠯᠲᠡ ᠤᠯᠠᠷᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠤᠨ᠎ᠠ᠃      ︵ᠨᠠᠢᠮᠠ︶ ᠠᠷᠠᠳ ᠤᠨ ᠠᠮᠢᠳᠤᠷᠠᠯ ᠤᠨ ᠦᠢᠯᠡᠰ ᠤᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠨ᠎ᠡ      ᠭᠦᠢᠴᠡᠳ ᠠᠵᠢᠯ ᠣᠯᠭᠤᠯᠲᠠ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠭᠦᠨᠵᠡᠭᠡᠶ ᠲᠦᠯᠬᠢᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ ᠠᠵᠢᠯᠲᠠᠳ ᠵᠡᠷᠭᠡ ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠬᠤ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ︽ᠭᠤᠷᠪᠠᠨ ᠵᠢᠯ ᠳᠤ ᠠᠷᠪᠠᠨ ᠲᠠᠪᠤᠨ ᠲᠦᠮᠡᠨ ᠵᠠᠯᠠᠭᠤᠴᠤᠳ ᠢ ᠬᠥᠬᠡᠬᠤᠲᠠ ᠳᠤ ᠦᠯᠡᠳᠡᠭᠡᠬᠦ ᠠᠵᠢᠯᠯᠠᠭ᠎ᠠ︾ ᠶᠢ ᠬᠡᠷᠡᠭᠵᠢᠭᠦᠯᠵᠦ᠂ ︽ᠵᠠᠯᠠᠭᠤᠴᠤᠳ ᠤᠨ ᠨᠡᠶᠢᠭᠡᠮ ᠲᠣᠭᠤᠷᠢᠭ︾ ᠤᠨ ᠨᠢᠭᠡᠳᠦᠭᠡᠷ ᠬᠤᠭᠤᠴᠠᠭ᠎ᠠ ᠶᠢ ᠵᠢᠯ ᠤᠨ ᠳᠣᠲᠣᠷ᠎ᠠ ᠬᠤᠳᠠᠯᠳᠤᠨ ᠲᠦᠷᠢᠶᠡᠰᠦᠯᠡᠵᠦ᠂ ᠬᠤᠶᠠᠳᠤᠭᠠᠷ ᠬᠤᠭᠤᠴᠠᠭ᠎ᠠ ᠶᠢ ᠠᠵᠢᠯ ᠡᠬᠢᠯᠡᠭᠦᠯᠦᠨ ᠪᠠᠶᠢᠭᠤᠯᠵᠤ᠂ ᠨᠡᠩ ᠤᠯᠠᠨ ᠵᠠᠯᠠᠭᠤᠴᠤᠳ ᠢ ᠤᠷᠤᠨ ᠤ ᠲᠥᠪ ᠬᠤᠲᠠ ᠳᠤ ᠢᠷᠡᠭᠦᠯᠵᠦ᠂ ᠰᠠᠭᠤᠷᠢᠰᠢᠭᠤᠯᠤᠨ᠂ ᠪᠦᠳᠦᠭᠡᠨ ᠪᠠᠶᠢᠭᠤᠯᠤᠯᠲᠠ ᠳᠤ ᠤᠷᠤᠯᠴᠠᠭᠤᠯᠤᠨ᠎ᠠ ᠃ ᠤᠯᠤᠰ ᠤᠨ ᠲᠠᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠤ ᠦᠢᠯᠡᠰ ᠤᠨ ᠬᠦᠷᠢᠶᠡᠯᠡᠩ ᠤᠨ ︽ᠨᠢᠭᠡ ᠬᠦᠷᠢᠶᠡᠯᠡᠩ ᠭᠤᠷᠪᠠᠨ ᠲᠣᠭᠤᠷᠢᠭ︾ ᠤᠨ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠤᠯᠪᠣᠭᠠᠲᠤ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠃ ᠬᠤᠲᠠ ᠪᠠᠯᠭᠠᠰᠤᠨ ᠤ ᠠᠵᠢᠯ ᠣᠯᠭᠤᠯᠲᠠ ᠶᠢ ᠰᠢᠨ᠎ᠡ ᠪᠠᠷ 5.5 ᠲᠦᠮᠡᠨ ᠬᠥᠮᠦᠨ ᠨᠡᠮᠡᠭᠳᠡᠭᠦᠯᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ 33 ᠲᠦᠮᠡᠨ ᠬᠥᠮᠦᠨ ᠠᠴᠠ ᠳᠡᠭᠡᠭᠰᠢ ᠲᠣᠭᠲᠠᠭᠤᠨ ᠪᠠᠶᠢᠳᠠᠯ ᠳᠤ ᠪᠠᠶᠢᠯᠭᠠᠨ᠎ᠠ᠃      ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠲᠥᠷᠥᠯ ᠵᠦᠢᠯ 28 ᠶᠢ ᠰᠢᠨ᠎ᠡ ᠪᠠᠷ ᠦᠷᠭᠦᠯᠵᠢᠯᠡᠨ ᠪᠠᠶᠢᠭᠤᠯᠬᠤ ᠪᠤᠶᠤ ᠦᠷᠭᠡᠳᠬᠡᠨ ᠥᠭᠡᠷᠡᠴᠢᠯᠡᠵᠦ᠂ 17 ᠶᠢ ᠨᠢ ᠠᠰᠢᠭᠯᠠᠯᠲᠠ ᠳᠤ ᠣᠷᠣᠭᠤᠯᠵᠤ᠂ 1.2 ᠲᠦᠮᠡᠨ ᠰᠣᠷᠣᠭᠴᠢ ᠶᠢᠨ ᠣᠷᠣ ᠶᠢ ᠰᠢᠨ᠎ᠡ ᠪᠠᠷ ᠨᠡᠮᠡᠭᠳᠡᠭᠦᠯᠦᠨ᠎ᠡ᠃ ᠬᠥᠬᠡᠬᠤᠲᠠ ᠶᠢᠨ ᠠᠵᠢᠯ ᠮᠡᠷᠭᠡᠵᠢᠯ ᠤᠨ ᠶᠡᠭᠡ ᠰᠤᠷᠭᠠᠭᠤᠯᠢ ᠰᠤᠷᠭᠠᠨ ᠬᠥᠮᠦᠵᠢᠯ ᠤᠨ ᠶᠠᠮᠤᠨ ᠤ ᠦᠨᠡᠯᠡᠯᠲᠡ ᠶᠢ ᠦᠩᠭᠡᠷᠡᠵᠦ᠂ ᠬᠥᠬᠡᠬᠤᠲᠠ ᠶᠢᠨ ᠣᠳᠣ ᠦᠶ᠎ᠡ ᠶᠢᠨ ᠦᠢᠯᠡᠴᠢᠯᠡᠭᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠪᠡᠯᠡᠳᠭᠡᠨ ᠪᠠᠶᠢᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠤᠨ᠎ᠠ᠃ ᠺᠧ ᠳ᠋ᠠ ᠰᠢᠶᠦ᠋ᠨ ᠹᠧᠢ ᠵᠡᠷᠭᠡ ᠣᠶᠤᠨᠴᠢ ᠰᠤᠷᠭᠠᠨ ᠬᠥᠮᠦᠵᠢᠯ ᠤᠨ ᠲᠠᠪᠴᠠᠩ ᠳᠤ ᠲᠦᠰᠢᠭᠯᠡᠨ᠂ ᠣᠶᠤᠨᠴᠢ ᠬᠢᠴᠢᠶᠡᠯ ᠤᠨ ᠲᠠᠩᠬᠢᠮ᠂ AI ᠰᠤᠨᠤᠰᠴᠤ ᠶᠠᠷᠢᠬᠤ ᠬᠢᠴᠢᠶᠡᠯ ᠤᠨ ᠲᠠᠩᠬᠢᠮ᠂ ᠣᠶᠤᠨᠴᠢ ᠴᠣᠬᠤᠯᠠᠪᠤᠷᠢ ᠵᠡᠷᠭᠡ ᠬᠡᠷᠡᠭᠯᠡᠭᠡᠨ ᠤ ᠪᠠᠶᠢᠳᠠᠯ ᠢ ᠳᠡᠯᠭᠡᠷᠡᠭᠦᠯᠦᠨ᠎ᠡ᠃ ᠵᠢᠭᠠᠨ ᠰᠤᠳᠤᠯᠬᠤ ᠶᠢᠨ ︽ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ︾ ᠳᠦᠷᠢᠮᠵᠢᠯ ᠢ ᠬᠡᠷᠡᠭᠵᠢᠭᠦᠯᠵᠦ᠂ ᠰᠠᠭᠤᠷᠢ ᠵᠢᠭᠠᠨ ᠰᠤᠳᠤᠯᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠡᠷ᠂ ᠰᠤᠷᠭᠠᠭᠤᠯᠢ᠂ ᠨᠡᠶᠢᠭᠡᠮ ᠬᠠᠮᠵᠢᠯᠴᠠᠨ ︽ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ︾ ᠶᠢ ᠪᠠᠶᠢᠭᠤᠯᠬᠤ ᠶᠢ ᠠᠬᠢᠭᠤᠯᠵᠤ᠂ ᠬᠡᠦᠬᠡᠳ ᠤᠨ ᠨᠥᠬᠦᠷᠰᠡᠭ ᠬᠤᠲᠠ ᠶᠢ ᠡᠭᠦᠳᠦᠨ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠠᠪᠰᠠᠷᠯᠠᠭ᠎ᠠ ᠶᠢᠨ15 ᠮᠢᠨᠦ᠋ᠲ ᠢ ᠨᠠᠶᠢᠳᠠᠪᠤᠷᠢᠵᠢᠭᠤᠯᠬᠤ ᠶᠢ ᠵᠤᠷᠢᠭᠵᠢᠭᠤᠯᠵᠤ᠂ ᠬᠡᠦᠬᠡᠳ ᠢ ᠪᠥᠬᠦ ᠲᠠᠯ᠎ᠠ ᠪᠠᠷ ᠡᠷᠡᠭᠦᠯ ᠢᠶᠠᠷ ᠦᠰᠦᠨ ᠪᠤᠶᠢᠵᠢᠭᠤᠯᠤᠨ᠎ᠠ᠃      ᠡᠮ ᠡᠮᠨᠡᠯᠭᠡ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠬᠢᠭᠡᠳ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ᠃ ︽ᠰᠠᠭᠤᠷᠢ ᠶᠢ ᠬᠦᠴᠦᠷᠬᠡᠭᠵᠢᠭᠦᠯᠬᠦ︾ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠴᠡᠯᠡᠭᠡᠷ ᠲᠠᠯ᠎ᠠ ᠡᠮᠨᠡᠯᠭᠡ ᠶᠢᠨ ᠬᠤᠷᠢᠶ᠎ᠠ᠂ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠡᠭᠦᠯᠡᠨ ᠬᠥᠨᠳᠡᠢ ᠶᠢᠨ ᠡᠮᠨᠡᠯᠭᠡ ᠶᠢᠨ ᠲᠣᠭᠤᠷᠢᠭ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠬᠤᠭᠤᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠦᠷᠢᠶᠡᠯᠡᠩ ᠡᠮᠴᠢᠯᠡᠭᠡ ᠪᠠᠨ ᠡᠬᠢᠯᠡᠭᠦᠯᠵᠦ ᠡᠵᠡᠩᠨᠡᠨ᠎ᠡ᠃ ᠬᠤᠲᠠ ᠶᠢᠨ ᠳᠥᠷᠪᠡᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠢ ᠲᠤᠰᠬᠠᠢ ᠰᠠᠯᠠᠭᠠᠨ ᠤ ᠡᠮᠨᠡᠯᠭᠡ ᠶᠢᠨ ᠬᠤᠷᠢᠶ᠎ᠠ ᠪᠠᠢᠭᠤᠯᠬᠤ ᠶᠢ ᠠᠬᠢᠭᠤᠯᠤᠨ᠎ᠠ᠃      ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠪᠦᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠦᠨ᠎ᠡ᠃ ᠨᠠᠰᠤᠲᠠᠶᠢᠴᠤᠳ ᠲᠤ ᠲᠤᠰᠠᠯᠠᠬᠤ ᠬᠤᠭᠤᠯᠠᠨ ᠲᠢᠩᠬᠢᠮ ᠢ ᠬᠡᠷᠡᠭᠴᠡᠭᠡ ᠶᠢ ᠦᠨᠳᠦᠰᠦᠯᠡᠨ ᠪᠠᠶᠢᠷᠢᠰᠢᠭᠤᠯᠵᠤ᠂ ︽ᠨᠠᠰᠤᠲᠠᠨ ᠨᠢᠯᠬᠠᠰ ᠢ ᠵᠡᠷᠭᠡᠪᠡᠷ ᠨᠠᠶᠢᠳᠠᠬᠤ︾ ᠵᠠᠭᠪᠤᠷ ᠢ ᠬᠠᠶᠢᠨ ᠰᠦᠪᠡᠭᠴᠢᠯᠡᠨ᠎ᠡ᠃ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠤᠨ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠦᠢᠯᠡᠴᠢᠯᠡᠭᠡᠨ ᠤ ᠲᠥᠪ᠂ ᠲᠠᠢ ᠺᠠᠩ ᡁᠢ ᠵᠢᠶᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠥᠬᠦ ᠬᠤᠲᠠ ᠶᠢᠨ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ  ᠪᠦᠷᠬᠦᠴᠡ ᠶᠢ 80% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢᠨ ᠬᠡᠷ ᠲᠤ ᠪᠠᠨ ᠰᠠᠭᠤᠵᠤ ᠨᠠᠰᠤᠵᠢᠯ ᠤᠨ ᠠᠰᠠᠷᠠᠮᠵᠢ ᠬᠦᠷᠲᠡᠬᠦ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠦᠷᠬᠦᠴᠡ ᠶᠢ 100% ᠳᠤ ᠲᠣᠭᠲᠠᠪᠤᠷᠢᠵᠢᠭᠤᠯᠤᠨ᠎ᠠ᠃      ᠲᠥᠪ ᠬᠤᠲᠠ ᠶᠢᠨ ᠠᠮᠤᠷ ᠲᠦᠪᠰᠢᠨ ᠢ ᠪᠦᠬᠦ ᠲᠠᠯ᠎ᠠ ᠪᠠᠷ ᠬᠠᠮᠠᠭᠠᠯᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠢ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠭᠦᠯᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ  ᠲᠤᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠲᠠᠸᠠᠷ ᠤᠨ ᠭᠡᠷ ᠪᠠᠶᠢᠰᠢᠩ ᠤᠨ ᠪᠡᠯᠡᠨ ᠬᠡᠷ ᠪᠠᠶᠢᠰᠢᠩ ᠢ ᠪᠣᠷᠣᠯᠠᠭᠤᠯᠬᠤ ᠲᠤᠷᠰᠢᠯᠲᠠ ᠶᠢᠨ ᠴᠡᠭ ᠢ ᠬᠡᠷᠡᠭᠵᠢᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠨ᠎ᠡ᠃ ᠲᠥᠪ᠂ ᠥᠪᠡᠷᠲᠡᠭᠡᠨ ᠵᠠᠰᠠᠬᠤ ᠣᠷᠣᠨ ᠤ ᠥᠷᠢ ᠥᠭᠴᠡᠭᠡ ᠶᠢ ᠠᠷᠢᠯᠭᠠᠬᠤ ᠬᠠᠮ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠨ᠎ᠠ᠃ ᠥᠨᠳᠥᠷ ᠡᠷᠡᠰᠳᠡᠯᠲᠦ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠪᠦᠬᠦᠨ ᠢ ᠠᠷᠢᠯᠭᠠᠬᠤ ᠶᠢ ᠠᠬᠢᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠠᠬᠢᠭᠤᠯᠵᠤ᠂ ᠴᠠᠬᠢᠯᠭᠠᠨ ᠬᠤᠯᠪᠤᠭᠠᠨ ᠤ ᠮᠡᠬᠡᠯᠡᠯ᠂ ︽ᠱᠠᠯᠢᠭ ᠵᠠᠪᠬᠠᠢ ᠵᠣᠭᠤᠰ ᠮᠥᠷᠥᠶᠢᠴᠡᠬᠦ ᠬᠤᠣᠷ ᠰᠠᠷᠢᠭᠠᠯᠠᠬᠤ︾ ︽ᠢᠳᠡᠭᠡᠨ ᠡᠮ ᠤᠨ ᠵᠦᠢᠯ ᠣᠷᠴᠢᠨ ᠲᠣᠭᠤᠷᠢᠨ︾ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠠᠶᠢᠭᠤᠯᠤᠯᠲᠠ ᠶᠢ ᠶᠡᠬᠡᠪᠡᠷ ᠳᠠᠮᠵᠢᠵᠤ᠂ ᠴᠡᠷᠢᠭ  ᠠᠴᠠ ᠬᠠᠯᠠᠭᠳᠠᠭᠰᠠᠳ ᠤᠨ ᠠᠵᠢᠯ ᠢ ᠰᠠᠶᠢᠲᠤᠷ ᠬᠢᠨ᠎ᠡ᠃      ︵ᠶᠢᠰᠦ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ      ᠨᠢᠭᠡ ᠳᠤ᠂ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠷᠤᠨ ᠤ ᠲᠥᠪ ᠬᠤᠲᠠ ᠶᠢᠨ ᠦᠢᠯᠡᠳᠦᠯᠭᠡ ᠶᠢ ᠵᠢᠯᠣᠭᠤᠳᠤᠭᠤᠯᠵᠤ᠂ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠯᠲᠡ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠤᠨ᠎ᠠ᠃ ᠬᠤᠶᠠᠷ ᠲᠤ᠂ ᠬᠠᠤᠯᠢᠵᠢᠯ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠠᠲᠤᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ᠂ ᠬᠢᠨᠠᠨ ᠪᠤᠳᠤᠬᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠠᠥᠯᠢᠵᠢᠭ᠌ᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠦᠨᠡᠨᠴᠢ ᠢᠲᠡᠭᠡᠮᠵᠢᠲᠡᠶ ᠬᠥᠬᠡᠬᠤᠲᠠ︾ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠯ ᠢᠶᠠᠷ ᠤᠳᠤᠷᠢᠳᠤᠮᠵᠢ ᠪᠣᠯᠭᠠᠵᠤ᠂ ︽ᠰᠢᠨ᠎ᠡ ᠳᠠᠷᠤᠭ᠎ᠠ ᠬᠠᠭᠤᠴᠢᠨ ᠳᠠᠩᠰᠠ ᠶᠢ ᠡᠮᠬᠢᠯᠡᠬᠦ︾ ︽ᠣᠳᠣ ᠶᠢᠨ ᠳᠠᠷᠤᠭ᠎ᠠ ᠰᠢᠨ᠎ᠡ ᠥᠷᠢ ᠥᠭᠴᠡᠭᠡ ᠭᠠᠷᠭᠠᠬᠤ ᠦᠭᠡᠢ︾ ᠪᠠᠶᠢᠬᠤ ᠶᠢ ᠪᠠᠷᠢᠮᠲᠠᠯᠠᠨ᠂ ︽ᠰᠢᠷᠭᠠᠭᠤ ᠠᠵᠢᠯᠯᠠᠬᠤ︾ ᠶᠢ ᠲᠡᠷᠢᠭᠦᠨ ᠳᠤ ᠲᠠᠯᠪᠢᠵᠤ᠂ ︽ᠪᠤᠰᠢᠭᠤ ᠲᠦᠷᠭᠡᠨ︾ ᠢ ᠴᠢᠬᠤᠯᠠᠴᠢᠯᠠᠵᠤ᠂ ᠡᠭᠦᠷᠭᠡᠯᠡᠬᠦ ᠶᠣᠰᠣᠲᠠᠶ ᠬᠠᠷᠢᠭᠤᠴᠠᠯᠭ᠎ᠠ ᠠᠴᠠ ᠶᠠᠭᠠᠬᠢᠭᠰᠠᠨ ᠴᠤ ᠵᠠᠶᠢᠯᠠᠬᠤ ᠥᠬᠡᠶ᠂ ᠠᠬᠢᠭᠤᠯᠬᠤ ᠶᠣᠰᠣᠲᠠᠶ ᠠᠵᠢᠯ ᠢ ᠶᠠᠭᠠᠬᠢᠭᠰᠠᠨ ᠴᠤ ᠬᠤᠴᠤᠷᠤᠭᠳᠠᠭᠤᠯᠬᠤ ᠥᠬᠡᠶ᠂ ᠪᠣᠳᠠᠲᠤ ᠠᠵᠢᠯᠯᠠᠭ᠎ᠠ ᠪᠠᠷ ᠢᠶᠠᠨ ᠪᠣᠳᠠᠲᠠᠶ ᠠᠵᠢᠯᠯᠠᠬᠤ ᠮᠥᠨ ᠴᠢᠨᠠᠷ ᠢᠶᠠᠨ ᠢᠯᠡᠷᠡᠭᠦᠯᠦᠨ᠎ᠡ᠃ ᠲᠦᠷᠪᠡ ᠳᠤ᠂ ᠠᠷᠠᠳ ᠲᠦᠮᠡᠨ ᠳᠤ ᠦᠢᠯᠡᠴᠢᠯᠡᠬᠦ ᠪᠠᠷ ᠭᠤᠣᠯ ᠪᠣᠯᠭᠠᠵᠤ᠂ ᠬᠤᠲᠠ ᠶᠢᠨ ᠠᠷᠠᠳ ᠣᠯᠠᠨ ᠤ ︽ᠠᠩᠬᠠᠷᠤᠯ ᠤᠨ ᠴᠡᠭ︾ ᠪᠠᠷ ᠦᠢᠯᠡᠴᠢᠯᠡᠭᠡ ᠪᠠᠨ ᠰᠢᠯᠢᠳᠡᠭᠵᠢᠭᠦᠯᠬᠦ ︽ᠰᠢᠪᠲᠤᠯᠤᠯᠲᠠ ᠶᠢᠨ ᠴᠡᠭ︾ ᠪᠣᠯᠭᠠᠵᠤ᠂ ᠲᠥᠯᠥᠭᠡᠯᠡᠭᠴᠢ ᠭᠡᠰᠢᠭᠦᠳ ᠤᠨ ︽ᠲᠥᠪᠯᠡᠷᠡᠯ ᠤᠨ ᠴᠡᠭ︾ ᠢᠶᠠᠷ ᠠᠵᠢᠯ ᠢᠶᠠᠨ ᠰᠠᠶᠢᠵᠢᠷᠠᠭᠤᠯᠬᠤ ︽ᠬᠦᠴᠦᠯᠡᠬᠦ ᠴᠡᠭ︾ ᠪᠣᠯᠭᠠᠵᠤ᠂ ᠵᠠᠰᠠᠭ ᠤᠨ ᠣᠷᠳᠣᠨ ᠤ ︽ᠵᠣᠪᠠᠭᠤᠷᠢ ᠵᠦᠳᠡᠭᠦᠷᠢ ᠶᠢᠨ ᠬᠡᠮᠵᠢᠶ᠎ᠡ︾ ᠪᠠᠷ ᠤᠯᠠᠨ ᠲᠦᠮᠡᠨ ᠤ ︽ᠵᠣᠯ ᠵᠢᠷᠭᠠᠯ ᠤᠨ ᠬᠡᠮᠵᠢᠶ᠎ᠡ︾ ᠶᠢ ᠰᠤᠯᠢᠬᠤ ᠪᠠᠷ ᠴᠢᠷᠮᠠᠶᠢᠨ᠎ᠠ᠃ ᠲᠠᠪᠤ ᠳᠤ᠂ ᠠᠷᠢᠭᠤᠨ ᠴᠢᠬᠡᠴᠢ ᠪᠠᠷ ᠬᠤᠷᠢᠭ᠎ᠠ ᠱᠤᠭᠤᠮ ᠪᠣᠯᠭᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠵᠡᠷᠭᠡᠪᠡᠷ ᠲᠥᠯᠥᠪᠵᠢᠭᠦᠯᠵᠦ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ᠡᠷᠬᠡ ᠶᠢ ᠠᠰᠢᠭᠯᠠᠨ ︽ᠠᠰᠢᠭ ᠬᠦᠷᠳᠡᠬᠦ︾᠂ ᠢᠨᠵᠧᠨᠧᠷᠢᠩ ᠳᠤ ᠭᠠᠷ ᠳᠦᠷᠦᠨ ︽ᠬᠤᠨᠵᠢᠪᠤᠷᠢ ᠤᠯᠬᠤ︾᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ︽ᠵᠠᠪᠰᠢᠶᠠᠨ ᠢ ᠲᠠᠯᠢᠮᠳᠠᠭᠤᠯᠬᠤ︾ ᠶᠢ ᠴᠢᠩᠭ᠎ᠠ ᠰᠡᠷᠭᠡᠶᠢᠯᠡᠵᠦ᠂ ᠤᠳᠠᠭ᠎ᠠ ᠪᠦᠷᠢ ᠶᠢᠨ ᠰᠢᠢᠳᠪᠦᠷᠢᠲᠦ ᠪᠤᠳᠤᠯᠭ᠎ᠠ᠂ ᠠᠬᠢᠭᠤᠯᠤᠭᠰᠠᠨ ᠠᠵᠢᠯ ᠨᠢᠭᠡᠪᠦᠷᠢ ᠴᠥᠮ ᠲᠡᠦᠬᠡ ᠶᠢᠨ ᠰᠢᠯᠭᠠᠯᠲᠠ᠂ ᠦᠢᠯᠡᠳᠦᠯᠭᠡ ᠶᠢᠨ ᠰᠢᠯᠭᠠᠯᠲᠠ᠂ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠨ᠎ᠠ᠃      ᠲᠥᠯᠥᠭᠡᠯᠡᠭᠴᠢᠳ ᠠ᠋᠂ ᠡᠷᠡᠯᠬᠡᠭᠯᠡᠨ ᠤᠷᠤᠭᠰᠢᠯᠠᠪᠠᠯ ᠯᠠᠪᠲᠠᠢ ᠨᠡᠩ ᠭᠤᠶᠢᠳᠠ ᠦᠵᠡᠮᠵᠢ ᠪᠤᠢ᠂ ᠴᠢᠷᠮᠠᠶᠢᠨ ᠲᠡᠮᠡᠴᠡᠪᠡᠯ ᠰᠠᠶ᠋ᠢ ᠴᠠᠭ ᠦᠶ᠎ᠡ ᠶᠢ ᠬᠥᠰᠡᠷᠳᠡᠭᠦᠯᠬᠦ ᠦᠭᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠠᠷᠠᠯᠲᠠ ᠪᠠᠨ ᠲᠣᠭᠲᠠᠭᠠᠨ ᠬᠥᠭᠵᠢᠯᠲᠡ ᠶᠢ ᠠᠳᠬᠤᠨ᠂ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ