ᠬᠥᠬᠡᠬᠤᠲᠠ ᠶᠢᠨ ᠠᠶᠤᠩᠭ᠎ᠠ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2025/3/20
        ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠢᠭ 25 ᠳ᠋ᠤᠭᠠᠷ ᠲᠣᠭᠠᠲᠤ           ︽ᠬᠥᠬᠡᠬᠤᠲᠠ ᠶᠢᠨ ᠠᠶᠤᠩᠭ᠎ᠠ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠢᠶᠠᠷᠤᠯᠲᠠ ᠶᠢᠨ ᠠᠷᠭ᠎ᠠ︾ ᠶᠢ 2024 ᠣᠨ ᠤ 12 ᠳ᠋ᠤᠭᠠᠷ ᠰᠠᠷ᠎ᠠ ᠶᠢᠨ 11 ᠤ ᠡᠳᠦᠷ ᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 31 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠲᠦᠭᠡ ᠨᠡᠶᠢᠲᠡᠯᠡᠯ᠎ᠡ᠂ 2025 ᠣᠨ ᠤ 2 ᠳ᠋ᠤᠭᠠᠷ ᠰᠠᠷ᠎ᠠ ᠶᠢᠨ 8 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠬᠤᠲᠠ ᠶᠢᠨ ᠳᠠᠷᠤᠭ᠎ᠠ    ᠾᠧ ᠬᠠᠢ ᠳ᠋ᠦᠩ      2025 ᠤᠨ ᠤ1 ᠳ᠋ᠦ᠋ᠭᠡᠷ ᠰᠠᠷ᠎ᠠ ᠶᠢᠨ 8 ᠤ ᠡᠳᠦᠷ       ᠬᠥᠬᠡᠬᠤᠲᠠ ᠶᠢᠨ ᠠᠶᠤᠩᠭ᠎ᠠ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠢᠶᠠᠷᠤᠯᠲᠠ ᠶᠢᠨ ᠠᠷᠭ᠎ᠠ       ᠨᠢᠭᠡᠳᠦᠭᠡᠷ ᠵᠦᠢᠯ  ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠪᠠ ᠬᠥᠩᠭᠡᠷᠡᠭᠦᠯᠵᠦ᠂ ᠠᠷᠠᠳ ᠢᠷᠭᠡᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ︽ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠦᠷᠢᠮ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠥᠬᠡᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯᠯᠠᠭ᠎ᠠ ᠬᠢᠬᠦ ᠨᠢᠭᠡᠴᠢ ᠪᠠ ᠬᠤᠪᠢ ᠬᠥᠮᠦᠨ ᠲᠣᠰ ᠠᠷᠭ᠎ᠠ ᠶᠢ ᠵᠢᠷᠤᠮᠯᠠᠬᠤ ᠬᠡᠷᠡᠭᠲᠡᠶ᠃      ᠭᠤᠷᠪᠠᠳᠤᠭᠠᠷ ᠵᠦᠢᠯ  ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠰᠡᠷᠭᠡᠶᠢᠯᠡᠬᠦ ᠪᠠᠷ ᠭᠤᠤᠯ ᠪᠣᠯᠭᠠᠬᠤ᠂ ᠰᠡᠷᠭᠡᠶᠢᠯᠡᠬᠦ ᠪᠠ ᠲᠡᠮᠡᠴᠡᠬᠦ ᠶᠢ ᠤᠶᠠᠯᠳᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ ᠪᠠ ᠨᠡᠶᠢᠭᠡᠮ ᠤᠨ ᠬᠢᠨ ᠣᠷᠣᠯᠴᠠᠬᠤ ᠵᠠᠷᠴᠢᠮ ᠢ ᠵᠢᠷᠤᠮᠯᠠᠬᠤ ᠬᠡᠷᠡᠭᠲᠡᠶ᠃      ᠳᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠵᠣᠬᠢᠶᠠᠨ ᠪᠠᠶᠢᠭᠤᠯᠤᠯᠲᠠ᠂ ᠤᠳᠤᠷᠢᠳᠤᠯᠭ᠎ᠠ ᠪᠣᠯᠤᠨ ᠵᠣᠬᠢᠴᠠᠭᠤᠯᠭ᠎ᠠ ᠪᠠᠨ ᠴᠢᠩᠭᠠᠳᠬᠠᠵᠤ᠂ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠲᠤᠰ ᠱᠠᠲᠤᠨ ᠤ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠪᠠᠨ ᠣᠷᠣᠭᠤᠯᠵᠤ᠂ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠬᠤ ᠬᠡᠷᠡᠭᠲᠡᠶ᠃      ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠠᠵᠢᠯᠯᠠᠭ᠎ᠠ ᠳᠤ ᠬᠢᠨᠠᠯᠲᠠ ᠲᠠᠯᠪᠢᠬᠤ᠂ ᠪᠠᠶᠢᠴᠠᠭᠠᠬᠤ ᠪᠠᠨ ᠴᠢᠩᠭᠠᠳᠬᠠᠵᠤ᠂ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠬᠠᠮᠵᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠤᠯᠪᠣᠭ᠎ᠠ᠂ ᠮᠡᠳᠡᠭᠡ ᠵᠠᠩᠭᠢ ᠳᠠᠮᠵᠢᠭᠤᠯᠬᠤ᠂ ᠭᠠᠮᠰᠢᠭ ᠢ ᠮᠡᠳᠡᠭᠦᠯᠬᠦ ᠵᠡᠷᠭᠡ ᠠᠵᠢᠯ ᠢ ᠥᠷᠨᠢᠭᠦᠯᠬᠦ ᠬᠡᠷᠡᠭᠲᠡᠶ᠃      ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ ᠳᠡᠭᠡᠳᠦ ᠱᠠᠲᠤᠨ ᠤ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠪᠣᠯᠤᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠬᠠᠷᠢᠭᠤᠴᠠᠨ᠎ᠠ᠃      ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠤ ᠶᠠᠪᠤᠳᠠᠯ᠂ ᠰᠣᠶᠣᠯ ᠪᠣᠯᠤᠨ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠰᠠᠯᠠᠭ᠎ᠠ ᠮᠥᠴᠢᠷ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠷᠢᠯᠭ᠎ᠠ ᠶᠢᠨ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠬᠢᠭᠡᠳ ᠪᠤᠰᠤᠳ ᠠᠶᠤᠩᠭ᠎ᠠ ᠴᠠᠬᠢᠯᠭᠠᠨ ᠤ ᠭᠠᠮᠰᠢᠭ ᠢ ᠪᠠᠭᠠᠰᠬᠠᠬᠤ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠰᠠᠯᠠᠭ᠎ᠠ ᠮᠥᠴᠢᠷ ᠤᠳ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠰᠢᠨᠵᠢᠯᠡᠬᠦ ᠤᠬᠠᠭᠠᠨ ᠤ ᠮᠡᠳᠡᠯᠭᠡ ᠶᠢᠨ ᠤᠬᠠᠭᠤᠯᠭ᠎ᠠ᠂ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠣᠯᠠᠨ ᠨᠡᠶᠢᠲᠡ ᠶᠢᠨ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠦᠵᠡᠯ ᠤᠬᠠᠮᠰᠠᠷ ᠢ ᠨᠡᠮᠡᠭᠳᠡᠭᠦᠯᠬᠦ ᠬᠡᠷᠡᠭᠲᠡᠶ᠃      ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠰᠤᠷᠭᠠᠭᠤᠯᠢ ᠶᠢ ᠵᠢᠯᠣᠭᠤᠳᠤᠨ ᠬᠢᠨᠠᠯᠲᠠ ᠲᠠᠯᠪᠢᠵᠤ ᠪᠠᠶᠢᠭᠠᠳ ᠠᠶᠤᠩᠭ᠎ᠠ ᠴᠠᠬᠢᠯᠭᠠᠨ ᠤ ᠭᠠᠮᠰᠢᠭ ᠵᠢᠴᠢ ᠰᠡᠷᠭᠡᠶᠢᠯᠡᠵᠦ ᠬᠤᠷᠢᠭᠯᠠᠬᠤ ᠮᠡᠳᠡᠯᠭᠡ ᠶᠢ ᠵᠢᠭᠠᠨ ᠰᠤᠷᠭᠠᠬᠤ ᠠᠭᠤᠯᠭ᠎ᠠ ᠪᠤᠶᠤ ᠬᠢᠴᠢᠶᠡᠯ ᠤᠨ ᠭᠠᠳᠠᠨᠠᠬᠢ ᠬᠥᠮᠦᠵᠢᠯ ᠤᠨ ᠠᠭᠤᠯᠭ᠎ᠠ ᠳᠤ ᠣᠷᠣᠭᠤᠯᠬᠤ ᠬᠡᠷᠡᠭᠲᠡᠶ᠃      ᠰᠣᠨᠢᠨ ᠮᠡᠳᠡᠭᠡᠨ ᠤ ᠵᠠᠭᠤᠴᠢᠯᠠᠭᠤᠷ ᠤᠳ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠬᠢᠭᠡᠳ ᠪᠠᠴᠢᠮ ᠪᠠᠶᠢᠳᠠᠯ ᠢ ᠠᠷᠭᠠᠴᠠᠭᠠᠬᠤ᠂ ᠥᠪᠡᠷ ᠢ ᠪᠠᠨ ᠠᠪᠤᠷᠠᠬᠤ ᠬᠢᠭᠡᠳ ᠬᠠᠷᠢᠯᠴᠠᠨ ᠠᠪᠤᠷᠠᠬᠤ ᠮᠡᠳᠡᠯᠭᠡ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠳᠤ ᠳᠡᠮᠵᠢᠯᠭᠡ ᠦᠵᠡᠭᠦᠯᠬᠦ ᠬᠡᠷᠡᠭᠲᠡᠶ᠃      ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃      ᠳᠣᠯᠣᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠶᠤᠩᠭ᠎ᠠ ᠠᠴᠠ ᠰᠡᠷᠭᠡᠶᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠯ ᠬᠢᠭᠡᠳ ᠨᠡᠭᠡᠭᠡᠯᠲᠡ ᠶᠢ ᠵᠣᠷᠢᠭᠵᠢᠭᠤᠯᠤᠨ ᠳᠡᠮᠵᠢᠵᠦ᠂ ᠠᠶᠤᠩᠭ᠎ᠠ ᠠᠴᠠ ᠰᠡᠷᠭᠡᠶᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠵᠦ᠂ ᠠᠶᠤᠩᠭ᠎ᠠ ᠠᠴᠠ ᠰᠡᠷᠭᠡᠶᠢᠯᠡᠬᠦ ᠲᠡᠷᠢᠭᠦᠨ ᠤ ᠪᠠᠷᠢᠮᠵᠢᠶ᠎ᠠ ᠰᠢᠰᠲ᠋ᠧᠮᠵᠢ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃      ᠨᠠᠢᠮᠠᠳᠤᠭᠠᠷ ᠵᠦᠢᠯ  ᠬᠤᠲᠠ ᠶᠢᠨ ᠴᠠᠭ ᠠᠭᠤᠷ ᠤᠨ ᠭᠤᠤᠯᠯᠠᠨ ᠬᠠᠮᠢᠶᠠᠷᠬᠤ ᠪᠠᠶᠢᠭᠤᠯᠤᠮᠵᠢ ᠠᠶᠤᠩᠭ᠎ᠠ ᠴᠠᠬᠢᠯᠭᠠᠨ ᠢ ᠬᠢᠨᠠᠨ ᠬᠡᠮᠵᠢᠬᠦ ᠲᠣᠣᠷ᠂ ᠠᠶᠤᠩᠭ᠎ᠠ ᠴᠠᠬᠢᠯᠭᠠᠨ ᠤ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠵᠢᠴᠢ ᠠᠶᠤᠩᠭ᠎ᠠ ᠠᠴᠠ ᠰᠡᠷᠭᠡᠶᠢᠯᠡᠬᠦ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠵᠦ᠂ ᠠᠶᠤᠩᠭ᠎ᠠ ᠴᠠᠬᠢᠯᠭᠠᠨ ᠤ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠪᠠ ᠠᠶᠤᠩᠭ᠎ᠠ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃      ᠶᠢᠰᠦᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠬᠠᠷᠢᠶ᠎ᠠ ᠪᠦᠬᠦᠢ ᠴᠠᠭ ᠠᠭᠤᠷ ᠤᠨ ᠬᠤᠷᠢᠶ᠎ᠠ ᠦᠷᠲᠡᠭᠡ ᠨᠢ ᠠᠶᠤᠩᠭ᠎ᠠ ᠴᠠᠬᠢᠯᠭᠠᠨ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠠᠶᠤᠩᠭ᠎ᠠ ᠴᠠᠬᠢᠯᠭᠠᠨ ᠤ ᠭᠠᠮᠰᠢᠭ ᠤᠨ ᠴᠠᠭ ᠠᠭᠤᠷ ᠤᠨ ᠰᠡᠷᠡᠮᠵᠢ ᠶᠢᠨ ᠳᠣᠬᠢᠶ᠎ᠠ᠂ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠶᠢ ᠴᠠᠭ ᠲᠤᠬᠠᠶ ᠳᠤ ᠨᠢ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠦᠬᠦᠢ ᠭᠠᠮᠰᠢᠭ ᠢ ᠰᠡᠷᠭᠡᠶᠢᠯᠡᠬᠦ᠂ ᠠᠪᠤᠷᠠᠨ ᠲᠤᠰᠠᠯᠠᠬᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃      ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠰᠦᠯᠵᠢᠶ᠎ᠡ ᠵᠡᠷᠭᠡ ᠵᠠᠭᠤᠴᠢᠯᠠᠭᠤᠷ ᠪᠣᠯᠤᠨ ᠴᠠᠬᠢᠯᠭᠠᠨ ᠬᠤᠯᠪᠣᠭ᠎ᠠ ᠡᠵᠡᠩᠨᠡᠵᠦ ᠪᠠᠶᠢᠭ᠎ᠠ ᠠᠵᠤ ᠠᠬᠤᠶᠢᠯᠠᠯ ᠤᠳ ᠲᠤᠬᠠᠶ ᠶᠢᠨ ᠭᠠᠵᠠᠷ ᠤᠨ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠬᠠᠷᠢᠶ᠎ᠠ ᠴᠠᠭ ᠠᠭᠤᠷ ᠤᠨ ᠬᠤᠷᠢᠶ᠎ᠠ ᠥᠷᠲᠡᠭᠡᠨ ᠠᠴᠠ ᠬᠠᠩᠭᠠᠭᠰᠠᠨ ᠠᠶᠤᠩᠭ᠎ᠠ ᠴᠠᠬᠢᠯᠭᠠᠨ ᠤ ᠭᠠᠮᠰᠢᠭ ᠤᠨ ᠴᠠᠭ ᠠᠭᠤᠷ ᠤᠨ ᠰᠡᠷᠡᠮᠵᠢ ᠶᠢᠨ ᠳᠣᠬᠢᠶ᠎ᠠ᠂ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠶᠢ ᠴᠠᠭ ᠲᠤᠬᠠᠶ ᠳᠤ ᠨᠢ᠂ ᠣᠨᠣᠪᠴᠢᠲᠠᠶ᠂ ᠦᠨ᠎ᠡ ᠲᠥᠯᠥᠪᠦᠷᠢ ᠦᠭᠡᠶ ᠪᠠᠷ ᠨᠡᠪᠲᠡᠷᠡᠭᠦᠯᠬᠦ ᠪᠤᠶᠤ ᠨᠡᠶᠢᠲᠡᠯᠡᠬᠦ ᠬᠡᠷᠡᠭᠲᠡᠶ᠃      ᠪᠤᠰᠤᠳ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠠᠶᠤᠩᠭ᠎ᠠ ᠴᠠᠬᠢᠯᠭᠠᠨ ᠤ ᠭᠠᠮᠰᠢᠭ ᠤᠨ ᠴᠠᠭ ᠠᠭᠤᠷ ᠤᠨ ᠰᠡᠷᠡᠮᠵᠢ ᠶᠢᠨ ᠳᠣᠬᠢᠶ᠎ᠠ᠂ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠶᠢ ᠨᠡᠶᠢᠭᠡᠮ ᠳᠤ ᠨᠡᠶᠢᠲᠡᠯᠡᠵᠦ ᠪᠣᠯᠬᠤ ᠦᠭᠡᠶ᠃ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠬᠠᠷᠢᠶ᠎ᠠ ᠴᠠᠭ ᠠᠭᠤᠷ ᠤᠨ ᠬᠤᠷᠢᠶ᠎ᠠ ᠥᠷᠲᠡᠭᠡ ᠠᠴᠠ ᠬᠠᠩᠭᠠᠭᠰᠠᠨ ᠪᠢᠰᠢ ᠠᠶᠤᠩᠭ᠎ᠠ ᠴᠠᠬᠢᠯᠭᠠᠨ ᠤ ᠭᠠᠮᠰᠢᠭ ᠤᠨ ᠴᠠᠭ ᠠᠭᠤᠷ ᠤᠨ ᠰᠡᠷᠡᠮᠵᠢ ᠶᠢᠨ ᠳᠣᠬᠢᠶ᠎ᠠ᠂ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠶᠢ ᠨᠡᠶᠢᠭᠡᠮ ᠳᠤ ᠳᠠᠮᠵᠢᠭᠤᠯᠵᠤ ᠪᠣᠯᠬᠤ ᠦᠭᠡᠶ᠃      ᠠᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠵᠢᠴᠢ ᠠᠶᠤᠩᠭ᠎ᠠ ᠴᠠᠬᠢᠯᠭᠠᠨ ᠤ ᠭᠠᠮᠰᠢᠭ ᠢ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠭᠤᠤᠯᠳᠠᠯᠭ᠎ᠠ ᠲᠠᠢ ᠨᠢᠭᠡᠴᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠭᠤᠤᠯᠳᠠᠯᠭ᠎ᠠ ᠲᠠᠢ ᠨᠢᠭᠡᠴᠢ ᠶᠢᠨ ᠨᠡᠷᠡᠰ ᠵᠢᠴᠢ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃      ᠠᠷᠪᠠᠨ ᠨᠢᠭᠡᠳᠦᠭᠡᠷ ᠵᠦᠢᠯ  ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠭᠤᠤᠯᠳᠠᠯᠭ᠎ᠠ ᠲᠠᠢ ᠨᠢᠭᠡᠴᠢ ᠳᠣᠤᠷᠠᠬᠢ ᠡᠭᠦᠷᠭᠡ ᠶᠢ ᠭᠦᠢᠴᠡᠳᠬᠡᠬᠦ ᠬᠡᠷᠡᠭᠲᠡᠶ᠄      ︵ᠨᠢᠭᠡ︶ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠶᠢ ᠪᠠᠶᠢᠭᠤᠯᠭ᠎ᠠ ᠶᠢᠨ ᠠᠶᠤᠯᠭᠦᠢ ᠶᠢᠨ ᠬᠠᠮᠢᠶᠡᠷᠦᠯᠳᠡ ᠶᠢᠨ ᠰᠢᠰᠲ᠋ᠧᠮᠵᠢ᠂ ᠪᠠᠴᠢᠮ ᠪᠠᠶᠢᠳᠡᠯ ᠢ ᠠᠷᠭᠠᠴᠠᠭᠠᠬᠤ ᠬᠠᠮᠢᠶᠡᠷᠦᠯᠳᠡ ᠶᠢᠨ ᠰᠢᠰᠲ᠋ᠧᠮᠵᠢ ᠳᠤ ᠠᠭᠤᠰᠣᠯᠴᠠᠬᠤ ᠶᠢᠨ ᠬᠠᠮᠳᠣ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠥᠷᠢᠮ ᠤᠨ ᠰᠢᠯᠭᠠᠨ  ᠬᠢᠨᠠᠯᠲᠠ ᠳᠤ ᠣᠷᠣᠭᠤᠯᠬᠤ ᠬᠡᠷᠡᠭᠲᠡᠢ᠃ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠬᠤᠷᠢᠭᠯᠠᠬᠤ ᠰᠢᠰᠲ᠋ᠧᠮ ᠤᠨ ᠪᠠᠶᠢᠭᠤᠯᠤᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ ᠦᠢᠯᠡᠳᠪᠦᠷᠢᠯᠡᠬᠦ᠂ ᠡᠵᠡᠩᠨᠡᠬᠦ ᠲᠠᠯᠠᠪᠤᠷ ᠤᠨ ᠭᠠᠮᠰᠢᠭ ᠢ ᠰᠡᠷᠭᠡᠶᠢᠯᠡᠬᠦ᠂ ᠭᠠᠮᠰᠢᠭ ᠲᠠᠢ ᠲᠡᠮᠡᠴᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔      ︵ᠬᠤᠶᠠᠷ︶ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠳᠥᠭᠰᠢᠬᠦᠷᠢ ᠶᠢ ᠡᠵᠡᠮᠳᠡᠬᠦ ᠪᠠ ᠭᠡᠮ ᠰᠣᠭᠤᠭ ᠢ ᠰᠡᠷᠭᠡᠶᠢᠯᠡᠨ ᠪᠠᠶᠢᠴᠠᠭᠠᠨ ᠵᠠᠰᠠᠬᠤ ᠲᠠᠪᠬᠤᠷ ᠣᠷᠢᠳᠴᠢᠯᠡᠨ ᠰᠡᠷᠭᠡᠶᠢᠯᠡᠬᠦ ᠲᠣᠠᠠᠳᠡᠴᠠ ᠶᠢ ᠪᠠᠶᠢᠭᠤᠯᠬᠤ ᠶᠢᠨ ᠬᠠᠮᠳᠣ ᠨᠡᠶᠢᠳᠡᠪᠦᠷᠢᠵᠢᠭᠤᠯᠵᠦ᠂ ᠠᠶᠤᠩᠭ᠎ᠠ ᠴᠠᠬᠢᠯᠭᠠᠨ ᠤ ᠭᠠᠮᠰᠢᠭ ᠤᠨ ᠳᠥᠭᠰᠢᠬᠦᠷᠢ ᠶᠢ ᠣᠷᠢᠳᠴᠢᠯᠡᠨ ᠰᠡᠷᠡᠮᠵᠢᠯᠡᠬᠦᠯᠬᠦ ᠰᠢᠰᠲ᠋ᠧᠮ ᠵᠢᠴᠢ ᠠᠶᠤᠩᠭ᠎ᠠ ᠴᠠᠬᠢᠯᠭᠠᠨ ᠤ ᠭᠠᠮᠰᠢᠭ ᠤᠨ ᠪᠠᠴᠢᠮ ᠪᠠᠶᠢᠳᠡᠯ ᠳᠤ ᠲᠤᠰᠬᠠᠯ ᠭᠠᠷᠭᠠᠬᠤ ᠲᠣᠠᠠᠳᠡᠴᠠ ᠶᠢ ᠪᠠᠶᠢᠭᠤᠯᠥᠨ ᠲᠡᠭᠦᠯᠳᠡᠷᠵᠢᠭᠦᠯᠬᠦ ᠬᠡᠷᠡᠭᠲᠡᠢ︔      ︵ᠭᠤᠷᠪᠠ︶ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠬᠠᠮᠢᠶ᠎ᠠ ᠪᠦᠬᠦᠢ ᠠᠵᠢᠯ ᠳᠤ ᠱᠠᠭᠠᠷᠳᠠᠭᠳᠠᠬᠤ ᠣᠷᠣᠭᠤᠯᠤᠯᠲᠠ ᠶᠢ ᠪᠠᠲᠤᠯᠠᠵᠤ᠂ ᠬᠠᠤᠯᠢ ᠴᠠᠭᠠᠵᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠣᠬᠢᠷᠠᠭᠤᠯᠬᠤ ᠪᠤᠶᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠶ ᠲᠤᠰᠢᠶᠠᠯ ᠪᠤᠶᠤ ᠲᠤᠰᠢᠶᠠᠯ ᠬᠠᠪᠰᠤᠷᠭᠠᠭᠰᠠᠨ ᠠᠵᠢᠯᠲᠠᠨ ᠲᠣᠬᠢᠷᠠᠭᠤᠯᠵᠤ᠂ ᠰᠡᠷᠭᠡᠶᠢᠯᠡᠯᠲᠡ ᠶᠢᠨ ᠠᠵᠢᠯ ᠤᠨ ᠪᠠᠶᠢᠷᠢ ᠵᠢᠴᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠠᠶᠤᠩᠭ᠎ᠠ ᠴᠠᠬᠢᠯᠭᠠᠨ ᠤ ᠭᠠᠮᠰᠢᠭ ᠤᠨ ᠠᠶᠤᠯᠭᠦᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠡᠭᠦᠷᠭᠡ ᠵᠢ‌‍ᠭᠦ᠋ᠢᠴᠡᠳᠬᠡᠬᠦ ᠬᠡᠷᠡᠭᠲᠡᠶ︔      ︵ᠲᠦᠷᠪᠡ︶ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠬᠥᠮᠦᠵᠢᠯ ᠬᠢᠭᠡᠳ ᠪᠣᠯᠪᠠᠰᠤᠷᠠᠭᠤᠯᠤᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠨ ᠬᠡᠷᠡᠭᠵᠢᠭᠦᠯᠵᠦ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠮᠡᠳᠡᠯᠭᠡ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ ᠪᠤᠶᠤ ᠪᠣᠯᠪᠠᠰᠤᠷᠠᠭᠤᠯᠤᠯ ᠳᠤ ᠣᠷᠣᠯᠴᠠᠵᠤ᠂ ᠲᠤᠰ ᠨᠢᠭᠡᠴᠢ ᠶᠢᠨ ᠢᠶᠠᠨ ᠠᠶᠤᠩᠭ᠎ᠠ ᠴᠠᠬᠢᠯᠭᠠᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃      ︵ᠲᠠᠪᠤ︶ ᠬᠠᠤᠯᠢ ᠴᠠᠭᠠᠵᠠ ᠬᠠᠤᠯᠢ ᠲᠣᠭᠲᠠᠭᠠᠯ᠂ ᠠᠵᠢᠯ ᠲᠥᠷᠥᠯ ᠤᠨ ᠪᠠᠷᠢᠮᠵᠢᠶ᠎ᠠ ᠳᠤ ᠲᠣᠭᠲᠠᠭᠠᠭᠰᠠᠨ ᠠᠶᠤᠩᠭ᠎ᠠ ᠴᠠᠬᠢᠯᠭᠠᠨ ᠢ ᠰᠡᠷᠭᠡᠶᠢᠯᠡᠨ ᠬᠤᠷᠢᠭᠯᠠᠬᠤ ᠪᠤᠰᠤᠳ ᠡᠭᠦᠷᠭᠡ᠃      ᠠᠷᠪᠠᠨ ᠬᠤᠶᠠᠳᠤᠭᠠᠷ ᠵᠦᠢᠯ  ᠬᠤᠲᠠ ᠶᠢᠨ ᠳᠣᠲᠣᠷᠠᠬᠢ ᠲᠣᠮᠣ ᠬᠡᠯᠪᠡᠷᠢ ᠶᠢᠨ ᠪᠠᠷᠢᠯᠭ᠎ᠠ᠂ ᠭᠤᠤᠯᠳᠠᠯᠭ᠎ᠠ ᠲᠠᠢ ᠪᠠᠷᠢᠯᠭ᠎ᠠ᠂ ᠴᠢᠬᠤᠯᠠ ᠣᠯᠠᠨ ᠨᠡᠶᠢᠲᠡ ᠶᠢᠨ ᠰᠠᠭᠤᠷᠢ  ᠲᠦᠬᠦᠭᠡᠷᠦᠮᠵᠢ᠂ ᠳᠡᠯᠪᠡᠷᠡᠬᠦ ᠠᠶᠤᠯ ᠲᠠᠢ ᠪᠡᠯᠡᠳᠭᠡᠮᠵᠢ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠷᠢᠯᠭ᠎ᠠ ᠪᠠᠷᠢᠭᠤᠯᠬᠤ ᠨᠢᠭᠡᠴᠢ ᠨᠢ ᠲᠥᠷᠥᠯ ᠵᠦᠢᠯ ᠤᠨ ᠪᠤᠯᠬᠤᠶᠢᠴᠠ ᠴᠢᠨᠠᠷ ᠤᠨ ᠰᠤᠳᠤᠯᠤᠯ ᠤᠨ ᠱᠠᠲᠤᠨ ᠳᠤ ᠠᠶᠤᠩᠭ᠎ᠠ ᠴᠠᠬᠢᠯᠭᠠᠨ ᠤ ᠭᠠᠮᠰᠢᠭ ᠤᠨ ᠲᠦᠭᠰᠢᠭᠦᠷᠢ ᠶᠢ ᠦᠨᠡᠯᠡᠨ ᠵᠢᠱᠢᠬᠦ ᠶᠢᠨ ᠬᠠᠮᠲᠤ ᠠᠶᠤᠩᠭ᠎ᠠ ᠴᠠᠬᠢᠯᠭᠠᠨ ᠤ ᠭᠠᠮᠰᠢᠭ ᠤᠨ ᠲᠦᠭᠰᠢᠭᠦᠷᠢ ᠶᠢᠨ ᠦᠨᠡᠯᠡᠯᠲᠡ ᠪᠠᠷ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠠᠶᠤᠩᠭ᠎ᠠ ᠠᠴᠠ ᠰᠡᠷᠭᠡᠶᠢᠯᠡᠬᠦ ᠵᠢᠷᠤᠭ ᠲᠥᠯᠥᠪᠯᠡᠭᠡ ᠶᠢᠨ ᠦᠨᠳᠦᠰᠦᠯᠡᠯ ᠪᠣᠯᠭᠠᠬᠤ ᠬᠡᠷᠡᠭᠲᠡᠶ᠃      ᠠᠷᠪᠠᠨ ᠭᠤᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ ᠳᠠᠭᠠᠳᠬᠠᠯ ᠤᠨ ᠠᠵᠢᠯ ᠲᠥᠷᠥᠯ ᠢ ᠵᠣᠬᠢᠴᠠᠭᠤᠯᠤᠨ ᠲᠤᠰ ᠭᠠᠵᠠᠷ ᠤᠨ ᠣᠨᠴᠠᠯᠢᠭ ᠲᠤ ᠨᠡᠶᠢᠴᠡᠭᠰᠡᠨ ᠠᠶᠤᠩᠭ᠎ᠠ ᠴᠠᠬᠢᠯᠭᠠᠨ ᠤ ᠭᠠᠮᠰᠢᠭ ᠤᠨ ᠳᠠᠭᠠᠳᠬᠠᠯ ᠤᠨ ᠲᠥᠷᠥᠯ᠂ ᠳᠠᠭᠠᠳᠬᠠᠯ ᠤᠨ ᠲᠣᠭᠲᠠᠴᠠ ᠪᠣᠯᠤᠨ ᠬᠡᠪ ᠵᠠᠭᠪᠤᠷ ᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠶ᠃      ᠳᠣᠣᠷ᠎ᠠ ᠵᠢᠭᠰᠠᠭᠠᠭᠰᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠲᠠᠯᠠᠪᠤᠷ ᠭᠠᠵᠠᠷ ᠠᠶᠤᠩᠭ᠎ᠠ ᠴᠠᠬᠢᠯᠭᠠᠨ ᠤ ᠭᠠᠮᠰᠢᠭ ᠤᠨ ᠳᠠᠭᠠᠳᠬᠠᠯ ᠬᠤᠳᠠᠯᠳᠤᠨ ᠠᠪᠬᠤ ᠶᠢ ᠵᠣᠷᠢᠭᠵᠢᠭᠤᠯᠵᠤ᠂ ᠠᠶᠤᠩᠭ᠎ᠠ ᠴᠠᠬᠢᠯᠭᠠᠨ ᠤ ᠭᠠᠮᠰᠢᠭ ᠠᠴᠠ ᠪᠣᠯᠬᠤ ᠬᠤᠬᠢᠷᠠᠯ ᠢ ᠪᠠᠭᠠᠰᠬᠠᠬᠤ ᠬᠡᠷᠡᠭᠲᠡᠶ᠄      ︵ᠨᠢᠭᠡ︶ ᠴᠢᠯᠠᠭᠤᠨ ᠲᠣᠰᠣ᠂ ᠬᠢᠮᠢ ᠶᠢᠨ ᠠᠵᠤ ᠦᠢᠯᠡᠳᠪᠦᠷᠢ᠂ ᠰᠢᠲᠠᠮᠠᠬᠠᠶ ᠬᠡᠢ ᠵᠡᠷᠭᠡ ᠨᠣᠴᠣᠮᠠᠲᠠᠭᠠᠶ ᠳᠡᠯᠪᠡᠷᠡᠮᠡᠲᠡᠭᠡᠶ ᠡᠳ᠋ ᠪᠣᠳᠠᠰ ᠦᠢᠯᠡᠳᠪᠦᠷᠢᠯᠡᠬᠦ᠂ ᠬᠠᠳᠠᠭᠠᠯᠠᠵᠤ ᠲᠡᠭᠡᠭᠡᠪᠦᠷᠢᠯᠡᠬᠦ᠂ ᠳᠠᠮᠵᠢᠭᠤᠯᠬᠤ᠂ ᠪᠣᠷᠣᠯᠠᠭᠤᠯᠬᠤ ᠵᠡᠷᠭᠡ ᠲᠠᠯᠠᠪᠤᠷ ᠪᠣᠯᠤᠨ ᠪᠡᠯᠡᠳᠬᠡᠮᠵᠢ᠃      ︵ᠬᠤᠶᠠᠷ︶ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ᠂ ᠴᠠᠬᠢᠯᠭᠠᠨ ᠬᠦᠴᠦᠨ ᠤ ᠰᠢᠰᠲ᠋ᠧᠮ᠂ ᠴᠢᠮᠡᠭᠡ ᠬᠤᠯᠪᠣᠭᠠᠨ ᠤ ᠪᠡᠯᠡᠳᠬᠡᠮᠵᠢ ᠪᠠ ᠷᠠᠳᠢᠣ᠋ ᠲᠧᠯᠸᠢᠰ ᠤᠨ ᠪᠡᠯᠡᠳᠬᠡᠮᠵᠢ᠃      ︵ᠭᠤᠷᠪᠠ︶ ᠵᠠᠳᠠᠭᠠᠢ ᠲᠣᠮᠣ ᠬᠡᠯᠪᠡᠷᠢ ᠶᠢᠨ ᠵᠤᠭ᠎ᠠ ᠴᠡᠩᠭᠡᠯ᠂ ᠵᠤᠭᠠᠴᠠᠯ᠂ ᠪᠡᠶ᠎ᠡ ᠶᠢᠨ ᠲᠠᠮᠢᠷ ᠵᠡᠷᠭᠡ ᠠᠮᠠᠷᠬᠠᠨ ᠠᠶᠤᠩᠭ᠎ᠠ ᠳᠤ ᠳᠠᠭᠠᠷᠢᠭᠳᠠᠬᠤ ᠲᠠᠯᠠᠪᠤᠷ ᠪᠠ ᠪᠡᠯᠡᠳᠬᠡᠮᠵᠢ᠃      ︵ᠲᠦᠷᠪᠡ︶ ᠰᠤᠷᠭᠠᠭᠤᠯᠢ᠂ ᠰᠣᠶᠣᠯ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠵᠡᠷᠭᠡ ᠤᠯᠠᠨ ᠨᠡᠶᠢᠲᠡ ᠶᠢᠨ ᠲᠠᠯᠠᠪᠤᠷ᠃      ︵ᠲᠠᠪᠤ︶ ᠪᠡᠯᠡᠳᠬᠡᠮᠵᠢᠲᠦ ᠲᠠᠷᠢᠶᠠᠯᠠᠩ ᠪᠠ ᠳᠠᠷᠢᠵᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠃      ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠲᠣᠮᠣ ᠬᠡᠯᠪᠡᠷᠢ ᠶᠢᠨ ᠪᠠᠷᠢᠯᠭ᠎ᠠ᠂ ᠭᠤᠤᠯᠳᠠᠯᠭ᠎ᠠ ᠲᠠᠢ ᠪᠠᠷᠢᠯᠭ᠎ᠠ᠂ ᠴᠢᠬᠤᠯᠠ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠵᠡᠷᠭᠡ ᠳᠤ ᠠᠶᠤᠩᠭ᠎ᠠ ᠠᠴᠠ ᠰᠡᠷᠭᠡᠶᠢᠯᠡᠬᠦ ᠲᠣᠨᠤᠭ ᠲᠥᠬᠦᠭᠡᠷᠦᠮᠵᠢ ᠤᠭᠰᠠᠷᠠᠬᠤ ᠬᠡᠷᠡᠭᠲᠡᠶ᠃      ᠠᠷᠪᠠᠨ ᠳᠥᠷᠪᠡᠳᠦᠭᠡᠷ ᠵᠦᠢᠯ  ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠬᠢᠭᠡᠳ ᠪᠤᠰᠤᠳ ᠠᠶᠤᠩᠭ᠎ᠠ ᠴᠠᠬᠢᠯᠭᠠᠨ ᠤ ᠭᠠᠮᠰᠢᠭ ᠢ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠳᠣᠤᠷᠠᠬᠢ ᠮᠡᠲᠦ ᠠᠵᠢᠯ ᠤᠨ ᠬᠤᠪᠢᠶᠠᠷᠢᠯᠠᠯ ᠶᠣᠰᠣᠭᠠᠷ᠂ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠄      ︵ᠨᠢᠭᠡ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠲᠣᠰᠣᠨ ᠬᠥᠮᠥᠷᠭᠡ᠂ ᠬᠡᠢ ᠶᠢᠨ ᠬᠥᠮᠥᠷᠭᠡ᠂  ᠳᠠᠷᠢ ᠰᠤᠮᠤ ᠶᠢᠨ ᠬᠥᠮᠥᠷᠭᠡ᠂ ᠬᠢᠮᠢ ᠶᠢᠨ ᠪᠣᠳᠠᠰ ᠤᠨ ᠬᠥᠮᠥᠷᠭᠡ ᠪᠣᠯᠤᠨ ᠬᠤᠸᠠᠷ ᠫᠤᠤᠵᠢᠩ᠂ ᠴᠢᠯᠠᠭᠤᠨ ᠲᠣᠰᠣ ᠬᠢᠮᠢ ᠵᠡᠷᠭᠡ ᠨᠣᠴᠣᠮᠠᠲᠠᠭᠠᠶ ᠳᠡᠯᠪᠡᠷᠡᠮᠡᠲᠡᠭᠡᠶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠣᠯᠤᠨ ᠲᠠᠯᠠᠪᠤᠷ ᠂ ᠠᠶᠤᠩᠭ᠎ᠠ ᠴᠠᠬᠢᠯᠭᠠᠨ ᠬᠢᠯᠪᠠᠷᠬᠠᠨ ᠡᠭᠦᠰᠬᠦ ᠣᠷᠣᠨ ᠳᠠᠬᠢ ᠠᠭᠤᠷᠬᠠᠶ ᠶᠢᠨ ᠣᠷᠣᠨ᠂ ᠵᠢᠭᠤᠯᠴᠢᠯᠠᠯ ᠤᠨ ᠭᠠᠵᠠᠷ ᠪᠤᠶᠤ ᠠᠰᠢᠭᠯᠠᠯᠲᠠ ᠳᠤ ᠣᠷᠣᠭᠰᠠᠨ ᠪᠠᠷᠢᠯᠭ᠎ᠠ ︵ᠪᠠᠷᠢᠮᠠᠯ︶᠂ ᠪᠡᠯᠡᠳᠬᠡᠮᠵᠢ ᠵᠡᠷᠭᠡ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠲᠤᠰᠠᠭᠠᠷ ᠤᠭᠰᠠᠷᠠᠬᠤ ᠴᠢᠬᠤᠯᠠ ᠲᠠᠢ ᠭᠠᠵᠠᠷ ᠵᠢᠴᠢ ᠠᠶᠤᠩᠭ᠎ᠠ ᠴᠠᠬᠢᠯᠭᠠᠨ ᠤ ᠲᠦᠭᠰᠢᠭᠦᠷᠢ ᠶᠡᠬᠡᠲᠡᠶ ᠮᠥᠷᠲᠡᠭᠡᠨ ᠠᠶᠤᠩᠭ᠎ᠠ ᠠᠴᠠ ᠰᠡᠷᠭᠡᠶᠢᠯᠡᠬᠦ ᠪᠠᠷᠢᠮᠵᠢᠶ᠎ᠠ ᠶᠢᠨ ᠵᠢᠷᠤᠮᠵᠢᠯ ᠦᠭᠡᠶ᠂ ᠣᠨᠴᠠᠭᠠᠢ ᠨᠤᠲᠠᠯᠠᠯᠲᠠ ᠬᠢᠬᠦ ᠴᠢᠬᠤᠯᠠ ᠲᠠᠢ ᠲᠣᠮᠣ ᠬᠡᠯᠪᠡᠷᠢ ᠶᠢᠨ ᠲᠥᠷᠥᠯ ᠵᠦᠢᠯ ᠤᠨ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢ ᠬᠢᠨᠠᠨ ᠬᠠᠷᠭᠤᠭᠤᠯᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠢᠴᠢ ᠲᠡᠭᠦᠨ ᠤ ᠵᠢᠷᠤᠭᠯᠠᠨ ᠲᠥᠯᠥᠪᠯᠡᠵᠦ ᠬᠢᠨᠠᠨ ᠬᠠᠷᠭᠤᠭᠤᠯᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠶᠢ ᠵᠥᠪᠰᠢᠶᠡᠷᠡᠭᠰᠡᠨ ᠤ ᠳᠠᠷᠠᠭ᠎ᠠ ᠠᠰᠢᠭᠯᠠᠯᠲᠠ ᠳᠤ ᠣᠷᠣᠭᠤᠯᠤᠭᠰᠠᠨ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠣᠭᠯᠠᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃      ︵ᠬᠤᠶᠠᠷ︶ ᠭᠡᠷ ᠪᠠᠶᠢᠰᠢᠩ ᠤᠨ ᠪᠠᠷᠢᠯᠭ᠎ᠠ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ᠂ ᠵᠠᠰᠠᠮᠠᠯ ᠵᠠᠮ᠂ ᠤᠰᠤᠨ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠤᠰᠤᠨ ᠠᠰᠢᠭᠯᠠᠯᠲᠠ᠂ ᠴᠠᠬᠢᠯᠭᠠᠨ ᠬᠦᠴᠦᠨ᠂ ᠴᠥᠮ᠎ᠡ ᠶᠢᠨ ᠴᠠᠬᠢᠯᠭᠠᠨ᠂ ᠴᠢᠮᠡᠭᠡ ᠬᠤᠯᠪᠣᠭ᠎ᠠ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠠᠭᠠᠯᠵᠠᠭᠰᠠᠨ ᠬᠦᠷᠢᠶ᠎ᠡ ᠴᠠᠷᠠᠭ᠎ᠠ ᠶᠢᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠩᠭ᠎ᠠ ᠠᠴᠠ ᠰᠡᠷᠭᠡᠶᠢᠯᠡᠬᠦ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃      ︵ᠭᠤᠷᠪᠠ︶ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠬᠡᠨ ᠬᠢᠨᠠᠨ ᠵᠥᠪᠰᠢᠶᠡᠷᠡᠪᠡᠯ᠂ ᠬᠡᠨ ᠬᠠᠷᠢᠭᠤᠴᠠᠵᠤ᠂ ᠬᠡᠨ ᠬᠢᠨᠠᠨ ᠬᠠᠮᠢᠶᠠᠷᠬᠤ ᠵᠠᠷᠴᠢᠮ ᠶᠣᠰᠣᠭᠠᠷ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠩᠭ᠎ᠠ ᠠᠴᠠ ᠰᠡᠷᠭᠡᠶᠢᠯᠡᠬᠦ ᠶᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠᠷᠢᠯᠭ᠎ᠠ ︵ᠪᠠᠷᠢᠮᠠᠯ︶᠂ ᠲᠠᠯᠠᠪᠤᠷ ᠪᠣᠯᠤᠨ ᠪᠡᠯᠡᠳᠬᠡᠮᠵᠢ ᠶᠢᠨ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ ᠵᠢᠷᠤᠭ ᠲᠥᠯᠥᠪᠯᠡᠭᠡ᠂ ᠪᠠᠷᠢᠯᠭ᠎ᠠ᠂ ᠬᠢᠨᠠᠨ ᠬᠠᠮᠢᠶᠠᠷᠤᠯᠲᠠ᠂ ᠪᠠᠶᠢᠴᠠᠭᠠᠨ ᠬᠡᠮᠵᠢᠬᠦ ᠪᠠᠶᠢᠭᠤᠯᠤᠮᠵᠢ ᠵᠢᠴᠢ ᠥᠮᠴᠢᠲᠡᠨ ᠨᠢᠭᠡᠴᠢ ᠶᠢᠨ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢᠨ ᠶᠠᠰᠤ ᠴᠢᠨᠠᠷ ᠤᠨ ᠠᠶᠤᠯᠭᠦᠢ ᠶᠢᠨ ᠲᠠᠯ᠎ᠠ ᠪᠠᠷ ᠬᠢ ᠬᠠᠷᠠᠭᠠᠯᠵᠠᠭᠰᠠᠨ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ ᠨᠠᠶᠢᠳᠠᠪᠤᠷᠢᠵᠢᠭᠤᠯᠬᠤ ᠬᠡᠷᠡᠭᠲᠡᠢ᠃ ᠠᠶᠤᠩᠭ᠎ᠠ ᠴᠠᠬᠢᠯᠭᠠᠨ ᠤ ᠰᠡᠷᠭᠡᠶᠢᠯᠡᠯᠲᠡ ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ ᠶᠢ ᠳᠠᠯᠳᠠᠯᠠᠬᠤ ᠢᠨᠵᠧᠨᠧᠷᠢᠩ ᠳᠤ ᠬᠤᠯᠪᠣᠭᠳᠠᠭᠰᠠᠨ ᠪᠠᠶᠢᠪᠠᠯ᠂ ᠳᠠᠯᠳᠠᠯᠠᠬᠤ ᠠᠴᠠ ᠡᠮᠦᠨ᠎ᠡ ᠬᠠᠤᠯᠢ ᠶᠣᠰᠣᠭᠠᠷ ᠬᠠᠷᠠᠭᠠᠯᠵᠠᠭᠰᠠᠨ ᠰᠢᠯᠭᠠᠨ ᠪᠠᠶᠢᠴᠠᠭᠠᠯᠲᠠ ᠪᠠ ᠪᠠᠶᠢᠴᠠᠭᠠᠨ ᠬᠡᠮᠵᠢᠯᠲᠡ ᠬᠢᠬᠦ ᠬᠡᠷᠡᠭᠲᠡᠶ᠃      ᠠᠷᠪᠠᠨ ᠲᠠᠪᠤᠳᠤᠭᠠᠷ ᠵᠦᠢᠯ  ᠡᠯ᠎ᠡ ᠲᠥᠷᠥᠯ ᠤᠨ ᠪᠠᠷᠢᠯᠭ᠎ᠠ ︵ᠪᠠᠷᠢᠮᠠᠯ︶ ᠶᠢᠨ ᠵᠦᠢᠯ᠂ ᠲᠠᠯᠠᠪᠤᠷ ᠪᠣᠯᠤᠨ ᠪᠡᠯᠡᠳᠬᠡᠮᠵᠢ ᠳᠤ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠨᠢ ᠤᠯᠤᠰ ᠤᠨ ᠠᠶᠤᠩᠭ᠎ᠠ ᠠᠴᠠ ᠰᠡᠷᠭᠡᠶᠢᠯᠡᠬᠦ ᠬᠤᠯᠪᠣᠭᠳᠠᠯ ᠪᠦᠬᠦᠢ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠᠷᠢᠯᠭ᠎ᠠ ︵ᠪᠠᠷᠢᠮᠠᠯ︶᠂ ᠲᠠᠯᠠᠪᠤᠷ ᠪᠣᠯᠤᠨ ᠪᠡᠯᠡᠳᠬᠡᠮᠵᠢ ᠶᠢᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠭᠤᠤᠯ ᠴᠣᠭᠴᠠ ᠪᠠᠷᠢᠯᠭ᠎ᠠ ᠯᠤᠭ᠎ᠠ ᠵᠡᠷᠭᠡ ᠳᠤ  ᠨᠢ ᠵᠢᠷᠤᠭᠯᠠᠨ ᠲᠥᠯᠥᠪᠯᠡᠵᠦ᠂ ᠵᠡᠷᠭᠡ ᠳᠤ ᠨᠢ ᠪᠠᠶᠢᠭᠤᠯᠵᠤ᠂ ᠵᠡᠷᠭᠡ ᠳᠤ ᠨᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠬᠡᠷᠡᠭᠲᠡᠶ᠃      ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠨᠢᠭᠡᠨᠲᠡ ᠪᠠᠶᠢᠭᠤᠯᠤᠭᠰᠠᠨ ᠲᠠᠯᠠᠪᠤᠷ ᠪᠣᠯᠤᠨ ᠪᠡᠯᠡᠳᠬᠡᠮᠵᠢ ᠶᠢ ᠤᠯᠤᠰ᠂ ᠣᠷᠣᠨ ᠨᠤᠲᠤᠭ ᠪᠣᠯᠤᠨ ᠠᠵᠢᠯ ᠲᠥᠷᠥᠯ ᠤᠨ ᠠᠶᠤᠩᠭ᠎ᠠ ᠠᠴᠠ ᠰᠡᠷᠭᠡᠶᠢᠯᠡᠬᠦ ᠬᠤᠯᠪᠣᠭᠳᠠᠯ ᠪᠦᠬᠦᠢ ᠪᠠᠷᠢᠮᠵᠢᠶ᠎ᠠ ᠵᠢᠴᠢ ᠲᠣᠭᠲᠠᠭᠠᠯ ᠶᠣᠰᠣᠭᠠᠷ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠲᠣᠬᠢᠷᠠᠭᠤᠯᠤᠨ ᠪᠠᠶᠢᠭᠤᠯᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠬᠢᠭᠡᠳ ᠠᠶᠤᠩᠭ᠎ᠠ ᠴᠠᠬᠢᠯᠭᠠᠨ ᠤ ᠭᠠᠮᠰᠢᠭ ᠢ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠵᠣᠬᠢᠶᠠᠨ ᠪᠠᠶᠢᠭᠤᠯᠬᠤ᠂ ᠬᠢᠨᠠᠯᠲᠠ ᠲᠠᠯᠪᠢᠬᠤ᠂ ᠵᠢᠯᠣᠭᠤᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃      ᠠᠷᠪᠠᠨ ᠵᠢᠷᠭᠤᠳᠤᠭᠠᠷ ᠵᠦᠢᠯ  ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢᠨ ᠪᠠᠷᠢᠯᠭ᠎ᠠ᠂ ᠲᠠᠯᠠᠪᠤᠷ ᠪᠣᠯᠤᠨ ᠪᠡᠯᠡᠳᠬᠡᠮᠵᠢ ᠤᠭᠰᠠᠷᠠᠬᠤ ᠳᠤ ᠬᠡᠷᠡᠭᠯᠡᠬᠦ ᠨᠢᠭᠡᠴᠢ ᠠᠴᠠ ᠲᠤᠰᠬᠠᠶ ᠬᠥᠮᠦᠨ ᠲᠣᠭᠲᠠᠭᠠᠵᠤ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠣᠭᠯᠠᠯ ᠤᠨ ᠡᠳᠦᠷ ᠲᠤᠲᠤᠮ ᠤᠨ ᠬᠠᠮᠠᠭᠠᠯᠠᠯᠲᠠ ᠶᠢ ᠬᠠᠷᠢᠭᠤᠴᠠᠵᠤ᠂ ᠬᠠᠷᠠᠭᠠᠯᠵᠠᠭᠰᠠᠨ ᠬᠢᠷᠢ ᠭᠡᠮ ᠲᠠᠢ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠨᠠᠶᠢᠳᠠᠵᠤ ᠲᠣᠭᠲᠠᠭᠰᠠᠨ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠬᠡᠷᠡᠭᠲᠡᠶ᠃      ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠ ᠨᠠᠶᠢᠳᠠᠵᠤ ᠪᠠᠶᠢᠴᠠᠭᠠᠨ ᠬᠡᠮᠵᠢᠬᠦ ᠠᠵᠢᠯ ᠢ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠪᠤᠶᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠭᠤᠤᠯᠴᠢᠯᠠᠨ ᠬᠠᠮᠢᠶᠠᠷᠬᠤ ᠨᠢᠭᠡᠴᠢ ᠠᠴᠠ ᠬᠠᠷᠢᠭᠤᠴᠠᠨ᠎ᠠ᠃ ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠳᠤ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠣᠭᠯᠠᠯ ᠤᠨ ᠬᠠᠮᠢᠶᠠᠷᠤᠯᠲᠠ ᠶᠢᠨ ᠠᠭᠤᠯᠭ᠎ᠠ ᠶᠢ ᠲᠣᠭᠲᠠᠭᠠᠭᠰᠠᠨ ᠦᠭᠡᠶ ᠪᠤᠶᠤ ᠲᠣᠭᠲᠠᠭᠠᠭᠰᠠᠨ ᠨᠢ ᠲᠣᠳᠣᠷᠬᠠᠶ ᠦᠭᠡᠶ ᠪᠠᠶᠢᠪᠠᠯ᠂ ᠥᠮᠴᠢᠯᠡᠬᠦ ᠡᠷᠬᠡᠲᠦ ᠬᠥᠮᠦᠨ ᠨᠢ ᠠᠳᠠᠯ ᠠᠬᠤᠶ ᠶᠢᠨ ᠦᠢᠯᠡᠴᠢᠯᠡᠭᠡᠨ ᠤ ᠡᠵᠡᠩᠨᠡᠯᠲᠡ ᠶᠢᠨ ᠨᠢᠭᠡᠴᠢ ᠯᠦᠭᠡ ᠨᠦᠬᠦᠨ ᠲᠣᠭᠲᠠᠭᠠᠵᠤ ᠪᠣᠯᠤᠨ᠎ᠠ᠃      ᠨᠣᠴᠣᠮᠠᠲᠠᠭᠠᠶ ᠳᠡᠯᠪᠡᠷᠡᠮᠡᠲᠡᠭᠡᠶ ᠵᠡᠷᠭᠡ ᠠᠶᠤᠯ ᠶᠡᠬᠡᠲᠡᠶ ᠲᠠᠯᠠᠪᠤᠷ ᠤᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠣᠭᠯᠠᠯ ᠢ ᠬᠠᠭᠠᠰ ᠵᠢᠯ ᠳᠤ ᠨᠢᠭᠡ ᠤᠳᠠᠭ᠎ᠠ ᠰᠢᠯᠭᠠᠨ ᠪᠠᠶᠢᠴᠠᠭᠠᠵᠤ᠂ ᠪᠤᠰᠤᠳ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠳᠤ ᠵᠢᠯ ᠪᠦᠷᠢ ᠨᠢᠭᠡ ᠤᠳᠠᠭ᠎ᠠ ᠰᠢᠯᠭᠠᠨ ᠪᠠᠶᠢᠴᠠᠭᠠᠬᠤ ᠬᠡᠷᠡᠭᠲᠡᠶ᠃      ᠠᠷᠪᠠᠨ ᠳᠣᠯᠣᠳᠤᠭᠠᠷ ᠵᠦᠢᠯ  ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠪᠠᠶᠢᠴᠠᠭᠠᠨ ᠬᠡᠮᠵᠢᠬᠦ ᠪᠠᠶᠢᠭᠤᠯᠤᠮᠵᠢ ᠤᠯᠤᠰ ᠤᠨ ᠲᠣᠭᠲᠠᠭᠠᠯ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶᠠᠨ ᠤ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠪᠤᠶᠤ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠣᠯᠭᠤᠭᠰᠠᠨ ᠬᠢᠷᠢ ᠭᠡᠮ ᠤᠨ ᠦᠨᠡᠮᠯᠡᠯ ᠢ ᠣᠯᠬᠤ ᠶᠢᠨ ᠬᠠᠮᠲᠤ ᠬᠢᠷᠢ ᠭᠡᠮ ᠤᠨ ᠵᠡᠷᠭᠡ ᠲᠠᠰ ᠤᠨ ᠬᠡᠪᠴᠢᠶᠡᠨ ᠳᠣᠲᠣᠷ᠎ᠠ ᠠᠶᠤᠩᠭ᠎ᠠ ᠠᠴᠠ ᠰᠡᠷᠭᠡᠶᠢᠯᠡᠬᠦ ᠪᠠᠶᠢᠴᠠᠭᠠᠨ ᠬᠡᠮᠵᠢᠬᠦ ᠠᠵᠢᠯ ᠢ ᠬᠢᠵᠦ᠂ ᠲᠤᠬᠠᠶ ᠶᠢᠨ ᠭᠠᠵᠠᠷ ᠤᠨ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠬᠡᠷᠡᠭᠲᠡᠶ᠃      ᠠᠷᠪᠠᠨ ᠨᠠᠢᠮᠠᠳᠤᠭᠠᠷ ᠵᠦᠢᠯ  ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠪᠠᠶᠢᠴᠠᠭᠠᠨ ᠬᠡᠮᠵᠢᠬᠦ ᠪᠠᠶᠢᠭᠤᠯᠤᠮᠵᠢ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠭᠰᠠᠨ ᠤ ᠳᠠᠷᠠᠭ᠎ᠠ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠭᠠᠷᠭᠠᠬᠤ ᠶᠢᠨ ᠬᠠᠮᠲᠤ ᠰᠢᠯᠭᠠᠨ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠬᠤ ᠬᠡᠷᠡᠭᠲᠡᠢ᠃ ᠰᠢᠯᠭᠠᠨ ᠪᠠᠶᠢᠴᠠᠭᠠᠬᠤ ᠳᠤ ᠬᠢᠷᠢ ᠲᠡᠩᠴᠡᠭᠰᠡᠨ ᠦᠭᠡᠶ ᠪᠠᠶᠢᠪᠠᠯ᠂ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠠᠴᠠ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠭᠠᠷᠭᠠᠬᠤ ᠶᠢᠨ ᠵᠡᠷᠭᠡ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ ᠲᠤᠬᠠᠶ ᠶᠢᠨ ᠭᠠᠵᠠᠷ ᠤᠨ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠳᠤ ᠬᠠᠭᠤᠯᠤᠨ ᠢᠯᠡᠭᠡᠵᠦ᠂ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠬᠡᠷᠡᠭᠯᠡᠭᠰᠡᠨ ᠨᠢᠭᠡᠴᠢ ᠶᠢ ᠵᠠᠷᠯᠢᠭᠳᠠᠵᠤ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠬᠡᠷᠡᠭᠲᠡᠶ᠃      ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠠᠶᠤᠩᠭ᠎ᠠ ᠠᠴᠠ ᠰᠡᠷᠭᠡᠶᠢᠯᠡᠬᠦ ᠬᠤᠯᠪᠣᠭᠳᠠᠯ ᠪᠦᠬᠦᠢ ᠪᠠᠷᠢᠮᠵᠢᠶ᠎ᠠ ᠪᠣᠯᠤᠨ ᠵᠢᠷᠤᠮᠵᠢᠯ ᠶᠣᠰᠣᠭᠠᠷ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠬᠠᠮᠲᠤ ᠰᠢᠯᠭᠠᠨ ᠪᠠᠶᠢᠴᠠᠭᠠᠨ ᠮᠡᠳᠡᠭᠦᠯᠦᠯᠲᠡ ᠪᠠᠨ ᠴᠠᠭ ᠲᠤᠬᠠᠶ ᠳᠤ ᠨᠢ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠳᠠᠮᠵᠢᠭᠤᠯᠬᠤ ᠬᠡᠷᠡᠭᠲᠡᠶ᠃      ᠠᠷᠪᠠ ᠶᠢᠰᠦᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠵᠢᠴᠢ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠪᠤᠰᠤᠳ ᠰᠠᠯᠠᠭ᠎ᠠ ᠮᠥᠴᠢᠷ ᠨᠢ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠠᠵᠢᠯ ᠢ ᠲᠤᠰ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ᠂ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠶ᠃ ᠬᠠᠮᠵᠢᠯᠴᠠᠨ ᠬᠢᠨᠠᠨ ᠬᠠᠮᠢᠶᠠᠷᠬᠤ ᠪᠠ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠠᠶᠤᠩᠭ᠎ᠠ ᠴᠠᠬᠢᠯᠭᠠᠨ ᠢ ᠰᠡᠷᠭᠡᠶᠢᠯᠡᠬᠦ ᠠᠶᠤᠯᠭᠦᠢ ᠶᠢᠨ ᠬᠠᠮᠲᠤᠷᠠᠭᠰᠠᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠰᠡᠷᠭᠡᠶᠢᠯᠡᠬᠦ ᠬᠡᠷᠡᠭᠲᠡᠶ᠃      ᠬᠤᠷᠢᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠠᠵᠢᠯ ᠡᠷᠬᠢᠯᠡᠬᠦ ᠮᠡᠳᠡᠭᠡ ᠶᠢᠨ ᠳᠠᠩᠰᠠ ᠡᠪᠬᠡᠮᠡᠯ ᠢ ᠪᠠᠶᠢᠭᠤᠯᠵᠤ᠂ ᠠᠵᠢᠯ ᠲᠥᠷᠥᠯ ᠤᠨ ᠢᠲᠡᠭᠡᠮᠵᠢ ᠶᠢᠨ ᠦᠨᠡᠯᠡᠯᠲᠡ ᠬᠢᠬᠦ ᠬᠡᠷᠡᠭᠲᠡᠶ᠃ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠠᠵᠢᠯ ᠡᠷᠬᠢᠯᠡᠬᠦ ᠢᠲᠡᠭᠡᠮᠵᠢ ᠶᠢᠨ ᠮᠡᠳᠡᠭᠡ ᠵᠠᠩᠭᠢ ᠪᠣᠯᠤᠨ ᠢᠲᠡᠭᠡᠮᠵᠢ ᠶᠢᠨ ᠦᠨᠡᠯᠡᠯᠲᠡ ᠶᠢᠨ ᠪᠠᠶᠢᠳᠠᠯ ᠢ ᠲᠣᠭᠲᠠᠭᠠᠯ ᠶᠣᠰᠣᠭᠠᠷ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠂ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠬᠦ ᠬᠡᠷᠡᠭᠲᠡᠶ᠃      ᠬᠤᠷᠢᠨ ᠨᠢᠭᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠪᠠᠶᠢᠴᠠᠭᠠᠨ ᠬᠡᠮᠵᠢᠬᠦ ᠠᠵᠢᠯᠯᠠᠭ᠎ᠠ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠬᠤᠯᠪᠣᠭᠳᠠᠯ ᠪᠦᠬᠦᠢ ᠨᠢᠭᠡᠴᠢ ᠪᠣᠯᠤᠨ ᠬᠤᠪᠢ ᠬᠥᠮᠦᠨ ᠬᠠᠮᠵᠢᠯᠴᠠᠬᠤ ᠬᠡᠷᠡᠭᠲᠡᠶ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠥᠷᠨᠢᠭᠦᠯᠬᠦ ᠳᠤ ᠪᠠᠨ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠤᠰ ᠱᠠᠲᠤᠨ ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠦᠰᠦᠭ ᠪᠢᠴᠢᠭ᠂ ᠳᠦᠷᠰᠦ ᠰᠢᠩᠭᠡᠭᠡᠬᠦ ᠵᠡᠷᠭᠡ ᠠᠷᠭ᠎ᠠ ᠮᠠᠶ᠋ᠢᠭ ᠢᠶᠠᠷ ᠬᠢᠨᠠᠯᠲᠠ ᠲᠠᠯᠪᠢᠵᠤ ᠪᠠᠶᠢᠴᠠᠭᠠᠬᠤ ᠪᠦᠬᠦ ᠶᠠᠪᠤᠴᠠ ᠶᠢ ᠲᠡᠮᠳᠡᠭᠯᠡᠨ᠂ ᠣᠷᠣᠰᠢᠵᠤ ᠪᠠᠶᠢᠭ᠎ᠠ ᠠᠰᠠᠭᠤᠳᠠᠯ ᠢ ᠰᠢᠯᠭᠠᠨ ᠪᠠᠶᠢᠴᠠᠭᠠᠭᠳᠠᠬᠤ ᠨᠢᠭᠡᠴᠢ ᠪᠣᠯᠤᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠭᠤᠯᠤᠨ ᠢᠯᠡᠭᠡᠬᠦ ᠬᠡᠷᠡᠭᠲᠡᠶ᠃      ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠰᠢᠯᠭᠠᠨ ᠪᠠᠶᠢᠴᠠᠭᠠᠬᠤ ᠪᠠᠶᠢᠭᠤᠯᠤᠮᠵᠢ ᠨᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠦᠭᠡᠶ᠂ ᠰᠢᠯᠭᠠᠨ ᠪᠠᠶᠢᠴᠠᠭᠠᠬᠤ ᠳᠤ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠮᠡᠳᠡᠭᠦᠯᠦᠯᠲᠡ ᠶᠢᠨ ᠦᠷ᠎ᠡ ᠳ᠋ᠦᠩ ᠢ ᠰᠠᠭᠤᠭ᠎ᠠ ᠭᠠᠵᠠᠷ ᠤᠨ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠳᠤ ᠱᠠᠭᠠᠷᠳᠠᠯᠭ᠎ᠠ ᠶᠣᠰᠣᠭᠠᠷ ᠬᠠᠭᠤᠯᠤᠨ ᠬᠦᠷᠭᠡᠭᠰᠡᠨ ᠦᠭᠡᠶ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠪᠠᠨ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠱᠠᠭᠠᠷᠳᠠᠯᠭ᠎ᠠ ᠶᠣᠰᠣᠭᠠᠷ ᠳᠠᠮᠵᠢᠭᠤᠯᠤᠭᠰᠠᠨ ᠦᠭᠡᠶ ᠪᠣᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ ᠵᠠᠷᠯᠠᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ  ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠪᠣᠳᠠᠲᠠᠶ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ ᠲᠡᠷᠡ ᠲᠣᠭᠲᠠᠭᠠᠯ ᠢᠶᠠᠷ ᠬᠡᠷᠡᠭᠵᠢᠭᠦᠯᠦᠨ᠎ᠡ᠃      ᠬᠤᠷᠢᠨ ᠭᠤᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠭᠠᠷᠭᠠᠭᠰᠠᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠳᠤ ᠮᠡᠳᠡᠭᠳᠡᠬᠦ ᠬᠡᠷᠡᠭᠲᠡᠶ᠃      ᠬᠤᠷᠢᠨ ᠳᠥᠷᠪᠡᠳᠦᠭᠡᠷ ᠵᠦᠢᠯ  ᠲᠤᠰ ᠠᠷᠭ᠎ᠠ ᠳᠤ ᠳᠣᠤᠷᠠᠬᠢ ᠬᠡᠯᠡᠯᠭᠡ ᠶᠢᠨ ᠤᠳᠬ᠎ᠠ ᠨᠢ᠄      ᠲᠤᠰ ᠠᠷᠭ᠎ᠠ ᠳᠤ ᠬᠡᠯᠡᠵᠦ ᠪᠠᠶᠢᠭ᠎ᠠ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠭᠡᠳᠡᠭ ᠨᠢ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠪᠠ ᠬᠥᠩᠭᠡᠷᠡᠭᠦᠯᠬᠦ ᠠᠵᠢᠯᠯᠠᠭ᠎ᠠ ᠶᠢ ᠵᠢᠭᠠᠵᠤ ᠪᠤᠶ᠂ ᠡᠭᠦᠨ ᠳᠤ ᠠᠶᠤᠩᠭ᠎ᠠ ᠴᠠᠬᠢᠯᠭᠠᠨ ᠪᠠ ᠠᠶᠤᠩᠭ᠎ᠠ ᠴᠠᠬᠢᠯᠭᠠᠨ ᠤ ᠭᠠᠮᠰᠢᠭ ᠤᠨ ᠰᠤᠳᠤᠯᠤᠯᠲᠠ᠂ ᠬᠢᠨᠠᠨ ᠬᠡᠮᠵᠢᠯᠲᠡ᠂   ᠰᠡᠷᠡᠮᠵᠢᠯᠡᠭᠦᠯᠦᠯ᠂ ᠰᠡᠷᠭᠡᠶᠢᠯᠡᠨ ᠬᠠᠮᠠᠭᠠᠯᠠᠯᠲᠠ᠂ ᠪᠠᠴᠢᠮ ᠪᠠᠶᠢᠳᠠᠯ ᠤᠨ ᠠᠷᠭᠠᠴᠠᠭᠠᠯᠲᠠ ᠵᠢᠴᠢ ᠠᠶᠤᠩᠭ᠎ᠠ ᠴᠠᠬᠢᠯᠭᠠᠨ ᠤ ᠭᠠᠮᠰᠢᠭ ᠢ ᠪᠠᠶᠢᠴᠠᠭᠠᠨ ᠰᠤᠳᠤᠯᠬᠤ᠂ ᠬᠢᠨᠠᠨ ᠲᠣᠭᠲᠠᠭᠠᠬᠤ᠂ ᠠᠶᠤᠯ ᠲᠦᠭᠰᠢᠭᠦᠷᠢ ᠶᠢ ᠦᠨᠡᠯᠡᠬᠦ ᠪᠠ ᠠᠪᠤᠷᠠᠨ ᠲᠤᠰᠠᠯᠠᠬᠤ ᠪᠠᠭᠲᠠᠨ᠎ᠠ᠃      ᠠᠶᠤᠩᠭ᠎ᠠ ᠴᠠᠬᠢᠯᠭᠠᠨ ᠠᠴᠠ ᠰᠡᠷᠭᠡᠶᠢᠯᠡᠵᠦ ᠬᠠᠮᠠᠭᠠᠯᠠᠬᠤ ᠲᠣᠨᠤᠭ ᠲᠥᠬᠦᠭᠡᠷᠦᠮᠵᠢ ᠭᠡᠳᠡᠭ ᠨᠢ ᠠᠶᠤᠩᠭ᠎ᠠ ᠶᠢᠨ ᠰᠢᠭᠤᠳ ᠨᠢᠷᠭᠡᠯᠲᠡ ᠠᠴᠠ ᠰᠡᠷᠭᠡᠶᠢᠯᠡᠬᠦ ᠳᠤ ᠬᠡᠷᠡᠭᠯᠡᠬᠦ ᠭᠠᠳᠠᠷ ᠲᠣᠨᠤᠭ ᠲᠥᠬᠦᠭᠡᠷᠦᠮᠵᠢ ᠵᠢᠴᠢ ᠠᠶᠤᠩᠭ᠎ᠠ ᠴᠠᠬᠢᠯᠭᠠᠨ ᠤ ᠭᠦᠶᠦᠳᠡᠯ ᠤᠨ ᠪᠤᠶ ᠪᠣᠯᠭᠠᠭᠰᠠᠨ ᠴᠠᠬᠢᠯᠭᠠᠨ ᠰᠣᠷᠢᠨᠵᠢᠨ ᠨᠥᠯᠥᠭᠡ ᠶᠢ ᠪᠠᠭᠠᠰᠬᠠᠬᠤ ᠪᠠ ᠰᠡᠷᠭᠡᠶᠢᠯᠡᠬᠦ ᠳᠤ ᠬᠡᠷᠡᠭᠯᠡᠬᠦ ᠳᠣᠲᠣᠷ ᠲᠥᠬᠦᠭᠡᠷᠦᠮᠵᠢ ᠪᠠᠷ ᠪᠦᠷᠢᠯᠳᠦᠭᠰᠡᠨ ᠪᠡᠯᠡᠳᠬᠡᠮᠵᠢ ᠪᠣᠯᠤᠨ ᠰᠢᠰᠲ᠋ᠧᠮ ᠢ ᠵᠢᠭᠠᠵᠤ ᠪᠤᠶ᠃ ᠭᠠᠳᠠᠷ ᠲᠥᠬᠦᠭᠡᠷᠦᠮᠵᠢ ᠨᠢ ᠭᠢᠯᠪᠠᠭᠠᠨ ᠤ ᠵᠠᠯᠭᠠᠭᠤᠷ᠂ ᠳᠤᠷᠤᠭᠰᠢ ᠳᠠᠮᠵᠢᠭᠤᠯᠬᠤ ᠤᠲᠠᠰᠤ ᠪᠠ ᠭᠠᠵᠠᠷ ᠵᠠᠯᠭᠠᠬᠤ ᠲᠥᠬᠦᠭᠡᠷᠦᠮᠵᠢ ᠵᠡᠷᠭᠡ ᠪᠠᠷ ᠪᠦᠷᠢᠯᠳᠦᠨ᠎ᠡ᠃ ᠳᠣᠲᠣᠷ ᠲᠥᠬᠦᠭᠡᠷᠦᠮᠵᠢ ᠨᠢ ᠴᠠᠬᠢᠯᠭᠠᠨ ᠪᠠᠶᠢᠷᠢ ᠶᠢᠨ ᠵᠠᠯᠭᠠᠭᠤᠷ᠂ ᠬᠠᠮᠲᠤ ᠪᠠᠷ ᠬᠡᠷᠡᠭᠯᠡᠬᠦ ᠭᠠᠵᠠᠷ ᠵᠠᠯᠭᠠᠬᠤ ᠲᠣᠨᠣᠭᠯᠠᠯ᠂ ᠬᠠᠯᠬᠠᠪᠴᠢ᠂ ᠵᠦᠢ ᠵᠣᠬᠢᠰᠲᠠᠶ ᠤᠲᠠᠰᠤ ᠶᠢᠨ ᠪᠠᠶᠢᠷᠢᠯᠠᠭᠤᠯᠤᠯᠲᠠ᠂ ᠠᠶᠤᠩᠭ᠎ᠠ ᠠᠴᠠ ᠰᠡᠷᠭᠡᠶᠢᠯᠡᠬᠦ ᠮᠠᠰᠢᠨ ᠵᠡᠷᠭᠡ ᠪᠠᠷ ᠪᠦᠷᠢᠯᠳᠦᠨ᠎ᠡ᠃      ᠠᠶᠤᠩᠭ᠎ᠠ ᠴᠠᠬᠢᠯᠭᠠᠨ ᠤ ᠭᠠᠮᠰᠢᠭ ᠭᠡᠳᠡᠭ ᠨᠢ ᠠᠶᠤᠩᠭ᠎ᠠ ᠶᠢᠨ ᠰᠢᠭᠤᠳ ᠨᠢᠷᠭᠡᠯᠲᠡ᠂ ᠠᠶᠤᠩᠭ᠎ᠠ ᠴᠠᠬᠢᠯᠭᠠᠨ ᠤ ᠨᠥᠯᠥᠭᠡᠯᠡᠯ᠂ ᠠᠶᠤᠩᠭ᠎ᠠ ᠴᠠᠬᠢᠯᠭᠠᠨ ᠤ ᠳᠣᠯᠭᠢᠶᠠᠨ ᠤ ᠳᠦᠷᠢᠯᠲᠡ ᠠᠴᠠ ᠪᠣᠯᠵᠤ ᠬᠦᠮᠦᠨ ᠦᠬᠦᠵᠦ ᠰᠢᠷᠬᠠᠲᠤᠬᠤ᠂ ᠡᠳ᠋ ᠬᠥᠷᠥᠩᠭᠡ ᠬᠤᠬᠢᠷᠠᠬᠤ ᠶᠢ ᠵᠢᠭᠠᠵᠤ ᠪᠠᠶᠢᠨ᠎ᠠ᠃      ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠭᠤᠤᠯᠳᠠᠯᠭ᠎ᠠ ᠲᠠᠢ ᠨᠢᠭᠡᠴᠢ ᠭᠡᠳᠡᠭ ᠨᠢ᠄      ︵ᠨᠢᠭᠡ︶ ᠲᠣᠰᠣᠨ ᠬᠥᠮᠥᠷᠭᠡ᠂ ᠬᠡᠢ ᠶᠢᠨ ᠬᠥᠮᠥᠷᠭᠡ᠂ ᠳᠠᠷᠢ ᠰᠤᠮᠤ ᠶᠢᠨ ᠬᠥᠮᠥᠷᠭᠡ᠂ ᠬᠢᠮᠢ ᠶᠢᠨ ᠪᠣᠳᠠᠰ ᠤᠨ ᠬᠥᠮᠥᠷᠭᠡ ᠪᠠ ᠬᠤᠸᠠᠷ ᠫᠤᠤᠵᠢᠩ᠂ ᠴᠢᠯᠠᠭᠤᠨ ᠲᠣᠰᠣ ᠬᠢᠮᠢ ᠵᠡᠷᠭᠡ ᠨᠣᠴᠣᠮᠠᠲᠠᠭᠠᠶ ᠳᠡᠯᠪᠡᠷᠡᠮᠡᠲᠡᠭᠡᠶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠠ ᠲᠠᠯᠠᠪᠤᠷ᠃      ︵ᠬᠤᠶᠠᠷ︶᠂ ᠠᠶᠤᠩᠭ᠎ᠠ ᠴᠠᠬᠢᠯᠭᠠᠨ ᠠᠮᠠᠷᠬᠠᠨ ᠡᠭᠦᠰᠬᠦ ᠣᠷᠣᠨ ᠳᠠᠬᠢ ᠠᠭᠤᠷᠬᠠᠶ ᠶᠢᠨ ᠣᠷᠣᠨ᠂ ᠵᠢᠭᠤᠯᠴᠢᠯᠠᠯ ᠦᠵᠡᠮᠵᠢ ᠶᠢᠨ ᠭᠠᠵᠠᠷ ᠪᠤᠶᠤ ᠠᠰᠢᠭᠯᠠᠯᠲᠠ ᠳᠤ ᠣᠷᠣᠭᠤᠯᠤᠨ ᠬᠡᠷᠡᠭᠯᠡᠭᠰᠡᠨ ᠪᠠᠷᠢᠯᠭ᠎ᠠ ︵ᠪᠠᠷᠢᠮᠠᠯ︶᠂ ᠪᠡᠯᠡᠳᠬᠡᠮᠵᠢ ᠵᠡᠷᠭᠡ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠲᠤᠰᠠᠭᠠᠷ ᠤᠭᠰᠠᠷᠠᠬᠤ ᠴᠢᠬᠤᠯᠠ ᠲᠠᠢ ᠲᠠᠯᠠᠪᠤᠷ᠃      ︵ᠭᠤᠷᠪᠠ︶ ᠠᠶᠤᠩᠭ᠎ᠠ ᠴᠠᠬᠢᠯᠭᠠᠨ ᠤ ᠠᠶᠤᠯ ᠶᠡᠭᠡ ᠮᠥᠷᠲᠡᠭᠡᠨ ᠠᠶᠤᠩᠭ᠎ᠠ ᠠᠴᠠ ᠰᠡᠷᠭᠡᠶᠢᠯᠡᠬᠦ ᠪᠠᠷᠢᠮᠵᠢᠶ᠎ᠠ ᠵᠢᠷᠤᠮᠵᠢᠯ ᠦᠭᠡᠢ᠂ ᠣᠨᠴᠠᠭᠠᠢ ᠨᠤᠲᠠᠯᠠᠯ ᠬᠢᠬᠦ ᠴᠢᠬᠤᠯᠠ ᠲᠠᠢ ᠲᠣᠮᠣ ᠬᠡᠯᠪᠡᠷᠢ ᠶᠢᠨ ᠲᠥᠷᠥᠯ ᠵᠦᠢᠯ᠃      ᠬᠤᠷᠢᠨ ᠲᠠᠪᠤᠳᠤᠭᠠᠷ ᠵᠦᠢᠯ  ᠲᠣᠰ ᠠᠷᠭ᠎ᠠ ᠶᠢ 2025 ᠣᠨ ᠤ 2 ᠳ᠋ᠤᠭᠠᠷ ᠰᠠᠷ᠎ᠠ ᠶᠢᠨ 8 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2003 ᠣᠨ ᠤ 10 ᠳ᠋ᠤᠭᠠᠷ ᠰᠠᠷ᠎ᠠ ᠶᠢᠨ 10 ᠤ ᠡᠳᠦᠷ ᠠᠴᠠ ᠬᠡᠷᠡᠭᠵᠢᠭᠦᠯᠦᠭᠰᠡᠨ ︽ᠬᠥᠬᠡᠬᠤᠲᠠ ᠶᠢᠨ ᠪᠠᠷᠢᠯᠭ᠎ᠠ ︵ᠪᠠᠷᠢᠮᠠᠯ︶ ᠶᠢᠨ ᠠᠶᠤᠩᠭ᠎ᠠ ᠠᠴᠠ ᠰᠡᠷᠭᠡᠶᠢᠯᠡᠬᠦ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠬᠢᠨᠠᠨ ᠬᠠᠷᠭᠤᠭᠤᠯᠬᠤ᠂ ᠶᠠᠰᠤ ᠴᠢᠨᠠᠷ ᠢ ᠮᠥᠷᠳᠡᠨ ᠰᠢᠯᠭᠠᠨ ᠪᠠᠶᠢᠴᠠᠭᠠᠬᠤ ᠵᠢᠴᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠬᠡᠷᠡᠭᠵᠢᠭᠦᠯᠬᠦ ᠠᠷᠭ᠎ᠠ︾ ︵ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠢᠭ 28 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ