ᠬᠥᠬᠡᠬᠤᠲᠠ ᠶᠢᠨ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2025/3/20
        ᠬᠥᠬᠡᠬᠤᠲᠠ ᠵᠠᠰᠠᠭ ᠲᠠᠷᠬᠠᠭᠠᠭᠰᠠᠨ ﹇2025﹈ 9 ᠳ᠋ᠤᠬᠡᠷ ᠲᠣᠭᠠᠲᠤ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠮᠠᠨ ᠤ ᠬᠤᠲᠠ ᠶᠢᠨ ᠣᠷᠣᠨ ᠪᠠᠶᠢᠷᠢ ᠪᠠ ᠠᠵᠤ ᠦᠢᠯᠡᠰ ᠤᠨ ᠬᠦᠴᠦᠨ ᠵᠦᠢᠯ ᠤᠨ ᠳᠠᠪᠠᠭᠤᠯᠢᠭ ᠢ ᠪᠠᠳᠠᠷᠠᠭᠤᠯᠵᠤ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠢ ᠲᠦᠷᠭᠡᠨ ᠲᠥᠪᠯᠡᠷᠡᠭᠦᠯᠦᠨ ᠬᠥᠭᠵᠢᠭᠦᠯᠵᠦ ᠪᠤᠵᠠᠭᠠᠶᠢᠷᠠᠭᠤᠯᠬᠤ ᠶᠢᠨ ᠲᠤᠰᠠᠳᠠ᠂ ᠳᠣᠤᠷᠠᠬᠢ ᠬᠡᠷᠡᠭᠵᠢᠭᠦᠯᠬᠦ ᠰᠠᠨᠠᠯ ᠢ ᠲᠣᠭᠲᠠᠭᠠᠪᠠ᠃           ᠨᠢᠭᠡ᠂ ᠠᠵᠢᠯ ᠤᠨ ᠬᠠᠷᠠᠯᠲᠠ      ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠠᠮᠢᠳᠤ ᠪᠣᠳᠠᠰ ᠤᠨ ᠮᠡᠷᠭᠡᠵᠢᠯ ᠤᠨ ᠬᠤᠪᠢᠰᠤᠯᠲᠠ ᠠᠴᠠ ᠠᠪᠴᠢᠷᠠᠭᠰᠠᠨ ᠠᠵᠤ ᠦᠢᠯᠡᠰ ᠤᠨ ᠬᠤᠪᠢᠰᠤᠯᠲᠠ ᠪᠣᠯᠣᠨ ᠵᠠᠬ᠎ᠠ ᠳᠡᠯᠭᠡᠭᠦᠷ ᠢ ᠳᠠᠬᠢᠨ ᠴᠣᠭᠴᠠᠯᠠᠬᠤ ᠠᠵᠠ ᠲᠣᠬᠢᠶᠠᠯ ᠢ ᠵᠠᠪᠳᠤᠵᠤ᠂ ᠮᠠᠨ ᠤ ᠬᠤᠲᠠ ᠶᠢᠨ ᠠᠭᠤᠷ᠂ ᠨᠣᠭᠤᠭᠠᠨ ᠴᠠᠬᠢᠯᠭᠠᠨ᠂ ᠠᠭᠤᠷ ᠠᠮᠢᠰᠬᠤᠯ᠂ ᠲᠦᠭᠦᠬᠡᠢ ᠮᠠᠲ᠋ᠧᠷᠢᠶᠠᠯ᠂ ᠭᠠᠵᠠᠷ ᠰᠢᠷᠣᠢ ᠵᠡᠷᠭᠡ ᠠᠮᠢᠳᠤ ᠪᠣᠳᠠᠰ ᠤᠨ ᠠᠵᠤ ᠦᠢᠯᠡᠰ ᠤᠨ ᠬᠥᠭᠵᠢᠯᠲᠡ ᠳᠤ ᠬᠠᠮᠤᠭ ᠤᠨ ᠲᠣᠬᠢᠷᠠᠮᠵᠢᠲᠠᠢ ᠬᠦᠴᠦᠨ ᠵᠦᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ 2027 ᠣᠨ ᠪᠣᠯᠬᠤ ᠳᠤ᠂ ᠨᠡᠶᠢᠯᠡᠮᠡᠯ ᠠᠮᠢᠳᠤ ᠪᠣᠳᠠᠰ ᠤᠨ ᠠᠵᠤ ᠠᠬᠤᠶᠢᠯᠠᠯ ᠢ 100 ᠠᠴᠠ ᠳᠡᠭᠡᠭᠰᠢ ᠣᠷᠣᠭᠤᠯᠤᠨ ᠠᠪᠴᠢᠷᠠᠵᠤ ︵ᠨᠡᠪᠴᠢᠭᠦᠯᠵᠦ︶᠂ ᠨᠢᠭᠡ ᠪᠦᠯᠦᠭ ᠠᠮᠢᠳᠤ ᠪᠣᠳᠠᠰ ᠤᠨ ᠲᠡᠷᠢᠭᠦᠨ ᠤ ᠦᠷ᠎ᠡ ᠪᠦᠲᠦᠭᠡᠯ ᠢ ᠤᠯᠠᠷᠢᠭᠤᠯᠵᠤ᠂ ︽ᠵᠡᠭᠦᠨ ᠤᠷᠤᠨ ᠳᠤ ᠰᠤᠳᠤᠯᠤᠨ ᠨᠡᠭᠡᠭᠡᠵᠦ᠂ ᠬᠥᠬᠡᠬᠤᠲᠠ ᠳᠤ ᠦᠢᠯᠡᠳᠪᠦᠷᠢᠯᠡᠬᠦ︾ ᠪᠥᠬᠦ ᠤᠯᠤᠰ ᠤᠨ ᠠᠵᠤ ᠦᠢᠯᠡᠰ ᠤᠨ ᠬᠤᠯᠪᠣᠭᠠᠯᠠᠨ ᠬᠥᠭᠵᠢᠬᠦ ᠵᠠᠭᠪᠤᠷ ᠢ ᠪᠣᠶ ᠪᠣᠯᠭᠠᠵᠤ᠂ ᠨᠡᠶᠢᠯᠡᠮᠡᠯ ᠠᠮᠢᠳᠤ ᠪᠣᠳᠠᠰ ᠤᠨ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢᠨ ᠡᠳ᠋ᠰᠢᠭᠦᠯᠬᠦ ᠠᠵᠤ ᠦᠢᠯᠡᠰ ᠲᠠᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠮᠢᠳᠤ ᠪᠣᠳᠠᠰ ᠤᠨ ᠣᠶᠤᠨᠴᠢ ᠦᠢᠯᠡᠳᠬᠡᠯ ᠤᠨ ᠬᠥᠨᠳᠡᠶ᠂ ᠨᠡᠶᠢᠯᠡᠮᠡᠯ ᠠᠮᠢᠳᠤ ᠪᠣᠳᠠᠰ ᠤᠨ ᠬᠢᠮᠡᠯ ᠣᠶᠣᠨ ᠤ ᠪᠣᠳᠣᠯᠭ᠎ᠠ ᠶᠢᠨ ᠬᠦᠴᠦᠨ ᠤ ᠲᠥᠪ ᠵᠡᠷᠭᠡ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠠᠵᠤ ᠦᠢᠯᠡᠰ ᠤᠨ ᠦᠢᠯᠡᠳᠬᠦᠨ ᠤ ᠥᠷᠲᠡᠭ ᠢ 500 ᠳ᠋ᠦᠩᠰᠢᠭᠤᠷ ᠲᠥᠭᠦᠷᠢᠭ ᠲᠤ ᠬᠦᠷᠭᠡᠵᠦ᠂ 2030 ᠣᠨ ᠪᠣᠯᠬᠤ ᠳᠤ᠂ ᠤᠷᠤᠨ ᠤ ᠲᠥᠪ ᠬᠤᠲᠠ ᠶᠢ ᠪᠥᠬᠦ ᠤᠯᠤᠰ ᠤᠨ ᠲᠡᠷᠢᠭᠦᠨ ᠤ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠬᠡᠪ ᠳᠠᠭᠤᠷᠢᠶᠠᠯ ᠬᠤᠲᠠ ᠪᠣᠯᠭᠠᠨ ᠪᠥᠲᠥᠭᠡᠨ ᠪᠠᠶᠢᠭᠤᠯᠤᠨ᠎ᠠ᠃      ᠬᠤᠶᠠᠷ᠂ ᠭᠤᠣᠯ ᠡᠭᠦᠷᠭᠡ      ︵ᠨᠢᠭᠡ︶ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠬᠦᠴᠦᠨ ᠵᠦᠢᠯ ᠤᠨ ᠳᠠᠪᠠᠭᠤᠯᠢᠭ ᠢ ᠬᠤᠷᠠᠮᠳᠤᠭᠤᠯᠤᠨ᠎ᠠ      1. ᠠᠭᠤᠷ ᠤᠨ ᠬᠡᠮᠵᠢᠶ᠎ᠡ ᠪᠠ ᠦᠨ᠎ᠡ ᠶᠢᠨ ᠳᠠᠪᠠᠭᠤᠯᠢᠭ ᠢ ᠪᠠᠳᠠᠷᠠᠭᠤᠯᠤᠨ᠎ᠠ᠃ ᠮᠠᠨ ᠤ ᠬᠤᠲᠠ ᠶᠢᠨ ᠠᠭᠤᠷ ᠤᠨ ᠦᠨ᠎ᠡ ᠵᠢᠴᠢ ᠬᠠᠩᠭᠠᠯᠭ᠎ᠠ ᠶᠢᠨ ᠳᠠᠪᠠᠭᠤᠯᠢᠭ ᠲᠤ ᠲᠦᠰᠢᠭᠯᠡᠨ᠂ ᠬᠦᠷᠢᠶᠡᠯᠡᠩ ᠲᠣᠭᠤᠷᠢᠭ ᠠᠴᠠ ᠨᠡᠶᠢᠯᠡᠮᠡᠯ ᠠᠮᠢᠳᠤ ᠪᠣᠳᠠᠰ ᠤᠨ ᠠᠵᠤ ᠠᠬᠤᠶᠢᠯᠠᠯ ᠤᠨ ᠢᠯᠴᠢ ᠶᠢᠨ ᠴᠠᠬᠢᠯᠭᠠᠨ ᠤ ᠦᠢᠯᠡᠳᠪᠦᠷᠢ ᠪᠤᠶᠤ ᠢᠯᠴᠢ ᠬᠠᠩᠭᠠᠬᠤ ᠠᠵᠤ ᠠᠬᠤᠶᠢᠯᠠᠯ ᠲᠠᠢ ᠤᠷᠲᠤ ᠬᠤᠭᠤᠴᠠᠭᠠᠨ ᠤ ᠪᠦᠲᠦᠮᠵᠢᠲᠡᠶ ᠬᠠᠮᠲᠤᠷᠠᠯᠴᠠᠭᠠᠨ ᠤ ᠲᠣᠭᠲᠠᠴᠠ ᠪᠠᠶᠢᠭᠤᠯᠬᠤ ᠶᠢ ᠳᠡᠮᠵᠢᠨ᠎ᠡ᠃ ᠠᠭᠤᠷ ᠬᠠᠩᠭᠠᠬᠤ ᠲᠣᠣᠷ ᠢ ᠪᠠᠶᠢᠭᠤᠯᠵᠤ᠂ ᠨᠡᠶᠢᠯᠡᠮᠡᠯ ᠠᠮᠢᠳᠤ ᠪᠣᠳᠠᠰ ᠤᠨ ᠠᠵᠤ ᠠᠬᠤᠶᠢᠯᠠᠯ ᠳᠤ ᠲᠣᠭᠲᠠᠭᠤᠨ ᠠᠭᠤᠷ ᠬᠠᠩᠭᠠᠨ᠎ᠠ᠃ ᠣᠳᠣᠬᠠᠨ ᠤ ᠠᠭᠤᠷ ᠤᠨ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠨᠢ ᠲᠣᠨ ᠪᠦᠷᠢ ᠳᠤ ᠪᠠᠨ 200 ᠲᠥᠭᠦᠷᠢᠭ ᠠᠴᠠ ᠳᠣᠷᠣᠭᠰᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠃ ᠳᠣᠣᠷᠠᠬᠢ ᠡᠭᠦᠷᠭᠡ ᠤᠳ ᠢ ᠨᠠᠶᠢᠳᠠᠪᠤᠷᠢᠵᠢᠭᠤᠯᠬᠤ ᠳᠤ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠴᠥᠮ ᠣᠷᠣᠯᠴᠠᠨ᠎ᠠ᠂ ᠳᠠᠬᠢᠵᠤ ᠠᠰ ᠲᠤᠨᠢ ᠵᠢᠭᠰᠠᠭᠠᠬᠤ ᠦᠭᠡᠶ︶      2. ᠨᠣᠭᠤᠭᠠᠨ ᠴᠠᠬᠢᠯᠭᠠᠨ ᠤ ᠬᠠᠩᠭᠠᠯᠭ᠎ᠠ ᠶᠢᠨ ᠳᠠᠪᠠᠭᠤᠯᠢᠭ ᠢ ᠪᠠᠳᠠᠷᠠᠭᠤᠯᠤᠨ᠎ᠠ᠃ ᠮᠠᠨ ᠤ ᠬᠤᠲᠠ ᠶᠢᠨ ᠨᠣᠭᠤᠭᠠᠨ ᠴᠠᠬᠢᠯᠭᠠᠨ ᠤ ᠠᠵᠤ ᠦᠢᠯᠡᠰ ᠤᠨ ᠲᠦᠪᠯᠡᠷᠡᠵᠢᠭᠰᠡᠨ ᠬᠥᠭᠵᠢᠯᠲᠡ ᠶᠢᠨ ᠦᠷ᠎ᠡ ᠪᠦᠲᠦᠭᠡᠯ ᠳᠤ ᠲᠦᠰᠢᠭᠯᠡᠨ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠢ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠭᠠᠷᠴᠠᠭ ᠲᠤ ᠣᠷᠣᠭᠤᠯᠬᠤ ᠪᠠᠷ ᠴᠢᠷᠮᠠᠶᠢᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠴᠠᠬᠢᠯᠭᠠᠨ ᠤ ᠦᠨ᠎ᠡ ᠶᠢ ᠬᠡᠷᠡᠭᠯᠡᠨ᠎ᠡ᠃ ᠣᠳᠣᠬᠠᠨ ᠤ ᠴᠠᠬᠢᠯᠭᠠᠨ ᠬᠦᠴᠦᠨ ᠤ ᠣᠯᠠᠨ ᠲᠠᠯ᠎ᠠ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠨᠢ 0. 4 ᠲᠥᠭᠦᠷᠢᠭ / ᠺᠢᠯᠣᠸᠠᠲ ᠴᠠᠭ ᠣᠷᠴᠢᠮ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶       3. ᠪᠣᠬᠢᠷᠲᠤᠯ ᠦᠭᠡᠶ ᠪᠣᠳᠣᠯᠭ᠎ᠠ ᠶᠢᠨ ᠬᠦᠴᠦᠨ ᠤ ᠳᠠᠪᠠᠭᠤᠯᠢᠭ ᠢ ᠪᠠᠳᠠᠷᠠᠭᠤᠯᠤᠨ᠎ᠠ᠃ ᠨᠡᠶᠢᠯᠡᠮᠡᠯ ᠠᠮᠢᠳᠤ ᠪᠣᠳᠠᠰ ᠤᠨ ᠬᠢᠮᠡᠯ ᠣᠶᠣᠨ ᠤ ᠪᠣᠳᠣᠯᠭ᠎ᠠ ᠶᠢᠨ ᠬᠦᠴᠦᠨ ᠤ ᠲᠥᠪ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠪᠡᠯᠡᠳᠬᠡᠮᠵᠢ ᠶᠢ ᠪᠥᠲᠥᠭᠡᠨ ᠪᠠᠶᠢᠭᠤᠯᠵᠤ᠂ ᠲᠦᠮᠡᠨ ᠺᠠᠷᠲ ᠤᠨ ᠬᠡᠪᠴᠢᠶ᠎ᠡ ᠲᠠᠢ ᠨᠡᠶᠢᠯᠡᠮᠡᠯ ᠠᠮᠢᠳᠤ ᠪᠣᠳᠠᠰ ᠤᠨ ᠤᠬᠠᠭᠠᠨ ᠤ ᠣᠨᠳᠣᠣᠰᠢᠯ ᠪᠣᠳᠣᠯᠭ᠎ᠠ ᠶᠢᠨ ᠬᠦᠴᠦᠨ ᠤ ᠳᠡᠮᠵᠢᠯᠭᠡ ᠶᠢᠨ ᠲᠠᠪᠴᠠᠩ ᠢ ᠪᠠᠶᠢᠭᠤᠯᠤᠨ᠂ ᠨᠡᠶᠢᠯᠡᠮᠡᠯ ᠠᠮᠢᠳᠤ ᠪᠣᠳᠠᠰ ᠤᠨ ᠤᠬᠠᠭᠠᠨ ᠤ ᠰᠤᠳᠤᠯᠤᠨ ᠨᠡᠭᠡᠭᠡᠬᠦ ᠣᠶᠤᠨᠴᠢ ᠪᠣᠳᠣᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠨᠡᠶᠢᠯᠡᠮᠡᠯ ᠠᠮᠢᠳᠤ ᠪᠣᠳᠠᠰ ᠤᠨ ᠲᠣᠭᠠᠴᠢᠯᠠᠭᠰᠠᠨ ᠬᠥᠷᠥᠩᠭᠡ ᠶᠢᠨ ᠭᠦᠢᠯᠭᠡᠭᠡ ᠪᠠ ᠨᠡᠶᠢᠳᠬᠡᠯ ᠳᠤ ᠲᠤᠭ᠎ᠠ ᠪᠠᠷᠢᠮᠲᠠ ᠶᠢᠨ ᠦᠨᠳᠦᠰᠦ ᠬᠠᠩᠭᠠᠵᠤ᠂ ᠨᠡᠶᠢᠯᠡᠮᠡᠯ ᠠᠮᠢᠳᠤ ᠪᠣᠳᠠᠰ ᠤᠨ ᠵᠢᠷᠤᠭ ᠲᠥᠯᠥᠪᠯᠡᠭᠡ᠂ ᠪᠠᠶᠢᠭᠤᠯᠤᠯᠲᠠ ᠵᠡᠷᠭᠡ ᠰᠠᠭᠤᠷᠢ ᠲᠠᠪᠴᠠᠩ ᠤᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ︽ᠣᠯᠠᠨ ᠡᠭᠦᠯᠡ︾ ᠪᠣᠳᠣᠯᠭ᠎ᠠ ᠶᠢᠨ ᠬᠦᠴᠦᠨ ᠤ ᠲᠠᠪᠴᠠᠩ ᠢᠶᠠᠷ ᠳᠠᠮᠵᠢᠭᠤᠯᠤᠨ ᠪᠣᠳᠣᠯᠭ᠎ᠠ ᠶᠢᠨ ᠬᠦᠴᠦᠨ ᠢ ᠬᠤᠳᠠᠯᠳᠤᠨ ᠠᠪᠬᠤ ᠠᠳᠠᠯᠢ ᠨᠢᠭᠡᠨ ᠭᠤᠤᠯ ᠴᠣᠭᠴᠠ ᠶᠢᠨ ᠪᠣᠳᠣᠯᠭ᠎ᠠ ᠶᠢᠨ ᠬᠦᠴᠦᠨ ᠤ ᠦᠢᠯᠡᠴᠢᠯᠡᠭᠡ ᠬᠤᠳᠠᠯᠳᠤᠨ ᠠᠪᠬᠤ ᠵᠢᠯ ᠤᠨ ᠵᠠᠷᠤᠳᠠᠯ 100 ᠲᠦᠮᠡᠨ ᠲᠥᠭᠦᠷᠢᠭ ᠠᠴᠠ ᠳᠠᠪᠠᠭᠰᠠᠨ ᠪᠠᠶᠢᠪᠠᠯ᠂ ᠪᠣᠳᠣᠯᠭ᠎ᠠ ᠶᠢᠨ ᠬᠦᠴᠦᠨ ᠤ ᠦᠢᠯᠡᠴᠢᠯᠡᠭᠡ ᠶᠢᠨ ᠪᠣᠳᠠᠲᠠᠶ ᠵᠠᠷᠤᠳᠠᠯ ᠤᠨ 30% ᠪᠠᠷ ᠬᠠᠮᠤᠭ ᠤᠨ ᠥᠨᠳᠥᠷ ᠲᠤ ᠪᠠᠨ 200 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶      4. ᠲᠦᠭᠦᠬᠡᠶ ᠮᠠᠲ᠋ᠧᠷᠢᠶᠠᠯ ᠪᠣᠯᠣᠨ ᠵᠠᠬ᠎ᠠ ᠳᠡᠯᠭᠡᠭᠦᠷ ᠤᠨ ᠳᠠᠪᠠᠭᠤᠯᠢᠭ ᠢ ᠪᠠᠳᠠᠷᠠᠭᠤᠯᠤᠨ᠎ᠠ᠃ ᠡᠷᠳᠡᠨᠢ ᠰᠢᠰᠢ᠂ ᠲᠥᠮᠥᠰᠥ ᠵᠡᠷᠭᠡ ᠲᠦᠭᠦᠬᠡᠶ ᠮᠠᠲ᠋ᠧᠷᠢᠶᠠᠯ ᠤᠨ ᠲᠠᠷᠢᠮᠠᠯ ᠤᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠬᠤᠲᠠ ᠶᠢᠨ ᠡᠷᠳᠡᠨᠢ ᠰᠢᠰᠢ ᠶᠢᠨ ᠵᠢᠯ ᠤᠨ ᠬᠠᠩᠭᠠᠯᠭ᠎ᠠ ᠶᠢᠨ ᠬᠡᠮᠵᠢᠶ᠎ᠡ ᠶᠢ 300 ᠲᠦᠮᠡᠨ ᠲᠣᠨ ᠠᠴᠠ ᠳᠡᠭᠡᠭᠰᠢ᠂ ᠴᠠᠷᠳᠠᠭᠤᠯ ︵ᠦᠵᠦᠮ ᠤᠨ ᠰᠢᠬᠢᠷ︶ ᠤᠨ ᠵᠢᠯ ᠤᠨ ᠬᠠᠩᠭᠠᠯᠭ᠎ᠠ ᠶᠢᠨ ᠬᠡᠮᠵᠢᠶ᠎ᠡ ᠶᠢ 50 ᠲᠦᠮᠡᠨ ᠲᠣᠨ ᠠᠴᠠ ᠳᠡᠭᠡᠭᠰᠢ ᠪᠠᠶᠢᠯᠭᠠᠵᠤ᠂ ᠴᠢᠨᠠᠷ ᠰᠠᠶᠢᠲᠠᠶ ᠲᠥᠮᠥᠰᠥ ᠶᠢᠨ ᠴᠠᠷᠳᠠᠭᠤᠯ ᠤᠨ ᠬᠠᠩᠭᠠᠯᠭ᠎ᠠ ᠶᠢᠨ ᠬᠡᠮᠵᠢᠶ᠎ᠡ ᠶᠢ 5 ᠲᠦᠮᠡᠨ ᠲᠣᠨ ᠠᠴᠠ ᠳᠡᠭᠡᠭᠰᠢ ᠪᠠᠶᠢᠯᠭᠠᠨ᠎ᠠ᠃ ᠬᠥᠬᠡᠬᠤᠲᠠ ᠶᠢᠨ ᠢᠳᠡᠭᠡᠨ ᠤ ᠵᠦᠢᠯ᠂ ᠰᠦ ᠶᠢᠨ ᠦᠢᠯᠡᠰ ᠵᠡᠷᠭᠡ ᠲᠠᠯ᠎ᠠ ᠶᠢᠨ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠵᠤ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ᠂ ᠢᠳᠡᠭᠡᠨ᠂ ᠠᠮᠢᠳᠤ ᠪᠣᠳᠠᠰ ᠤᠨ ᠸᠠᠺᠼᠢᠨ᠂ ᠠᠮᠢᠳᠤ ᠪᠣᠳᠠᠰ ᠤᠨ ᠲᠠᠷᠢᠶᠠᠨ ᠡᠮ᠂ ᠢᠰᠬᠡᠭᠦᠷ ᠤᠨ ᠨᠠᠶᠢᠷᠠᠯᠲᠠ ᠵᠡᠷᠭᠡ ᠲᠠᠯ᠎ᠠ ᠶᠢᠨ ᠲᠣᠭᠤᠷᠢᠨ ᠳᠤ ᠨᠢᠭᠡ ᠪᠦᠯᠦᠭ ᠨᠡᠶᠢᠯᠡᠮᠡᠯ ᠠᠮᠢᠳᠤ ᠪᠣᠳᠠᠰ ᠤᠨ ᠮᠡᠷᠭᠡᠵᠢᠯ ᠤᠨ ᠬᠡᠷᠡᠭᠯᠡᠭᠡᠨ ᠤ ᠠᠬᠤᠢ ᠶᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ︶       5. ᠤᠮᠠᠷᠠᠰᠢ ᠨᠡᠭᠡᠭᠡᠯᠲᠡ ᠬᠢᠵᠦ ᠭᠠᠳᠠᠭᠠᠳᠤ ᠳᠤ ᠭᠠᠷᠭᠠᠬᠤ ᠳᠠᠪᠠᠭᠤᠯᠢᠭ ᠢ ᠪᠠᠳᠠᠷᠠᠭᠤᠯᠤᠨ᠎ᠠ᠃ ᠬᠥᠬᠡᠬᠤᠲᠠ ᠶᠢᠨ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠤᠨ ᠳᠠᠪᠠᠭᠤᠯᠢᠭ ᠲᠤ ᠲᠦᠰᠢᠭᠯᠡᠨ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠵᠦ ᠲᠠᠷᠬᠠᠭᠠᠬᠤ ᠲᠥᠪ ᠢ ᠪᠠᠶᠢᠭᠤᠯᠵᠤ᠂ ᠳᠤᠮᠳᠠᠳᠤ ᠧᠦ᠋ᠷᠣᠫᠠ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢ ᠵᠢᠯ ᠳᠤ 150 ᠠᠴᠠ ᠳᠡᠭᠡᠭᠰᠢ ᠠᠶᠠᠯᠠᠭᠤᠯᠤᠨ᠎ᠠ᠃ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠣᠯᠤᠨ ᠲᠢᠶᠠᠨᠵᠢᠨ ᠭᠠᠷᠠᠮ ᠤᠨ ︽ᠣᠷᠣᠨ ᠭᠠᠷᠠᠮ ᠤᠨ ᠬᠤᠯᠪᠣᠭᠠᠯᠠᠯ︾ ᠢ ᠪᠠᠢᠭᠤᠯᠵᠤ᠂ ᠲᠦᠭᠦᠬᠡᠢ ᠮᠠᠲ᠋ᠧᠷᠢᠶᠠᠯ ᠢ ᠵᠥᠭᠡᠭᠡᠪᠦᠷᠢᠯᠡᠬᠦ ᠳᠤ ᠲᠢᠶᠠᠨᠵᠢᠨ ᠪᠣᠯᠤᠨ ᠬᠥᠬᠡᠬᠤᠲᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠠᠪᠬᠤᠷ ᠬᠦᠷᠲᠡᠵᠦ᠂ ᠪᠦᠬᠦ ᠶᠠᠪᠤᠴᠠ ᠳᠤ ᠴᠢᠩᠭᠡᠯᠢᠭ ᠰᠣᠯᠢᠬᠤ ᠦᠭᠡᠢ᠃ ᠠᠵᠤ ᠠᠬᠤᠶᠢᠯᠠᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠨᠡᠭᠡᠭᠡᠬᠦ ᠶᠢ ᠳᠡᠮᠵᠢᠵᠦ᠂ ᠣᠨ ᠤ ᠭᠠᠳᠠᠭᠠᠳᠤ ᠠᠷᠠᠯᠵᠢᠶᠠᠨ ᠤ ᠲᠤᠭ᠎ᠠ ᠨᠢ ᠳᠡᠭᠡᠷ᠎ᠡ ᠵᠢᠯ ᠤᠨ ᠬᠢ ᠠᠴᠠ 500 ᠲᠦᠮᠡᠨ ᠲᠥᠭᠦᠷᠢᠭ ᠨᠡᠮᠡᠭᠳᠡᠭᠰᠡᠨ ᠨᠡᠶᠢᠯᠡᠮᠡᠯ ᠠᠮᠢᠳᠤ ᠪᠣᠳᠠᠰ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ᠂ ᠨᠡᠮᠡᠭᠳᠡᠯ ᠲᠤᠭ᠎ᠠ ᠶᠢᠨ 2% ᠢᠶᠠᠷ ᠬᠠᠮᠤᠭ ᠥᠨᠳᠥᠷ ᠲᠡᠭᠡᠨ400 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ︶      ︵ᠬᠤᠶᠠᠷ︶ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ      6. ᠳᠤᠮᠳᠠ ᠶᠢᠨ ᠲᠤᠷᠰᠢᠯᠲᠠ ᠶᠢᠨ ᠲᠠᠪᠴᠠᠩ ︵ᠰᠠᠭᠤᠷᠢᠨ ᠭᠠᠵᠠᠷ︶ ᠢ ᠪᠠᠶᠢᠭᠤᠯᠤᠨ᠎ᠠ᠃ ᠨᠡᠭᠡᠭᠡᠯᠲᠡ ᠲᠠᠢ ᠨᠡᠶᠢᠯᠡᠮᠡᠯ ᠠᠮᠢᠳᠤ ᠪᠣᠳᠠᠰ ᠤᠨ ᠳᠤᠮᠳᠠ ᠶᠢᠨ ᠲᠤᠷᠰᠢᠯᠲᠠ ᠶᠢᠨ ᠲᠠᠪᠴᠠᠩ ᠤᠨ ᠦᠢᠯᠡᠴᠢᠯᠡᠭᠡ ᠬᠠᠩᠭᠠᠵᠤ᠂ ᠰᠢᠩᠭᠡᠨ ᠲᠦᠷᠰᠦ ᠶᠢᠨ ᠢᠰᠬᠡᠯᠲᠡ ︵ᠬᠡᠪᠴᠢᠶ᠎ᠡ ᠨᠢ 30L - 20m3︶ ᠪᠠ ᠬᠠᠲᠠᠭᠤ ᠳᠦᠷᠰᠦ ᠶᠢᠨ ᠢᠰᠬᠡᠯᠲᠡ ︵ᠬᠡᠪᠴᠢᠶ᠎ᠡ ᠨᠢ 75L - 15m3︶ ᠶᠢᠨ ᠳᠤᠮᠳᠠ ᠶᠢᠨ ᠲᠤᠷᠰᠢᠯᠲᠠ ᠶᠢᠨ ᠤᠷᠠᠨ ᠮᠡᠷᠭᠡᠰᠢᠯ ᠤᠨ ᠲᠤᠮᠤᠷᠠᠭᠤᠯᠤᠯᠲᠠ᠂ ᠪᠠᠭ᠎ᠠ ᠬᠡᠪᠴᠢᠶ᠎ᠡ ᠪᠠᠷ ︵ᠣᠷᠣᠯᠠᠨ︶ ᠦᠢᠯᠡᠳᠪᠦᠷᠢᠯᠡᠬᠦ ᠪᠠ ᠬᠡᠪ ᠤᠨ ᠭᠠᠷᠭᠠᠨ ᠠᠪᠬᠤ ᠤᠷᠠᠨ ᠮᠡᠷᠭᠡᠰᠢᠯ ᠢ ᠰᠢᠯᠭᠠᠨ ᠪᠠᠲᠤᠯᠠᠬᠤ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ᠃ ᠨᠡᠭᠡᠭᠡᠯᠲᠡ ᠲᠠᠢ ᠲᠠᠪᠴᠠᠩ ᠳᠤ ᠵᠢᠯ ᠤᠨ ᠦᠢᠯᠡᠴᠢᠯᠡᠭᠡᠨ ᠤ ᠴᠢᠨᠠᠷᠲᠠᠶ ᠣᠷᠣᠯᠭ᠎ᠠ ᠶᠢᠨ 30% ᠪᠠᠷ ᠬᠠᠮᠤᠭ ᠤᠨ ᠥᠨᠳᠥᠷ ᠲᠤ  ᠪᠠᠨ 100 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ︶      7. ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠳᠡᠮᠵᠢᠨ᠎ᠡ᠃ ᠬᠦᠷᠢᠶᠡᠯᠡᠩ ᠲᠣᠭᠤᠷᠢᠭ ᠠᠴᠠ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠲᠥᠷᠥᠯ ᠵᠦᠢᠯ ᠢ ᠳᠠᠩᠰᠠᠯᠠᠬᠤ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ᠂ ᠠᠶᠤᠯᠭᠦᠢ ᠶᠢᠨ ᠦᠨᠡᠯᠡᠯᠲᠡ ᠬᠢᠬᠦ᠂ ᠭᠠᠵᠠᠷ ᠰᠢᠷᠣᠶ ᠵᠡᠷᠭᠡ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ᠰᠢᠨ᠎ᠡ ᠪᠠᠷ ᠨᠡᠮᠡᠭᠳᠡᠭᠰᠡᠨ ᠨᠡᠶᠢᠯᠡᠮᠡᠯ ᠠᠮᠢᠳᠤ ᠪᠣᠳᠠᠰ ᠤᠨ ᠲᠥᠷᠥᠯ ᠵᠦᠢᠯ ᠳᠤ ᠣᠯᠠᠨ ᠰᠠᠯᠠᠭ᠎ᠠ ᠮᠥᠴᠢᠷ ᠬᠠᠮᠲᠤᠷᠠᠨ ᠬᠢᠨᠠᠨ ᠵᠥᠪᠰᠢᠶᠡᠷᠡᠬᠦ ᠪᠠ ᠣᠯᠠᠨ ᠦᠨᠡᠮᠯᠡᠯ ᠢ ᠬᠠᠮᠲᠤᠷᠠᠨ ᠣᠯᠭᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠭᠦᠬᠦ ᠲᠢᠩᠬᠢᠮ ᠤᠨ ᠦᠢᠯᠡᠳᠦᠯ ᠢ ᠪᠠᠳᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠥᠭᠦᠮ ᠳᠥᠲᠡ᠂ ᠪᠦᠷᠢᠨ ᠲᠡᠭᠦᠯᠳᠡᠷ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ︶       8. ᠬᠦᠷᠢᠶᠡᠯᠡᠩ ᠲᠣᠭᠤᠷᠢᠭ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠯᠡᠮᠡᠯ ᠠᠮᠢᠳᠤ ᠪᠣᠳᠠᠰ ᠤᠨ ᠠᠵᠤ ᠠᠬᠤᠶᠢᠯᠠᠯ ᠳᠤ ᠲᠦᠭᠦᠬᠡᠶ ᠤᠰᠤ ᠰᠢᠢᠳᠪᠦᠷᠢᠯᠡᠬᠦ ᠦᠢᠯᠡᠴᠢᠯᠡᠭᠡ ᠬᠠᠩᠭᠠᠵᠤ᠂ ᠨᠡᠶᠢᠯᠡᠮᠡᠯ ᠠᠮᠢᠳᠤ ᠪᠣᠳᠠᠰ ᠤᠨ ᠠᠵᠤ ᠠᠬᠤᠶᠢᠯᠠᠯ ᠤᠳ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠶᠡᠷᠦᠩᠬᠡᠶᠢᠯᠡᠨ ᠰᠢᠢᠳᠪᠦᠷᠢᠯᠡᠬᠦ ᠴᠢᠳᠠᠪᠤᠷᠢ 1.5 ᠲᠦᠮᠡᠨ m3 / ᠡᠳᠦᠷ ᠠᠴᠠ ᠳᠡᠭᠡᠭᠰᠢ ᠪᠠᠶᠢᠯᠭᠠᠨ᠎ᠠ᠃ ᠨᠡᠶᠢᠯᠡᠮᠡᠯ ᠠᠮᠢᠳᠤ ᠪᠣᠳᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷᠢᠮᠵᠢᠶ᠎ᠠ ᠦᠢᠯᠡᠳᠪᠦᠷᠢ ᠶᠢᠨ ᠭᠡᠷ ᠪᠠᠶᠢᠰᠢᠩ ᠢ ᠪᠥᠲᠥᠭᠡᠨ ᠪᠠᠶᠢᠭᠤᠯᠤᠨ᠎ᠠ᠃           ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︶       ︵ᠭᠤᠷᠪᠠ︶ ᠨᠡᠶᠢᠯᠡᠮᠡᠯ ᠠᠮᠢᠳᠤ ᠪᠤᠳᠠᠰ ᠤᠨ ᠠᠵᠤ ᠠᠬᠤᠶᠢᠯᠠᠯ ᠤᠨ ᠬᠦᠭᠵᠢᠨ ᠪᠤᠵᠠᠭᠠᠶᠢᠷᠠᠬᠤ ᠶᠢ ᠳᠡᠮᠵᠢᠨ᠎ᠠ      9. ᠠᠵᠤ ᠠᠬᠤᠶᠢᠯᠠᠯ ᠤᠨ ᠬᠡᠪᠴᠢᠶᠡᠵᠢᠯ ᠳᠤ ᠣᠷᠣᠬᠤ ᠪᠠ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠨ᠎ᠡ᠃ 5 ᠳ᠋ᠦᠩᠰᠢᠭᠤᠷ ᠲᠥᠭᠦᠷᠢᠭ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠨᠢᠭᠡᠳᠦᠯᠲᠡᠶ ᠲᠥᠯᠥᠪᠵᠢᠭᠦᠯᠦᠨ ᠪᠠᠶᠢᠭᠤᠯᠵᠤ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠬᠦᠷᠢᠶᠡᠨ ᠤ ᠲᠥᠷᠥᠯ ᠵᠦᠢᠯ ᠳᠠᠬᠢ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠰᠢᠨ᠎ᠡ ᠪᠠᠷ ᠬᠡᠪᠴᠢᠶᠡᠵᠢᠯ ᠳᠤ ᠣᠷᠣᠭᠠᠳ ᠭᠤᠷᠪᠠᠨ ᠵᠢᠯ ᠪᠣᠯᠣᠭᠰᠠᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ 60 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠨᠥᠬᠦᠴᠡᠯ ᠳᠤ ᠨᠡᠶᠢᠴᠡᠬᠦ ᠨᠡᠶᠢᠯᠡᠮᠡᠯ ᠠᠮᠢᠳᠤ ᠪᠣᠳᠠᠰ ᠤᠨ ᠠᠵᠤ ᠠᠬᠤᠶᠢᠯᠠᠯ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠬᠤᠪᠢ ᠲᠠᠷᠬᠠᠭᠠᠵᠤ ︵IPO︶ ᠪᠡᠯᠡ ᠮᠥᠩᠭᠦ ᠴᠤᠭᠯᠠᠭᠤᠯᠬᠤ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠯᠪᠠᠨ ᠬᠡᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︶      10. ᠠᠮᠢᠳᠤ ᠪᠣᠳᠠᠰ ᠤᠨ ᠮᠡᠷᠭᠡᠵᠢᠯ ᠤᠨ ᠰᠢᠨᠵᠢᠯᠡᠭᠡ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠨᠡᠶᠢᠯᠡᠮᠡᠯ ᠠᠮᠢᠳᠤ ᠪᠣᠳᠠᠰ ᠤᠨ ᠮᠡᠷᠭᠡᠵᠢᠯ ᠢ ᠬᠡᠷᠡᠭᠯᠡᠨ ᠦᠢᠯᠡᠳᠪᠦᠷᠢᠯᠡᠯ ᠤᠨ ᠤᠷᠠᠨ ᠮᠡᠷᠭᠡᠰᠢᠯ ᠢᠶᠠᠨ ᠳᠡᠭᠡᠭᠰᠢᠯᠡᠭᠦᠯᠬᠦ ᠪᠠ ᠲᠥᠬᠦᠭᠡᠷᠦᠮᠵᠢ ᠪᠠᠨ ᠥᠭᠡᠷᠡᠴᠢᠯᠡᠬᠦ ᠶᠢ ᠳᠡᠮᠵᠢᠵᠦ᠂ ᠲᠥᠬᠦᠭᠡᠷᠦᠮᠵᠢ ᠪᠠᠨ ᠶᠡᠬᠡᠪᠡᠷ ᠰᠢᠨᠡᠳᠬᠡᠨ ᠥᠭᠡᠷᠡᠴᠢᠯᠡᠬᠦ ᠳᠡᠮᠵᠢᠯᠭᠡ ᠳᠤ ᠣᠷᠣᠭᠤᠯᠤᠨ᠎ᠠ᠃ ᠠᠵᠤ ᠠᠬᠤᠶᠢᠯᠠᠯ ᠤᠨ ᠲᠤᠰᠬᠠᠶ ᠨᠠᠷᠢᠯᠢᠭ ᠣᠨᠴᠠ ᠰᠢᠨ᠎ᠡ ᠪᠠ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠰᠢᠨ᠎ᠡ ᠪᠠᠷ ᠦᠨᠡᠯᠡᠭᠳᠡᠭᠰᠡᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ 10 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ᠃ ᠰᠢᠨ᠎ᠡ ᠪᠠᠷ ᠦᠨᠡᠯᠡᠭᠳᠡᠭᠰᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠲᠤ 3 ᠵᠢᠯ ᠳᠠᠷᠠᠭᠠᠯᠠᠨ ᠵᠢᠯ ᠪᠦᠷᠢ 500 ᠲᠦᠮᠡᠨ ᠲᠥᠭᠦᠷᠢᠭ᠂ 300 ᠲᠦᠮᠡᠨ ᠲᠥᠭᠦᠷᠢᠭ ᠠᠴᠠ ᠳᠣᠣᠷ᠎ᠠ ᠦᠭᠡᠢ ᠳᠡᠮᠵᠢᠯᠭᠡ ᠦᠵᠡᠭᠦᠯᠦᠨ᠎ᠡ᠃ ᠨᠥᠬᠦᠴᠡᠯ ᠲᠠᠢ ᠠᠵᠤ ᠠᠬᠤᠶᠢᠯᠠᠯ ᠪᠣᠯᠤᠨ ᠪᠠᠶᠢᠭᠤᠯᠤᠮᠵᠢ ᠨᠢ ᠬᠥᠬᠡᠬᠤᠲᠠ ᠳᠤ ᠨᠡᠶᠢᠯᠡᠮᠡᠯ ᠠᠮᠢᠳᠤ ᠪᠣᠳᠠᠰ ᠤᠨ ᠲᠦᠭᠦᠬᠡᠶ ᠮᠠᠲ᠋ᠧᠷᠢᠶᠠᠯ ᠢ ᠭᠡᠷᠡᠴᠢᠯᠡᠬᠦ ᠲᠥᠷᠥᠯ ᠤᠨ ᠲᠤᠷᠰᠢᠯᠲᠠ ᠶᠢᠨ ᠲᠠᠰᠤᠭ ᠪᠠᠶᠢᠭᠤᠯᠵᠤ᠂ ᠪᠣᠷᠳᠣᠭᠠᠨ ᠤ ᠨᠡᠮᠡᠯᠲᠡ ᠡᠳ᠋᠂ ᠢᠳᠡᠭᠡᠨ ᠤ ᠨᠡᠮᠡᠯᠲᠡ ᠡᠳ᠋᠂ ᠭᠤᠶᠣᠯᠠᠯ ᠤᠨ ᠡᠳ᠋ ᠵᠡᠷᠭᠡ ᠲᠦᠭᠦᠬᠡᠶ ᠮᠠᠲ᠋ᠧᠷᠢᠶᠠᠯ ᠢ ᠭᠡᠷᠡᠴᠢᠯᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶       11. ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠲᠤᠯᠭᠠᠮ᠎ᠠ ᠱᠠᠭᠠᠷᠳᠠᠭᠳᠠᠬᠤ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ᠃ ᠤᠯᠤᠰ ᠤᠨ ᠲᠤᠰᠬᠠᠶ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠦᠨ︾᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠲᠤᠰᠬᠠᠶ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ᠂ ᠵᠠᠬ᠎ᠠ ᠳᠡᠯᠭᠡᠭᠦᠷ ᠲᠤ ᠭᠠᠷᠤᠭᠰᠠᠨ ᠵᠢᠴᠢ ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ ᠠᠵᠤ ᠠᠬᠤᠶᠢᠯᠠᠯ ᠭᠠᠶᠢᠯᠢ ᠠᠴᠠ ᠡᠮᠦᠨᠡᠬᠢ ᠵᠢᠯ ᠤᠨ ᠴᠠᠯᠢᠩ ᠨᠢ 50 ᠲᠦᠮᠡᠨ ᠲᠥᠭᠦᠷᠢᠭ ᠢ ᠳᠠᠪᠠᠭᠰᠠᠨ ᠨᠢᠭᠡ ᠠᠴᠠ ᠵᠢᠷᠭᠤᠳᠤᠭᠠᠷ ᠲᠥᠷᠥᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠠ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠴᠢᠳᠠᠪᠤᠷᠢᠲᠠᠨ ᠢ ᠪᠥᠬᠦ ᠲᠤᠰᠢᠶᠠᠯ ᠢᠶᠠᠷ ᠰᠢᠨ᠎ᠡ ᠣᠷᠣᠭᠤᠯᠤᠨ ᠠᠪᠴᠢᠷᠠᠭᠰᠠᠨ ᠳᠤ 3 ᠵᠢᠯ ᠳᠠᠷᠠᠭᠠᠯᠠᠨ ᠵᠢᠯ ᠪᠦᠷᠢ 10 ᠲᠦᠮᠡᠨ ᠲᠥᠭᠦᠷᠢᠭ ᠤᠨ ᠴᠢᠳᠠᠪᠤᠷᠢᠲᠠᠨ ᠤ ᠱᠠᠩᠨᠠᠯ ᠣᠯᠭᠤᠨ᠎ᠠ᠃ ᠠᠵᠤ ᠠᠬᠤᠶᠢᠯᠠᠯ ᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠶᠢ ᠣᠷᠣᠭᠤᠯᠤᠨ ᠠᠪᠴᠢᠷᠠᠵᠤ ᠪᠠᠶᠢᠭᠤᠯᠤᠭᠰᠠᠨ ᠠᠵᠢᠯ ᠤᠨ ᠥᠷᠲᠡᠭᠡ ᠳᠤ 3 ᠳᠠᠷᠠᠭᠠᠯᠠᠨ ᠵᠢᠯ ᠪᠦᠷᠢ 500 ᠲᠦᠮᠡᠨ ᠲᠥᠭᠦᠷᠢᠭ ᠠᠴᠠ ᠳᠣᠣᠷ᠎ᠠ ᠦᠭᠡᠢ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠢᠶᠠᠷ ᠭᠡᠰᠢᠭᠦᠨ ᠨᠢᠭᠡᠴᠢ ᠪᠣᠯᠭᠠᠭᠰᠠᠨ ᠲᠤᠰᠬᠠᠶ ᠠᠵᠢᠯ ᠤᠨ ᠠᠬᠢᠭᠤᠯᠬᠤ ᠳᠤᠭᠤᠶᠢᠯᠠᠩ ᠢ ᠪᠠᠶᠢᠭᠤᠯᠤᠨ᠎ᠠ᠃ ᠳᠠᠩᠰᠠᠯᠠᠬᠤ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠂ ᠠᠶᠤᠯᠭᠦᠢ ᠶᠢᠨ ᠦᠨᠡᠯᠡᠯᠲᠡ᠂ ᠭᠠᠵᠠᠷ ᠰᠢᠷᠣᠢ ᠵᠡᠷᠭᠡ ᠲᠠᠯ᠎ᠠ ᠪᠠᠷ ᠨᠢᠭᠡ ᠴᠤᠭᠴᠠᠵᠢᠭᠤᠯᠤᠨ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤᠮᠳᠠ ᠲᠤᠯᠭᠠᠷᠠᠭᠰᠠᠨ ᠠᠰᠠᠭᠤᠳᠠᠯ ᠢ ᠰᠢᠢᠳᠪᠦᠷᠢᠯᠡᠵᠦ᠂ ᠭᠠᠵᠠᠷ ᠰᠢᠷᠣᠢ ᠶᠢ ᠠᠪᠤᠮᠠᠭᠴᠠ ᠳᠠᠷᠤᠢ ᠠᠵᠢᠯ ᠡᠬᠢᠯᠡᠭᠦᠯᠦᠨ᠎ᠡ᠃ ᠬᠦᠴᠦᠨ ᠵᠦᠢᠯ ᠤᠨ ᠪᠠᠲᠤᠯᠠᠭ᠎ᠠ ᠪᠠ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠦᠷᠲᠡᠬᠦ ᠶᠣᠰᠣᠲᠠᠶ ᠲᠥᠷᠥ ᠶᠢᠨ ᠪᠣᠳᠣᠯᠭ᠎ᠠ ᠶᠢᠨ ᠠᠰᠢᠭ ᠢ ᠪᠦᠬᠦᠨ ᠢ ᠬᠦᠷᠲᠡᠭᠡᠨ᠎ᠡ᠃ ᠲᠤᠰᠬᠠᠶ ᠠᠵᠢᠯ ᠤᠨ ᠠᠬᠢᠭᠤᠯᠬᠤ ᠳᠤᠭᠤᠶᠢᠯᠠᠩ ᠤᠨ ᠠᠯᠪᠠᠨ ᠬᠡᠷ ᠢ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠳᠣᠭᠢᠷᠠᠭᠤᠯᠵᠤ᠂ ᠡᠳᠦᠷ ᠲᠤᠲᠤᠮ ᠤᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠠᠵᠢᠯ ᠢ ᠲᠦᠷᠦᠭᠦᠯᠡᠨ ᠬᠠᠷᠢᠭᠤᠴᠠᠨ᠎ᠠ᠃      ︵ᠬᠤᠶᠠᠷ︶ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠬᠤᠳᠠᠯᠳᠤᠭᠠᠴᠢᠨ ᠤᠷᠢᠬᠤ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠨᠡᠶᠢᠯᠡᠮᠡᠯ ᠠᠮᠢᠳᠤ ᠪᠣᠳᠠᠰ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠥᠰᠦᠯ ᠲᠣᠭᠲᠠᠭᠠᠬᠤ ᠶᠢ ᠬᠠᠷᠢᠭᠤᠴᠠᠵᠤ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠢᠶᠠᠷ ᠤᠳᠤᠷᠢᠳᠤᠮᠵᠢ ᠪᠣᠯᠭᠠᠭᠰᠠᠨ ᠬᠤᠰᠢᠭᠤ ᠰᠢᠶᠠᠨ ᠲᠣᠭᠤᠷᠢᠭ᠂ ᠬᠦᠷᠢᠶᠡᠯᠡᠩ ᠲᠣᠭᠤᠷᠢᠭ ᠪᠣᠳᠠᠲᠠᠶ ᠲᠠᠢ ᠪᠠᠨ ᠤᠶᠠᠯᠳᠤᠭᠤᠯᠤᠨ ᠠᠷᠭ᠎ᠠ ᠬᠡᠮᠵᠢᠶ᠎ᠡ ᠲᠣᠭᠲᠠᠭᠠᠵᠤ᠂ ᠴᠢᠬᠤᠯᠠ ᠶᠡᠭᠡ ᠲᠥᠷᠥᠯ ᠵᠦᠢᠯ ᠢ ᠪᠣᠳᠠᠲᠠᠶᠢᠵᠢᠭᠤᠯᠬᠤ ᠶᠢ ᠲᠦᠷᠭᠡᠳᠬᠡᠨ᠂ ᠡᠯ᠎ᠡ ᠵᠦᠢᠯ ᠤᠨ ᠡᠭᠦᠷᠭᠡ ᠬᠠᠷᠠᠯᠲᠠ ᠶᠢᠨ ᠪᠣᠳᠠᠲᠠᠶᠢᠵᠢᠨ ᠨᠠᠶᠢᠳᠠᠪᠤᠷᠢᠵᠢᠬᠤ ᠶᠢ ᠦᠨᠡᠨᠬᠦ ᠪᠠᠲᠤᠯᠠᠨ᠎ᠠ᠃ ᠬᠤᠳᠠᠯᠳᠤᠭᠠᠴᠢᠨ ᠤᠷᠢᠬᠤ ᠠᠵᠢᠯ ᠤᠨ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠳᠤ ᠪᠠᠶᠢᠭᠤᠯᠵᠤ᠂ ᠨᠡᠶᠢᠯᠡᠮᠡᠯ ᠠᠮᠢᠳᠤ ᠪᠣᠳᠠᠰ ᠤᠨ ᠬᠤᠳᠠᠯᠳᠤᠭᠠᠴᠢᠨ ᠤᠷᠢᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠶᠢ ᠲᠦᠷᠦᠭᠦᠯᠡᠨ ᠬᠠᠷᠢᠭᠤᠴᠠᠨ᠎ᠠ᠃      ︵ᠭᠤᠷᠪᠠ︶ ᠬᠦᠴᠦᠷᠬᠡᠭ ᠶᠡᠭᠡ ᠨᠡᠶᠢᠯᠡᠯ ᠬᠦᠴᠦᠨ ᠢ ᠨᠢᠭᠲᠠᠷᠠᠭᠤᠯᠤᠨ᠎ᠠ᠃ ᠣᠯᠠᠨ ᠡᠰᠢᠲᠦ ᠡᠬᠢ ᠪᠠᠶᠠᠯᠢᠭ ᠢ ᠪᠦᠲᠦᠮᠵᠢᠲᠡᠶ ᠨᠢᠭᠡᠳᠦᠯᠲᠡᠶ ᠲᠥᠯᠥᠪᠵᠢᠭᠦᠯᠬᠦ ᠪᠠ ᠨᠡᠶᠢᠳᠬᠡᠬᠦ ᠶᠢ ᠲᠦᠷᠭᠡᠳᠬᠡᠵᠦ᠂ ᠬᠢᠮᠡᠯ ᠣᠶᠤᠨ᠂ ᠨᠡᠶᠢᠯᠡᠮᠡᠯ ᠠᠮᠢᠳᠤ ᠪᠣᠳᠠᠰ ᠵᠡᠷᠭᠡ ᠬᠦᠷᠢᠶᠡᠨ ᠳᠠᠬᠢ ᠠᠺᠠᠳᠧᠮᠢᠴᠢ ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ ᠥᠨᠳᠥᠷ ᠬᠢᠷᠢ ᠲᠦᠪᠰᠢᠨ ᠪᠥᠬᠦᠶ ᠲᠤᠰᠬᠠᠶ ᠮᠡᠷᠭᠡᠵᠢᠯᠲᠡᠨ ᠤ ᠠᠰᠠᠭᠤᠨ ᠯᠠᠪᠯᠠᠬᠤ ᠵᠥᠪᠯᠡᠯ ᠢ ᠵᠣᠬᠢᠶᠠᠨ ᠪᠠᠶᠢᠭᠤᠯᠵᠤ᠂ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠥᠭᠬᠦ ᠪᠠ ᠪᠠᠶᠢᠯᠳᠤᠬᠤ ᠪᠣᠳᠣᠯᠭ᠎ᠠ ᠶᠢᠨ ᠵᠢᠯᠣᠭᠤᠳᠣᠯᠭ᠎ᠠ ᠶᠢ ᠴᠢᠩᠭᠠᠳᠬᠠᠨ᠎ᠠ᠃ ᠣᠷᠣᠨ ᠪᠦᠰᠡ ᠶᠢᠨ ᠳᠤᠲᠤᠨ᠎ᠠ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ ᠪᠣᠯᠤᠨ ᠠᠵᠤ ᠠᠬᠤᠶᠢᠯᠠᠯ ᠲᠠᠢ ᠬᠠᠮᠲᠤᠷᠠᠨ ᠬᠥᠬᠡᠬᠤᠲᠠ ᠶᠢᠨ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠬᠤᠯᠪᠣᠭ᠎ᠠ ᠶᠢ ᠪᠠᠶᠢᠭᠤᠯᠵᠤ᠂ ᠨᠡᠶᠢᠯᠡᠮᠡᠯ ᠠᠮᠢᠳᠤ ᠪᠣᠳᠠᠰ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠬᠤᠷᠠᠯ ᠵᠡᠷᠭᠡ ᠶᠢ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠣᠷᠣᠨ ᠪᠦᠰᠡ ᠶᠢᠨ ᠳᠤᠲᠤᠨ᠎ᠠ ᠭᠠᠳᠠᠨᠠᠬᠢ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠰ ᠵᠡᠷᠭᠡ ᠲᠠᠯ᠎ᠠ ᠶᠢᠨ ᠬᠦᠴᠦᠨ ᠵᠦᠢᠯ ᠢ ᠬᠥᠬᠡᠬᠤᠲᠠ ᠳᠤ ᠲᠥᠪᠯᠡᠷᠡᠬᠦ ᠶᠢ ᠲᠦᠷᠭᠡᠳᠬᠡᠨ᠎ᠡ᠃      ︵ᠲᠦᠷᠪᠡ︶ ᠭᠠᠳᠠᠭᠰᠢ ᠤᠬᠠᠭᠤᠯᠬᠤ ᠶᠢ ᠥᠷᠭᠡᠳᠬᠡᠨ᠎ᠡ᠃ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠠᠴᠠ ᠨᠡᠶᠢᠯᠡᠮᠡᠯ ᠠᠮᠢᠳᠤ ᠪᠣᠳᠠᠰ ᠤᠨ ᠤᠬᠠᠭᠠᠨ ᠤ ᠬᠦᠷᠢᠶᠡᠨ ᠳᠠᠬᠢ ᠬᠠᠮᠢᠶ᠎ᠠ ᠪᠥᠬᠦᠶ ᠬᠤᠯᠪᠤᠭ᠎ᠠ᠂ ᠨᠡᠶᠢᠭᠡᠮᠯᠢᠭ᠂ ᠠᠵᠤ ᠦᠢᠯᠡᠰ ᠤᠨ ᠬᠤᠯᠪᠣᠭ᠎ᠠ ᠵᠡᠷᠭᠡ ᠵᠣᠬᠢᠶᠠᠨ ᠪᠠᠶᠢᠭᠤᠯᠤᠯᠲᠠ ᠯᠤᠭ᠎ᠠ ᠨᠢᠭᠲᠠ ᠬᠠᠷᠢᠯᠴᠠᠭ᠎ᠠ ᠪᠠᠶᠢᠭᠤᠯᠵᠤ᠂ ᠠᠵᠤ ᠠᠬᠤᠶᠢᠯᠠᠯ ᠢ ᠤᠷᠢᠵᠤ ᠬᠥᠬᠡᠬᠤᠲᠠ ᠳᠤ ᠰᠢᠨᠵᠢᠯᠡᠨ ᠪᠠᠶᠢᠴᠠᠭᠠᠵᠤ ᠰᠣᠯᠢᠯᠴᠠᠭ᠎ᠠ ᠬᠢᠯᠭᠡᠵᠦ᠂ ᠪᠥᠬᠦ ᠬᠤᠲᠠ ᠶᠢᠨ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠨᠥᠯᠥᠭᠡᠯᠡᠬᠦ ᠬᠦᠴᠦᠨ ᠢ ᠥᠷᠭᠡᠳᠬᠡᠨ᠎ᠡ᠃      ᠳᠠᠭᠠᠯᠳᠤᠭᠤᠯᠤᠯ᠄ ᠬᠥᠬᠡᠬᠤᠲᠠ ᠶᠢᠨ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠬᠦᠰᠦᠨᠦᠭᠲᠦ              ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ              2025 ᠣᠨ ᠤ 2 ᠳ᠋ᠤᠭᠠᠷ ᠰᠠᠷ᠎ᠠ ᠶᠢᠨ 24 ᠤ ᠡᠳᠦᠷ              ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ 
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ