ᠮᠠᠨ ᠤ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠠᠳᠬᠤᠵᠤ᠂ ᠨᠡᠯᠢᠶᠡᠳ ᠶᠡᠭᠡ ᠠᠴᠠ | ᠳᠡᠭᠡᠭᠰᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠬᠥᠬᠡᠬᠤᠲᠠ ᠶᠢᠨ | ᠠᠷᠠᠳ ᠤᠨ ᠵᠠᠰᠠᠭ ᠤᠨ ᠣᠷᠳᠣᠨ ᠠᠴᠠ ᠪᠥᠬᠦ ᠬᠤᠲᠠ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠨ᠂ | ᠭᠤᠣᠯᠳᠠᠯᠭ᠎ᠠ ᠲᠠᠢ ᠰᠢᠭᠤᠶᠢᠲᠤ ᠣᠷᠣᠨ᠂ ᠭᠠᠯ ᠤᠨ ᠠᠶᠤᠯ ᠶᠡᠬᠡᠲᠡᠢ ᠣᠷᠣᠨ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠣᠯᠠᠨ ᠭᠠᠷᠳᠠᠭ | ᠣᠷᠣᠨ ᠳᠤ ᠠᠭᠤᠯᠠ ᠶᠢ ᠪᠢᠲᠡᠭᠦᠮᠵᠢᠯᠡᠨ ᠴᠠᠭᠠᠵᠠᠯᠠᠵᠤ ᠭᠠᠯ ᠢ ᠰᠡᠷᠭᠡᠶᠢᠯᠡᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ | ᠵᠠᠷᠯᠢᠭᠳᠠᠶᠠ᠄ | ᠨᠢᠭᠡ᠂ ᠭᠠᠯ ᠰᠡᠷᠭᠡᠶᠢᠯᠡᠬᠦ ᠴᠠᠭᠠᠵᠠᠯᠠᠬᠤ ᠬᠤᠭᠤᠴᠠᠭ᠎ᠠ᠄ 2025 ᠣᠨ ᠤ 3 ᠳ᠋ᠤᠭᠠᠷ ᠰᠠᠷ᠎ᠠ ᠶᠢᠨ 20 ᠤ ᠡᠳᠦᠷ ᠠᠴᠠ 2025 ᠣᠨ ᠤ 4 ᠳ᠋ᠦ᠋ᠭᠡᠷ | ᠰᠠᠷ᠎ᠠ ᠶᠢᠨ 30 ᠤ ᠡᠳᠦᠷ ᠪᠣᠯᠲᠠᠯ᠎ᠠ᠃ | ᠬᠤᠶᠠᠷ᠂ ᠭᠠᠯ ᠰᠡᠷᠭᠡᠶᠢᠯᠡᠬᠦ ᠴᠠᠭᠠᠵᠠᠯᠠᠬᠤ ᠣᠷᠣᠨ᠄ ᠳᠠᠯᠠᠨ ᠬᠠᠷ᠎ᠠ ᠠᠭᠤᠯᠠ ᠶᠢᠨ ᠬᠥᠬᠡᠬᠤᠲᠠ ᠶᠢᠨ ᠪᠦᠭᠦᠳᠡ ᠬᠡᠰᠡᠭ᠂ ᠬᠤᠷᠢᠨᠭᠡᠷ ᠰᠢᠶᠠᠨ᠂ ᠴᠢᠩ | ᠱᠦᠢ ᠾᠧ ᠰᠢᠶᠠᠨ ᠤ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠵᠢᠴᠢ ᠭᠤᠣᠯᠳᠠᠯᠭ᠎ᠠ ᠲᠠᠢ | ᠰᠢᠭᠤᠶᠢᠲᠤ ᠣᠷᠣᠨ᠃ ᠪᠣᠳᠠᠲᠠᠢ ᠬᠡᠰᠡᠭ᠄ ᠲᠦᠮᠡᠳ ᠵᠡᠭᠦᠨ ᠬᠤᠰᠢᠭᠤᠨ ᠤ ᠪᠠᠢ ᠱᠢ ᠲᠧᠦ ᠭᠧᠦ᠂ ᠢ ᠴᠢᠶᠠᠨ ᠱᠠᠩ ᠭᠧᠦ᠂ ᠸᠠᠨ ᠵᠢᠶᠠ ᠭᠧᠦ᠂ ᠯᠠᠮᠠ ᠶᠢᠨ | ᠠᠭᠤᠢ ᠶᠢᠨ ᠭᠤᠤ᠂ ᠵᠢᠷᠦᠬᠡᠨ ᠭᠤᠣᠯ᠂ ᠶᠢᠨ ᠯᠤᠸᠠᠨ ᠳ᠋ᠢᠶᠠᠨ︔ ᠬᠤᠲᠣᠩ ᠠᠷᠠᠳ ᠤᠨ ᠲᠣᠭᠤᠷᠢᠭ ᠤᠨ ᠡᠪᠯᠡᠯ ᠤᠨ ᠬᠤᠷᠢᠶᠠᠨ ᠤ ᠠᠮᠢ ᠠᠬᠤᠢ ᠶᠢᠨ | ᠬᠦᠷᠢᠶᠡᠯᠡᠩ᠂ ᠳ᠋ᠦᠩ ᠫᠧᠩ ᠽᠢ ᠶᠢᠨ ᠬᠤᠶᠢᠰᠢ ᠪᠠᠨ ᠰᠤᠨᠤᠭᠰᠠᠨ ᠬᠡᠰᠡᠭ᠂ ᠵᠢᠩ ᠡᠯ ᠯᠢᠶᠠᠩ᠂ ᠰᠾᠢ ᠷᠧᠨ ᠭᠸᠦ︔ ᠰᠢᠨ᠎ᠡ ᠬᠤᠲᠠ ᠲᠣᠭᠤᠷᠢᠭ ᠤᠨ ᠮᠢᠶᠠᠨ | ᠫᠦ᠋ ᠶᠣᠣ ᠭᠧᠦ᠂ ᠰᠢᠶᠣᠣ ᠵᠢᠩ ᠭᠧᠦ᠂ ᠬᠦᠢᠰᠦ ᠲᠣᠰᠬᠤᠨ᠂ ᠫᠢ ᠴᠠᠢ ᠭᠧᠦ᠂ ᠭᠤᠷᠪᠠᠨ ᠪᠠᠶᠢᠰᠢᠩ ᠤᠨ ᠰᠢᠭᠤᠶᠢᠲᠤ ᠣᠷᠣᠨ᠂ ᠼᠦᠩ ᠷᠦᠩ ᠠᠭᠤᠯᠠᠨ | ᠲᠣᠰᠬᠤᠨ︔ ᠰᠠᠶᠢᠬᠠᠨ ᠲᠣᠭᠤᠷᠢᠭ ᠤᠨ ᠬᠤᠶᠢᠲᠤ ᠠᠭᠤᠯᠠ᠂ ᠣᠪᠣᠭ᠎ᠠ ᠠᠭᠤᠯᠠ︔ ᠬᠤᠷᠢᠨᠭᠡᠷ ᠰᠢᠶᠠᠨ ᠤ ᠨᠠᠨ ᠲᠢᠶᠠᠨ ᠮᠧᠨ ᠤᠢ ᠰᠢᠭᠤᠢ ᠶᠢᠨ ᠲᠠᠯᠠᠪᠠᠢ᠂ | ᠱᠠ ᠪᠠ ᠳᠥᠷᠪᠡᠳᠦᠭᠡᠷ᠂ ᠸᠧ ᠨᠢᠦ ᠱᠠᠨ ᠠᠭᠤᠯᠠ︔ ᠴᠢᠩ ᠱᠦᠢ ᠾᠧ ᠰᠢᠶᠠᠨ ᠤ ᠶᠢᠩ ᠽᠦᠢ ᠱᠠᠨ᠂ ᠶᠣᠣ ᠯᠢᠨ ᠭᠧᠦ᠂ ᠪᠠᠩ ᠡᠯ ᠱᠠᠨ᠂ ᠯᠦ ᠼᠤᠤ | ᠱᠠᠨ ᠠᠭᠤᠯᠠ᠂ ᠯᠦ ᠼᠤᠤ ᠭᠧᠦ᠂ ᠳ᠋ᠠ ᠱᠤ᠋ ᠭᠧᠦ᠂ ᠰᠦᠩ ᠱᠤ᠋ ᠭᠧᠦ︔ ᠦᠴᠦᠸᠠᠨ ᠰᠢᠶᠠᠨ ᠤ ᠦ᠋ ᠳ᠋ᠣᠣ ᠭᠧᠦ᠂ ᠯᠢ ᠴᠢ ᠭᠧᠦ᠂ ᠳ᠋ᠧ ᠱᠧᠩ ᠭᠧᠦ᠂ ᠳ᠋ᠠ | ᠯᠢᠶᠠᠩ ᠰᠢᠭᠤᠶᠢᠲᠤ ᠣᠷᠣᠨ᠂ ᠵᠢᠩ ᠡᠯ ᠭᠧᠦ ᠵᠡᠷᠭᠡ ᠭᠤᠣᠯᠳᠠᠯᠭ᠎ᠠ ᠲᠠᠢ ᠭᠠᠯ ᠰᠡᠷᠭᠡᠶᠢᠯᠡᠬᠦ ᠬᠡᠰᠡᠭ ᠪᠠᠭᠲᠠᠨ᠎ᠠ᠃ | ᠭᠤᠷᠪᠠ᠂ ᠭᠠᠯ ᠰᠡᠷᠭᠡᠶᠢᠯᠡᠬᠦ ᠴᠠᠭᠠᠵᠠᠯᠠᠬᠤ ᠠᠷᠭ᠎ᠠ ᠬᠡᠮᠵᠢᠶ᠎ᠡ᠄ ᠭᠠᠯ ᠰᠡᠷᠭᠡᠶᠢᠯᠡᠬᠦ ᠴᠠᠭᠠᠵᠠᠯᠠᠬᠤ ᠬᠤᠭᠤᠴᠠᠭᠠᠨ ᠳᠤ᠂ ᠭᠠᠯ ᠰᠡᠷᠭᠡᠶᠢᠯᠡᠬᠦ ᠴᠠᠭᠠᠵᠠᠯᠠᠬᠤ | ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠭᠠᠯ ᠤᠨ ᠠᠶᠤᠯ ᠡᠭᠦᠰᠭᠡᠵᠦ ᠮᠡᠳᠡᠬᠦ ᠲᠡᠷᠭᠡ ᠬᠥᠰᠬᠡ᠂ ᠮᠠᠰᠢᠨ ᠵᠢᠴᠢ | ᠬᠥᠮᠦᠰ ᠲᠤ ᠴᠢᠬᠤᠯᠠ ᠪᠦᠬᠦᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ | ︵ᠨᠢᠭᠡ︶ ᠢᠯᠡ ᠭᠠᠯ ᠢᠶᠠᠷ ᠳᠠᠬᠢᠯᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠴᠠᠭᠠᠵᠠᠯᠠᠬᠤ ᠣᠷᠣᠨ ᠤ ᠳᠣᠲᠣᠷᠠᠬᠢ ᠦᠢᠯᠡᠳᠪᠦᠷᠢᠯᠡᠯ᠂ ᠠᠮᠢᠳᠤᠷᠠᠯ ᠳᠤ ᠡᠷᠬᠡᠪᠰᠢ ᠭᠠᠯ ᠬᠡᠷᠡᠭᠯᠡᠬᠦ ᠬᠡᠷᠡᠭᠲᠡᠢ ᠨᠢᠭᠡᠴᠢ ᠪᠠ ᠰᠠᠭᠤᠭᠠᠯᠢ | ᠠᠷᠠᠳ ᠲᠤ ᠲᠤᠰ ᠴᠠᠭᠠᠵᠠᠯᠠᠬᠤ ᠵᠠᠷᠯᠢᠭ ᠤᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠃ ᠭᠤᠷᠪᠠᠳᠤᠭᠠᠷ ᠳᠡᠰ ᠠᠴᠠ ᠳᠡᠭᠡᠭᠰᠢᠬᠢ ᠰᠠᠯᠬᠢᠨ ᠲᠠᠢ ᠴᠠᠭ ᠠᠭᠤᠷ᠂ | ᠣᠶ ᠶᠢᠨ ᠵᠠᠬ᠎ᠠ ᠠᠴᠠ 500 ᠮᠧᠲᠷ ᠤᠨ ᠬᠡᠪᠴᠢᠶᠡᠨ ᠳᠣᠲᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠡᠳᠦᠷ ᠲᠤᠳᠦᠮ ᠤᠨ ᠭᠠᠯ | ᠬᠡᠷᠡᠭᠯᠡᠬᠦ ᠳᠤ ᠡᠷᠬᠡᠪᠰᠢ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ᠂ ᠦᠨᠡᠰᠦ ᠬᠢᠬᠦ ᠨᠦᠬᠡ ᠵᠡᠷᠭᠡ ᠶᠢ ᠭᠠᠷᠭᠠᠬᠤ ᠬᠡᠷᠡᠭᠲᠡᠢ᠂ ᠭᠠᠯ ᠤᠨ ᠴᠤᠭ ᠲᠠᠢ ᠦᠯᠡᠳᠡᠭᠰᠡᠨ | ᠰᠢᠲᠠᠭᠠᠭᠴᠢ ᠪᠣᠳᠠᠰ ᠢ ᠭᠠᠯ ᠰᠡᠷᠭᠡᠶᠢᠯᠡᠬᠦ ᠲᠤᠰᠠᠭᠠᠷᠯᠠᠬᠤ ᠣᠷᠣᠨ ᠤ ᠭᠠᠳᠠᠨ᠎ᠠ ᠠᠰᠬᠠᠬᠤ ᠶᠢ ᠴᠢᠩᠭ᠎ᠠ ᠴᠠᠭᠠᠵᠠᠯᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ | ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠤᠭᠤᠳᠬᠤ ᠭᠠᠵᠠᠷ ᠠᠴᠠ ᠡᠯ᠎ᠡ ᠦᠢᠯᠡᠳᠪᠦᠷᠢᠯᠡᠬᠦ᠂ ᠠᠵᠢᠯᠯᠠᠬᠤ ᠨᠢᠭᠡᠴᠢ ᠶᠢᠨ ᠠᠵᠢᠯᠯᠠᠭᠠᠨ ᠤ ᠣᠷᠣᠨ ᠪᠦᠰᠡ ᠶᠢ | ᠲᠣᠭᠲᠠᠭᠠᠵᠤ᠂ ᠪᠣᠶ ᠪᠦᠬᠦᠢ ᠨᠢᠭᠡᠴᠢ ᠡᠷᠬᠡᠪᠰᠢ ᠬᠤᠰᠢᠭᠤ ᠰᠢᠶᠠᠨ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠤᠭᠤᠳᠬᠤ ᠭᠠᠵᠠᠷ ᠤᠨ | ᠵᠠᠭᠠᠭᠯᠠᠨ ᠲᠣᠭᠲᠠᠭᠠᠭᠰᠠᠨ ᠣᠷᠣᠨ ᠪᠦᠰᠡ ᠶᠢᠨ ᠳᠣᠲᠣᠷ᠎ᠠ ᠦᠢᠯᠡᠳᠪᠦᠷᠢᠯᠡᠯ ᠤᠨ ᠠᠵᠢᠯᠯᠠᠭ᠎ᠠ ᠬᠢᠬᠦ ᠬᠡᠷᠡᠭᠲᠡᠢ᠃ | ︵ᠭᠤᠷᠪᠠ︶ ᠴᠠᠭᠠᠵᠠᠯᠠᠬᠤ ᠣᠷᠣᠨ ᠤ ᠳᠣᠲᠣᠷᠠᠬᠢ ᠡᠯ᠎ᠡ ᠦᠢᠯᠡᠳᠪᠦᠷᠢᠯᠡᠯ ᠤᠨ ᠠᠵᠢᠯᠯᠠᠭ᠎ᠠ ᠶᠢᠨ ᠭᠠᠵᠠᠷ᠂ ᠵᠢᠭᠤᠯᠴᠢᠯᠠᠯ ᠤᠨ ᠢᠳᠡᠭᠡᠨ ᠤᠮᠳᠠᠭᠠᠨ ᠤ | ᠭᠠᠵᠠᠷ ᠡᠷᠬᠡᠪᠰᠢ ᠲᠤᠰᠬᠠᠢ ᠲᠤᠰᠢᠶᠠᠯᠲᠤ ᠤᠢ ᠰᠢᠭᠤᠢ ᠶᠢᠨ ᠬᠠᠮᠠᠭᠠᠯᠠᠭᠴᠢ ᠪᠣᠯᠣᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠬᠤ ᠬᠡᠷᠡᠭᠲᠡᠢ᠂ | ᠪᠣᠳᠠᠲᠠᠢ ᠲᠤᠭ᠎ᠠ ᠬᠡᠮᠵᠢᠶ᠎ᠡ ᠨᠢ᠄ ᠨᠤᠲᠤᠭ ᠪᠡᠯᠴᠢᠭᠡᠷ ᠤᠨ ᠰᠢᠭᠤᠶᠢᠲᠤ ᠣᠷᠣᠨ ᠢ ᠡᠵᠡᠯᠡᠭᠰᠡᠨ ᠡᠵᠡᠩᠨᠡᠯᠲᠡ ᠶᠢᠨ ᠲᠠᠯᠠᠪᠠᠢ ᠨᠢ 3000 ᠾᠧᠺᠲ᠋ᠠᠷ ᠠᠴᠠ | ᠳᠡᠭᠡᠭᠰᠢᠬᠢ ᠠᠵᠤ ᠠᠬᠤᠶᠢᠯᠠᠯ 30 ᠠᠴᠠ ᠳᠡᠭᠡᠭᠰᠢ ᠲᠤᠰᠬᠠᠢ ᠲᠤᠰᠢᠶᠠᠯᠲᠤ ᠤᠢ ᠰᠢᠭᠤᠢ ᠶᠢᠨ ᠬᠠᠮᠠᠭᠠᠯᠠᠭᠴᠢ᠂ 50 ᠠᠴᠠ ᠳᠡᠭᠡᠭᠰᠢ ᠬᠠᠭᠠᠰ ᠲᠤᠰᠬᠠᠢ | ᠮᠡᠷᠭᠡᠵᠢᠯ ᠤᠨ ᠭᠠᠯ ᠤᠨᠲᠠᠷᠠᠭᠠᠬᠤ ᠡᠩᠨᠡᠭᠡ ᠶᠢ ᠲᠣᠬᠢᠷᠠᠭᠤᠯᠵᠤ᠂ 20 ᠠᠴᠠ ᠳᠡᠭᠡᠭᠰᠢ ᠰᠠᠯᠬᠢᠨ ᠬᠦᠴᠦᠨ ᠤ ᠭᠠᠯ ᠤᠨᠲᠠᠷᠠᠭᠠᠬᠤ ᠮᠠᠰᠢᠨ᠂ 30 ᠬᠤᠶᠠᠳᠤᠭᠠᠷ | ᠨᠣᠮᠧᠷᠲᠤ ᠪᠠᠭᠠᠵᠢ ᠬᠡᠷᠡᠭᠰᠡᠯ ᠢ ᠲᠣᠬᠢᠷᠠᠭᠤᠯᠬᠤ ᠬᠡᠷᠡᠭᠲᠡᠢ︔ ᠨᠤᠲᠤᠭ ᠪᠡᠯᠴᠢᠭᠡᠷ ᠤᠨ ᠰᠢᠭᠤᠶᠢᠲᠤ ᠣᠷᠣᠨ ᠢ ᠡᠵᠡᠯᠡᠭᠰᠡᠨ ᠡᠵᠡᠩᠨᠡᠯᠲᠡ ᠶᠢᠨ ᠲᠠᠯᠠᠪᠠᠶ ᠨᠢ | 3000 ᠾᠧᠺᠲ᠋ᠠᠷ ᠠᠴᠠ ᠳᠣᠷᠣᠭᠰᠢ ᠪᠠᠶᠢᠪᠠᠯ᠂ 20 ᠬᠥᠮᠥᠨ ᠠᠴᠠ ᠳᠡᠭᠡᠭᠰᠢ ᠲᠤᠰᠬᠠᠢ ᠲᠤᠰᠢᠶᠠᠯᠲᠤ ᠣᠶ ᠰᠢᠭᠤᠢ ᠶᠢᠨ ᠬᠠᠮᠠᠭᠠᠯᠠᠭᠴᠢ᠂ 30 ᠠᠴᠠ | ᠳᠡᠭᠡᠭᠰᠢ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠡᠩᠨᠡᠭᠡ ᠶᠢ ᠲᠣᠬᠢᠷᠠᠭᠤᠯᠵᠤ᠂ 10 ᠰᠠᠯᠬᠢᠨ ᠤ ᠬᠦᠴᠦᠨ ᠤ ᠭᠠᠯ ᠤᠨᠲᠠᠷᠠᠭᠠᠬᠤ ᠮᠠᠰᠢᠨ᠂ 20 | ᠬᠤᠶᠠᠳᠤᠭᠠᠷ ᠨᠣᠮᠧᠷᠲᠤ ᠪᠠᠭᠠᠵᠢ ᠬᠡᠷᠡᠭᠰᠡᠯ ᠢ ᠲᠣᠬᠢᠷᠠᠭᠤᠯᠬᠤ ᠬᠡᠷᠡᠭᠲᠡᠢ᠃ ᠭᠠᠯ ᠰᠡᠷᠭᠡᠶᠢᠯᠡᠬᠦ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠪᠦᠬᠦᠨ ᠢ | ᠴᠥᠮ ᠴᠡᠭᠴᠡᠯᠡᠨ ᠰᠠᠶᠢᠵᠢᠷᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠤᠭᠤᠳᠬᠤ ᠭᠠᠵᠠᠷ ᠲᠤᠰ ᠭᠠᠵᠠᠷ | ᠣᠷᠣᠨ ᠤ ᠪᠣᠳᠠᠲᠠᠢ ᠪᠠᠶᠢᠳᠠᠯ ᠢ ᠦᠨᠳᠦᠰᠦᠯᠡᠨ ᠬᠠᠷᠠᠭᠠᠯᠵᠠᠭᠰᠠᠨ ᠠᠷᠭ᠎ᠠ ᠬᠡᠮᠵᠢᠶ᠎ᠡ ᠲᠣᠭᠲᠠᠭᠠᠨ ᠬᠡᠷᠡᠭᠵᠢᠭᠦᠯᠵᠦ ᠪᠣᠯᠣᠨ᠎ᠠ᠃ | ︵ᠳᠥᠷᠪᠡ︶ ᠭᠠᠯ ᠰᠡᠷᠭᠡᠶᠢᠯᠡᠬᠦ ᠴᠠᠭᠠᠵᠠᠯᠠᠬᠤ ᠬᠤᠭᠤᠴᠠᠭᠠᠨ ᠳᠤ᠂ ᠦᠨᠡᠨ ᠰᠤᠮᠤ ᠶᠢᠨ ᠰᠣᠷᠢᠯᠲᠠ ᠬᠢᠬᠦ᠂ ᠳᠡᠯᠪᠡᠴᠢᠬᠦ ᠵᠡᠷᠭᠡ ᠠᠵᠢᠯᠯᠠᠭ᠎ᠠ ᠬᠢᠬᠦ | ᠴᠢᠬᠤᠯᠠ ᠲᠠᠢ ᠪᠣᠯ ᠡᠷᠬᠡᠪᠰᠢ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠬᠦ ᠶᠢᠨ ᠬᠠᠮᠲᠤ ᠲᠤᠬᠠᠢ ᠶᠢᠨ ᠭᠠᠵᠠᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠤᠭᠤᠳᠬᠤ ᠭᠠᠵᠠᠷ ᠲᠠᠢ ᠬᠠᠮᠵᠢᠯᠴᠠᠨ ᠴᠢᠬᠤᠯᠠ ᠪᠦᠬᠦᠢ | ᠭᠠᠯ ᠰᠡᠷᠭᠡᠶᠢᠯᠡᠵᠦ ᠭᠠᠯ ᠤᠨᠲᠠᠷᠠᠭᠠᠬᠤ ᠠᠷᠭ᠎ᠠ ᠬᠡᠮᠵᠢᠶ᠎ᠡ ᠠᠪᠴᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠡᠯᠡᠳᠬᠡᠯ ᠠᠵᠢᠯ ᠢ ᠰᠠᠶᠢᠲᠤᠷ ᠬᠢᠭᠰᠡᠨ ᠤ ᠲᠠᠷᠠᠭ᠎ᠠ | ᠰᠠᠶ᠋ᠢ ᠬᠡᠷᠡᠭᠵᠢᠭᠦᠯᠵᠦ ᠪᠣᠯᠣᠨ᠎ᠠ᠃ | ︵ᠲᠠᠪᠤ︶ ᠡᠯ᠎ᠡ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠠᠴᠠ ᠴᠠᠭᠠᠵᠠᠯᠠᠬᠤ ᠣᠷᠣᠨ ᠢᠶᠠᠷ ᠥᠩᠭᠡᠷᠡᠬᠦ ᠲᠡᠷᠭᠡ ᠬᠥᠰᠬᠡ᠂ ᠮᠠᠰᠢᠨ | ᠮᠧᠬᠠᠨᠢᠭ ᠲᠤ ᠭᠠᠯ ᠰᠡᠷᠭᠡᠶᠢᠯᠡᠬᠦ ᠠᠶᠤᠯᠭᠦᠢ ᠶᠢᠨ ᠪᠠᠶᠢᠴᠠᠭᠠᠯᠲᠠ ᠬᠢᠬᠦ ᠵᠡᠷᠭᠡ ᠴᠢᠬᠤᠯᠠ ᠪᠦᠬᠦᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠨᠠᠭᠠᠰᠢ ᠴᠠᠭᠠᠰᠢ ᠵᠣᠷᠴᠢᠬᠤ ᠠᠶᠠᠨᠴᠢᠳ ᠤᠨ ᠮᠠᠰᠢᠨ ᠲᠡᠷᠭᠡ᠂ ᠵᠢᠯᠣᠭᠤᠴᠢ ᠦᠢᠯᠡᠴᠢᠯᠡᠭᠴᠢ ᠳᠤ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ | ᠬᠥᠮᠦᠵᠢᠯ ᠤᠨ ᠠᠵᠢᠯ ᠢ ᠰᠠᠶᠢᠲᠤᠷ ᠬᠢᠵᠦ᠂ ᠭᠠᠯ ᠲᠠᠢ ᠲᠠᠮᠠᠬᠢ ᠬᠠᠶᠠᠬᠤ ᠵᠡᠷᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠬᠡᠵᠦ ᠮᠡᠳᠡᠬᠦ | ᠭᠠᠯ ᠤᠨ ᠴᠤᠭ ᠢ ᠭᠠᠳᠠᠭᠰᠢ ᠬᠠᠶᠠᠬᠤ ᠶᠢ ᠴᠢᠩᠭ᠎ᠠ ᠴᠠᠭᠠᠵᠠᠯᠠᠵᠤ᠂ ᠵᠢᠯᠣᠭᠤᠴᠢ ᠪᠠ ᠲᠡᠷᠭᠡ ᠳᠠᠭᠠᠭᠰᠠᠨ ᠬᠠᠮᠢᠶᠠᠷᠤᠯᠲᠠ ᠶᠢᠨ ᠠᠵᠢᠯᠲᠠᠨ ᠪᠣᠯ ᠭᠠᠯ ᠰᠡᠷᠭᠡᠶᠢᠯᠡᠬᠦ | ᠬᠠᠷᠢᠭᠤᠴᠠᠯᠭᠠᠲᠠᠨ ᠪᠣᠯᠣᠨ᠎ᠠ᠃ | ︵ᠵᠢᠷᠭᠤᠭ᠎ᠠ︶ ᠶᠠᠮᠠᠷᠪᠠ ᠨᠢᠭᠡᠴᠢ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠣᠯᠵᠤ ᠮᠡᠳᠡᠪᠡᠯ᠂ ᠲᠤᠬᠠᠢ ᠶᠢᠨ | ᠭᠠᠵᠠᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠪᠤᠶᠤ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ | ᠵᠢᠯᠤᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠶᠠᠮᠠᠷᠪᠠ ᠨᠢᠭᠡᠴᠢ ᠪᠣᠯᠣᠨ ᠬᠤᠪᠢ ᠬᠥᠮᠥᠨ ᠪᠦᠬᠦᠨ ᠴᠥᠮ | ᠲᠦᠭᠰᠢᠭᠦᠷᠢ ᠶᠢ ᠮᠡᠳᠡᠭᠦᠯᠬᠦ ᠳᠤ ᠨᠥᠬᠦᠴᠡᠯ ᠦᠭᠡᠢ ᠪᠠᠷ ᠲᠥᠬᠦᠮ ᠦᠵᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠬᠤᠳᠠᠯ ᠢᠶᠠᠷ | ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ ᠶᠢ ᠴᠠᠭᠠᠵᠠᠯᠠᠨ᠎ᠠ᠃ ᠭᠠᠯ ᠲᠦᠢᠮᠡᠷ ᠤᠨ ᠬᠡᠷᠡᠭ ᠮᠡᠳᠡᠭᠦᠯᠬᠦ ᠤᠲᠠᠰᠤ᠄ 12119᠃ | ︵ᠲᠤᠯᠤᠭ᠎ᠠ︶ ᠴᠠᠭᠠᠵᠠᠯᠠᠬᠤ ᠬᠤᠭᠤᠴᠠᠭᠠᠨ ᠳᠤ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ︽ᠠᠭᠤᠯᠠ ᠶᠢ ᠴᠡᠪᠡᠷᠯᠡᠵᠦ ᠭᠤᠤ ᠶᠢ ᠴᠡᠪᠡᠷᠯᠡᠬᠦ︾ ᠠᠵᠢᠯᠯᠠᠭ᠎ᠠ ᠥᠷᠨᠢᠭᠦᠯᠵᠦ᠂ ᠭᠠᠯ ᠤᠨ ᠠᠶᠤᠯ ᠤᠨ ᠠᠯᠢᠪᠠ ᠲᠠᠯᠳᠠ | ᠭᠡᠮ ᠢ ᠴᠢᠷᠮᠠᠶᠢᠨ ᠠᠷᠢᠯᠭᠠᠬᠤ ᠬᠡᠷᠡᠭᠲᠡᠢ᠃ | ︵ᠨᠠᠢᠮᠠ︶ ᠭᠠᠯ ᠤᠨ ᠠᠶᠤᠯ ᠭᠠᠷᠪᠠᠯ᠂ ᠬᠡᠨ ᠤᠷᠢᠳᠠᠪᠠᠷ ᠣᠯᠵᠤ ᠮᠡᠳᠡᠪᠡᠯ ᠬᠡᠨ ᠤᠷᠢᠳᠠᠪᠠᠷ ᠮᠡᠳᠡᠭᠦᠯᠬᠦ᠂ ᠬᠡᠨ ᠤᠷᠢᠳᠠᠪᠠᠷ ᠤᠨᠲᠠᠷᠠᠭᠠᠵᠤ ᠠᠪᠤᠷᠠᠨ | ᠲᠤᠰᠠᠯᠠᠬᠤ ᠵᠠᠷᠴᠢᠮ ᠢ ᠬᠡᠷᠡᠭᠵᠢᠭᠦᠯᠦᠨ᠎ᠡ᠂ ᠵᠠᠰᠠᠭ ᠵᠠᠬᠢᠷᠭᠠᠨ ᠤ ᠣᠷᠣᠨ ᠪᠤᠶᠤ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠵᠠᠭᠠᠭ ᠬᠢᠵᠠᠭᠠᠷ ᠲᠤ | ᠬᠢᠵᠠᠭᠠᠷᠯᠠᠭᠳᠠᠬᠤ ᠦᠭᠡᠢ᠃ | ︵ᠶᠢᠰᠦ︶ ᠪᠤᠰᠤᠳ ᠭᠤᠣᠯᠳᠠᠯᠭ᠎ᠠ ᠲᠠᠢ ᠬᠡᠰᠡᠭ᠂ ᠰᠢᠭᠤᠶᠢᠲᠤ ᠣᠷᠣᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠴᠠᠭᠠᠵᠠᠯᠠᠵᠤ ᠵᠠᠬᠢᠷᠤᠨ ᠬᠠᠮᠢᠶᠠᠷᠬᠤ ᠶᠢ ᠬᠡᠷᠡᠭᠵᠢᠭᠦᠯᠬᠦ ᠪᠤᠶᠤ ᠴᠠᠭᠠᠵᠠᠯᠠᠬᠤ ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ ᠪᠣᠯ ᠡᠯ᠎ᠡ ᠬᠤᠰᠢᠭᠤ ᠰᠢᠶᠠᠨ | ᠲᠣᠭᠤᠷᠢᠭ ᠤᠨ ᠵᠠᠰᠠᠭ ᠤᠨ ᠣᠷᠳᠣᠨ ᠠᠴᠠ ᠠᠰ ᠲᠤᠨᠢ ᠴᠠᠭᠠᠵᠠᠯᠠᠬᠤ ᠵᠠᠷᠯᠢᠭ ᠢ ᠨᠡᠶᠢᠲᠡᠯᠡᠨ᠎ᠡ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2025 ᠣᠨ ᠤ 2 ᠳ᠋ᠤᠭᠠᠷ ᠰᠠᠷ᠎ᠠ ᠶᠢᠨ 27 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | |