ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠨᠠᠢᠮᠠᠨ ᠵᠦᠢᠯ ᠤᠨ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2025/3/20
        ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2024﹈ 47 ᠳ᠋ᠤᠭᠠᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ︽ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠨᠠᠢᠮᠠᠨ ᠵᠦᠢᠯ ᠤᠨ ᠠᠷᠭ᠎ᠠ ᠬᠡᠮᠵᠢᠶ᠎ᠡ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠶ ᠰᠠᠶᠢᠲᠤᠷ ᠠᠳᠬᠤᠲᠤᠭᠠᠶ᠃                   ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                   2024 ᠣᠨ ᠤ 12 ᠳ᠋ᠤᠭᠠᠷ ᠰᠠᠷ᠎ᠠ ᠶᠢᠨ 24 ᠤ ᠡᠳᠦᠷ                   ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠨᠠᠢᠮᠠᠨ ᠵᠦᠢᠯ ᠤᠨ ᠠᠷᠭ᠎ᠠ ᠬᠡᠮᠵᠢᠶ᠎ᠡ      ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂        ︽ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠡᠭᠦᠳᠦᠯᠲᠡ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ            ︵2023-2025 ᠣᠨ︶ ᠶᠢ  ᠬᠡᠷᠡᠭᠵᠢᠭᠦᠯᠬᠦ ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠮᠡᠳᠡᠭᠳᠡᠯ︾           ︵ᠬᠥᠮᠥᠨ ᠨᠡᠶᠢᠭᠡᠮ ᠶᠠᠮᠤᠨ ᠲᠠᠷᠬᠠᠭᠠᠭᠰᠠᠨ ﹇2022﹈ 83 ᠳ᠋ᠤᠭᠠᠷ ᠲᠣᠭᠠᠲᠤ︶ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠲᠠᠪᠤᠨ ᠰᠠᠯᠠᠭ᠎ᠠ ᠮᠥᠴᠢᠷ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠬᠥᠮᠦᠨ ᠨᠡᠶᠢᠭᠡᠮ ᠲᠠᠷᠬᠠᠭᠠᠭᠰᠠᠨ ﹇2022﹈ 74 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃      ᠨᠢᠭᠡ᠂ ︽ᠨᠢᠭᠡ ᠬᠦᠷᠢᠶᠡᠯᠡᠩ ᠭᠤᠷᠪᠠᠨ ᠲᠣᠭᠤᠷᠢᠭ ᠣᠯᠠᠨ ᠴᠡᠭ︾ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ      ᠪᠥᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢᠶᠠᠷ ᠭᠤᠤᠯ ᠬᠦᠷᠢᠶᠡᠯᠡᠩ ᠲᠣᠭᠤᠷᠢᠭ ᠪᠣᠯᠭᠠᠵᠤ᠂ ᠬᠤᠷᠢᠨᠭᠡᠷ ᠰᠢᠨ᠎ᠡ ᠲᠣᠭᠤᠷᠢᠭ ᠤᠨ ᠡᠭᠦᠯᠡᠨ ᠬᠥᠨᠳᠡᠢ ᠶᠢᠨ ᠲᠣᠭᠠᠴᠢᠯᠠᠭᠰᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠪᠠ ᠰᠠᠶᠢᠬᠠᠨ ᠲᠣᠭᠤᠷᠢᠭ ᠤᠨ ᠥᠪᠥᠷ ᠮᠣᠩᠭᠤᠯ ᠤᠨ ᠤᠮᠠᠷᠠᠲᠤ ᠶᠢᠨ ᠴᠢᠳᠠᠪᠤᠷᠢᠲᠠᠨ ᠢ ᠦᠨᠡᠯᠡᠨ ᠰᠢᠯᠭᠠᠬᠤ ᠦᠢᠯᠡᠴᠢᠯᠡᠭᠡᠨ ᠤ ᠰᠠᠭᠤᠷᠢᠨ ᠭᠠᠵᠠᠷ ᠢᠶᠠᠷ ᠬᠤᠪᠢᠶᠠᠷᠢ ᠬᠦᠷᠢᠶᠡᠯᠡᠩ ᠲᠣᠭᠤᠷᠢᠭ ᠪᠣᠯᠭᠠᠵᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠵᠢᠨᠴᠢᠶᠣᠣ ᠶᠢᠨ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠣᠷᠣᠨ᠂ ᠥᠪᠥᠷ ᠮᠣᠩᠭᠤᠯ ᠤᠨ ᠤᠶᠤᠲᠠᠳ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠵᠡᠷᠭᠡ ᠣᠯᠠᠨ ᠭᠠᠵᠠᠷ ᠪᠠᠶᠢᠷᠢᠰᠢᠭᠤᠯᠤᠭᠰᠠᠨ᠂ ᠬᠠᠷᠢᠯᠴᠠᠨ ᠨᠥᠬᠦᠪᠦᠷᠢᠯᠡᠭᠰᠡᠨ᠂ ᠬᠠᠮᠵᠢᠯᠴᠠᠨ ᠬᠥᠭᠵᠢᠭᠰᠡᠨ ︽ᠨᠢᠭᠡ ᠬᠦᠷᠢᠶᠡᠯᠡᠩ ᠭᠤᠷᠪᠠᠨ ᠲᠣᠭᠤᠷᠢᠭ ᠣᠯᠠᠨ ᠴᠡᠭ︾ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠲᠤᠰ ᠲᠤᠰ 1000 ᠲᠦᠮᠡᠨ ᠲᠥᠭᠦᠷᠢᠭ᠂ 500 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠡᠭᠦᠳᠦᠨ ᠪᠠᠶᠢᠭᠤᠯᠬᠤ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶       ᠬᠤᠶᠠᠷ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠦᠨ᠎ᠡ      ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠨ᠂ ᠣᠯᠠᠨ ᠨᠡᠶᠢᠲᠡ ᠶᠢᠨ ᠦᠢᠯᠡᠴᠢᠯᠡᠭᠡ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠳᠠᠯ ᠦᠢᠯᠡᠰ ᠴᠣᠭᠴᠠᠯᠠᠵᠤ ᠨᠡᠪᠴᠢᠭᠦᠯᠬᠦ᠂ ᠥᠪᠡᠷᠮᠢᠴᠡ ᠦᠢᠯᠡᠴᠢᠯᠡᠭᠡ ᠵᠡᠷᠭᠡ ᠶᠢ ᠪᠠᠭᠲᠠᠭᠠᠭᠰᠠᠨ ᠬᠠᠮᠢᠶ᠎ᠠ ᠪᠥᠬᠦᠶ ᠴᠢᠳᠠᠮᠵᠢ ᠶᠢ ᠲᠥᠪᠯᠡᠷᠡᠭᠦᠯᠦᠭᠰᠡᠨ ᠶᠡᠷᠦᠩᠬᠡᠶᠢᠯᠡᠭᠰᠡᠨ ᠴᠢᠨᠠᠷᠲᠠᠶ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠬᠤ ᠶᠢ ᠳᠡᠮᠵᠢᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠤᠲᠠ ᠶᠢᠨ ᠱᠠᠲᠤᠨ ᠤ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ ᠭᠠᠵᠠᠷ ᠢᠶᠠᠷ ᠦᠨᠡᠯᠡᠨ ᠲᠣᠭᠲᠠᠭᠠᠭᠰᠠᠨ ᠬᠦᠷᠢᠶᠡᠯᠡᠩ ᠲᠣᠭᠤᠷᠢᠭ ᠲᠤ ᠬᠠᠨᠳᠤᠭᠤᠯᠵᠤ᠂ ᠰᠢᠯᠢᠳᠡᠭ ᠢ ᠨᠢ ᠰᠣᠩᠭᠤᠵᠤ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ︔ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢᠶᠠᠷ ᠦᠨᠡᠯᠡᠨ ᠲᠣᠭᠲᠠᠭᠠᠭᠰᠠᠨ ᠬᠦᠷᠢᠶᠡᠯᠡᠩ ᠲᠣᠭᠤᠷᠢᠭ ᠲᠤ ᠬᠠᠨᠳᠤᠭᠤᠯᠵᠤ᠂ 100 ᠲᠦᠮᠡᠨ ᠲᠥᠭᠦᠷᠢᠭ ᠠᠴᠠ 500 ᠲᠦᠮᠡᠨ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶      ᠭᠤᠷᠪᠠ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠬᠥᠭᠵᠢᠨ ᠪᠤᠵᠠᠭᠠᠶᠢᠷᠠᠬᠤ ᠶᠢ ᠳᠡᠮᠵᠢᠨ᠎ᠡ      ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶᠢᠵᠢᠭᠰᠠᠨ ᠭᠤᠷᠪᠠᠳᠠᠬᠢ ᠡᠲᠡᠭᠡᠳ ᠤᠨ ᠡᠵᠡᠩᠨᠡᠯᠲᠡ ᠶᠢᠨ ᠪᠦᠯᠬᠦᠮ ᠢ ᠤᠷᠢᠨ ᠬᠦᠷᠢᠶᠡᠯᠡᠩ ᠲᠣᠭᠤᠷᠢᠭ ᠢ ᠡᠵᠡᠩᠨᠡᠭᠦᠯᠦᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠬᠦᠷᠢᠶᠡᠯᠡᠩ ᠳᠤ ᠣᠷᠣᠵᠤ ᠬᠥᠭᠵᠢᠬᠦ ᠶᠢ ᠵᠣᠷᠢᠭᠵᠢᠭᠤᠯᠵᠤ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠳᠤ ᠰᠠᠭᠤᠷᠢᠰᠢᠭᠰᠠᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠡᠮᠦᠨ᠎ᠡ ᠭᠤᠷᠪᠠᠨ ᠵᠢᠯ ᠤᠨ ᠲᠦᠷᠢᠶᠡᠰᠦᠨ ᠮᠥᠩᠭᠦ ᠶᠢ ᠪᠦᠬᠦᠨ ᠢ ᠬᠡᠯᠲᠦᠷᠢᠭᠦᠯᠵᠦ᠂ ᠳᠥᠷᠪᠡᠳᠦᠭᠡᠷ ᠵᠢᠯ᠂ ᠲᠠᠪᠤᠳᠤᠭᠠᠷ ᠵᠢᠯ ᠤᠨ ᠲᠦᠷᠢᠶᠡᠰᠦᠨ ᠮᠥᠩᠭᠦ ᠶᠢ ᠬᠠᠭᠠᠰ ᠢᠶᠠᠷ ᠬᠡᠯᠲᠦᠷᠢᠭᠦᠯᠦᠨ᠎ᠡ᠃ ᠠᠵᠤ ᠦᠢᠯᠡᠰ ᠤᠨ ᠬᠦᠷᠢᠶᠡᠯᠡᠩ ᠳᠤ ᠨᠢᠭᠡ ᠥᠷᠲᠡᠭᠡ ᠮᠠᠶ᠋ᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠠᠭᠤᠷᠢᠰᠢᠭᠰᠠᠨ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠬᠦ᠂ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠲᠥᠷᠥᠯ ᠵᠦᠢᠯ ᠢ ᠲᠠᠨᠢᠯᠴᠠᠭᠤᠯᠬᠤ ᠵᠡᠷᠭᠡ ᠪᠥᠬᠦ ᠬᠦᠴᠦᠨ ᠵᠦᠢᠯ᠂ ᠳᠣᠣᠷ᠎ᠠ ᠥᠪᠡᠷ ᠤᠨ ᠥᠷᠲᠡᠭ ᠲᠠᠢ᠂ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶      ᠳᠥᠷᠪᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷ ᠲᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ      ᠬᠠᠮᠲᠤᠷᠠᠨ ᠡᠵᠡᠩᠨᠡᠬᠦ ᠪᠤᠶᠤ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠵᠠᠰᠠᠭ ᠤᠨ ᠣᠷᠳᠣᠨ ᠤ ᠴᠢᠳᠠᠪᠤᠷᠢᠲᠠᠨ ᠤ ᠦᠢᠯᠡᠴᠢᠯᠡᠭᠡᠨ ᠪᠣᠯᠤᠨ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠦᠨ ᠬᠦᠴᠦᠨ ᠵᠡᠷᠭᠡ ᠭᠤᠤᠯᠳᠠᠯᠭ᠎ᠠ ᠲᠠᠢ ᠬᠥᠮᠥᠰ ᠤᠨ ᠠᠵᠢᠯ ᠡᠷᠢᠵᠦ ᠡᠯᠰᠡᠬᠦ᠂ ᠠᠵᠢᠯ ᠣᠯᠭᠤᠬᠤ ᠶᠢ ᠵᠢᠭᠠᠨ ᠵᠢᠯᠣᠭᠤᠳᠬᠤ᠂ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠥᠭᠬᠦ ᠵᠡᠷᠭᠡ ᠦᠢᠯᠡᠴᠢᠯᠡᠭᠡᠨ ᠤ ᠲᠥᠷᠥᠯ ᠵᠦᠢᠯ ᠢ ᠬᠠᠤᠯᠢ ᠲᠣᠭᠲᠠᠭᠠᠯ ᠶᠣᠰᠣᠭᠠᠷ ᠳᠠᠭᠠᠭᠠᠴᠢᠯᠠᠵᠤ ᠠᠪᠬᠤ ᠶᠢ ᠵᠣᠷᠢᠭᠵᠢᠭᠤᠯᠵᠤ ᠬᠥᠲᠥᠯᠥᠨ ᠵᠢᠯᠣᠭᠤᠳᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠠᠴᠠ ᠡᠯ᠎ᠡ ᠲᠥᠷᠥᠯ ᠤᠨ ᠨᠡᠶᠢᠭᠡᠮ ᠤᠨ ᠬᠥᠮᠦᠰ ᠲᠤ ᠠᠵᠢᠯ ᠲᠥᠷᠥᠯ ᠲᠠᠨᠢᠯᠴᠠᠭᠤᠯᠬᠤ᠂ ᠠᠵᠢᠯ ᠣᠯᠵᠤ ᠠᠳᠠᠯ ᠦᠢᠯᠡᠰ ᠪᠣᠰᠬᠠᠬᠤ ᠪᠣᠯᠪᠠᠰᠤᠷᠠᠭᠤᠯᠤᠯ ᠬᠢᠬᠦ ᠵᠡᠷᠭᠡ ᠦᠢᠯᠡᠴᠢᠯᠡᠭᠡ ᠬᠠᠩᠭᠠᠵᠤ᠂ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠪᠡᠯ᠂ ᠠᠵᠢᠯ ᠣᠯᠵᠤ ᠠᠳᠠᠯ ᠦᠢᠯᠡᠰ ᠪᠣᠰᠬᠠᠬᠤ ᠦᠢᠯᠡᠴᠢᠯᠡᠭᠡᠨ ᠤ ᠨᠥᠬᠦᠪᠥᠷᠢ ᠣᠯᠭᠤᠨ᠎ᠠ᠃        ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶      ᠲᠠᠪᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ᠂ ᠲᠤᠰᠬᠠᠶ ᠮᠡᠷᠭᠡᠵᠢᠯ ᠤᠨ ᠠᠵᠢᠯᠲᠠᠨ ᠪᠣᠯᠤᠨ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠬᠠᠮᠤᠷᠤᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠤᠨ᠎ᠠ᠃ ᠵᠢᠯ ᠪᠦᠷᠢ ᠬᠥᠮᠦᠨ ᠤ ᠬᠦᠴᠦᠨ ᠤ ᠡᠬᠢ ᠪᠠᠶᠠᠯᠢᠭ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠩᠭᠢ ᠡᠷᠬᠢᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠠᠵᠢᠯ ᠡᠷᠬᠢᠯᠡᠭᠴᠢᠳ ᠤᠨ ᠲᠤᠰᠬᠠᠶ ᠮᠡᠷᠭᠡᠵᠢᠯ ᠤᠨ ᠴᠣᠯᠠ ᠣᠯᠬᠤ ᠶᠢ ᠵᠣᠷᠢᠭᠵᠢᠭᠤᠯᠤᠨ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠨᠡᠶᠢᠭᠡᠮ ᠤᠨ ᠪᠣᠯᠪᠠᠰᠤᠷᠠᠭᠤᠯᠤᠯ ᠦᠨᠡᠯᠡᠯᠲᠡ ᠶᠢᠨ ᠵᠣᠬᠢᠶᠠᠨ ᠪᠠᠶᠢᠭᠤᠯᠤᠯᠲᠠ ᠠᠴᠠ ᠠᠵᠤ ᠠᠬᠤᠶᠢᠯᠠᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠭᠴᠢ ᠬᠥᠮᠥᠵᠢᠭᠦᠯᠬᠦ ᠶᠢ ᠵᠣᠷᠢᠭᠵᠢᠭᠤᠯᠵᠤ᠂ ᠨᠥᠬᠦᠴᠡᠯ ᠳᠤ ᠨᠡᠶᠢᠴᠡᠭᠰᠡᠨ ᠨᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠥᠬᠦᠪᠥᠷᠢ ᠪᠠ ᠦᠨᠡᠯᠡᠯᠲᠡ ᠶᠢᠨ ᠨᠥᠬᠦᠪᠥᠷᠢ ᠶᠢ ᠬᠦᠷᠲᠡᠵᠦ ᠪᠣᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶      ᠵᠢᠷᠭᠤᠭ᠎ᠠ᠂ ᠭᠠᠳᠠᠭᠠᠳᠣ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭᠠᠨ ᠤ ᠦᠢᠯᠡᠴᠢᠯᠡᠭᠡᠨ ᠤ ᠴᠢᠳᠡᠪᠦᠷᠢ ᠶᠢ ᠴᠢᠩᠭᠠᠷᠡᠭᠤᠯᠥᠨ᠎ᠠ      ᠭᠠᠳᠠᠭᠠᠳᠤ ᠶᠢᠨ ᠴᠢᠨᠠᠷ ᠰᠠᠶᠢᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ᠂ ᠲᠥᠷᠥᠯ ᠵᠦᠢᠯ ᠪᠠ ᠮᠡᠷᠭᠡᠵᠢᠯ ᠢ ᠢᠳᠡᠪᠬᠢᠲᠡᠶ ᠪᠠᠷ ᠣᠷᠣᠭᠤᠯᠵᠤ ᠢᠷᠡᠨ᠂ ᠣᠷᠣᠰ ᠪᠠ ᠮᠣᠩᠭᠤᠯ ᠤᠯᠤᠰ ᠯᠤᠭ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠭᠦᠨᠵᠡᠭᠡᠶ ᠠᠬᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠤ ᠦᠢᠯᠡᠰ ᠤᠨ ᠬᠥᠭᠵᠢᠯᠲᠡ ᠶᠢ ᠳᠤᠮᠳᠠᠳᠤ ᠣᠷᠣᠰ ᠮᠣᠩᠭᠤᠯ ᠤᠨ ᠴᠢᠯᠥᠭᠡᠲᠦ ᠠᠷᠠᠯᠵᠢᠶᠠᠨ ᠤ ᠲᠣᠭᠤᠷᠢᠭ ᠲᠠᠢ ᠣᠷᠭᠠᠨᠢᠭ ᠢᠶᠠᠷ ᠤᠶᠠᠯᠳᠤᠭᠤᠯᠵᠤ᠂ ᠳᠤᠮᠳᠠᠳᠤ ᠣᠷᠣᠰ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ︽ᠨᠢᠭᠡ ᠪᠦᠰᠡ ᠨᠢᠭᠡ ᠵᠠᠮ︾ ᠤᠨ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠬᠦᠯᠵᠦ᠂ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠦ ᠠᠬᠤᠶᠢᠯᠠᠯ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ  ᠪᠦᠳᠦᠭᠡᠨ ᠪᠠᠶᠢᠭᠤᠯᠬᠤ ᠣᠯᠥᠰ ᠲᠤ ᠨᠡᠭᠡᠭᠡᠨ ᠰᠤᠳᠤᠯᠬᠤ ᠲᠥᠪ ᠪᠠ ᠰᠠᠯᠪᠦᠷᠢ ᠪᠠᠶᠢᠭᠤᠯᠥᠮᠵᠢ ᠪᠠᠶᠢᠭᠤᠯᠬᠤ ᠶᠢ ᠳᠡᠮᠵᠢᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ︶      ᠳᠣᠯᠤᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠡᠭᠦᠳᠦᠯᠲᠡ ᠬᠥᠭᠵᠢᠯᠲᠡ ᠶᠢ ᠵᠣᠷᠢᠭᠵᠢᠭᠤᠯᠤᠨ᠎ᠠ      ᠳᠡᠭᠡᠳᠦ ᠮᠡᠷᠭᠡᠵᠢᠯ᠂ ᠥᠨᠳᠥᠷ ᠨᠡᠮᠡᠯᠲᠡ ᠥᠷᠲᠡᠭ ᠪᠦᠬᠦᠢ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠮᠥᠵᠢᠭᠦᠯᠦᠨ ᠬᠥᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠲᠣᠭᠠᠴᠢᠯᠠᠭᠰᠠᠨ᠂ ᠤᠶᠤᠨᠴᠢᠯᠠᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠳᠡᠮᠵᠢᠵᠦ᠂ ᠰᠦᠯᠵᠢᠶᠡᠨ ᠳᠡᠭᠡᠷ᠎ᠡ ᠠᠵᠢᠯᠲᠠᠨ ᠡᠯᠰᠡᠬᠦ᠂ ᠠᠯᠤᠰ ᠠᠴᠠ ᠨᠢᠭᠤᠷᠳᠠᠨ ᠰᠢᠯᠭᠠᠬᠤ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠬᠤ᠂ ᠬᠠᠮᠵᠢᠯᠴᠠᠨ ᠠᠵᠢᠯᠯᠠᠬᠤ᠂ ᠰᠦᠯᠵᠢᠶᠡᠨ ᠳᠡᠭᠡᠷᠡᠬᠢ ᠪᠣᠯᠪᠠᠰᠤᠷᠠᠯ ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠲᠣᠰ ᠵᠢᠯ ᠳᠤ ᠦᠨᠡᠯᠡᠨ ᠲᠣᠭᠲᠠᠭᠠᠭᠰᠠᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ 10 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠤᠨ ᠳᠡᠮᠵᠢᠯᠭᠡ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ᠂ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠨ ᠲᠣᠭᠲᠠᠭᠠᠭᠰᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠳᠤ ᠲᠣᠰ ᠲᠣᠰ 50 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶       ᠨᠠᠢᠮᠠ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ      ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠡᠳᠦᠷ ᠲᠤᠲᠤᠮ ᠤᠨ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠳᠠᠷᠤᠭᠠᠰᠤ ᠶᠢ ᠬᠥᠩᠭᠡᠷᠡᠭᠦᠯᠦᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠳᠡᠰ ᠲᠣᠭᠲᠠᠭᠠᠬᠤ ᠲᠦᠷᠢᠮ ᠢ ᠬᠡᠷᠡᠭᠵᠢᠭᠦᠯᠦᠨ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶      ᠲᠣᠰ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠥᠬᠡᠬᠤᠲᠠ ᠶᠢᠨ ᠨᠡᠶᠢᠲᠡᠯᠡᠭᠰᠡᠨ ᠠᠵᠤ ᠠᠬᠤᠶᠢᠯᠠᠯ ᠢ ᠳᠡᠮᠵᠢᠬᠦ ᠪᠤᠰᠤᠳ ᠠᠳᠠᠯᠢ ᠲᠥᠷᠥᠯ ᠤᠨ ᠲᠥᠷᠥ ᠶᠢᠨ ᠪᠣᠳᠣᠯᠭ᠎ᠠ ᠲᠠᠢ ᠬᠠᠮᠲᠤ ᠬᠠᠮᠤᠭ ᠥᠨᠳᠥᠷ ᠢᠶᠠᠷ ᠪᠠᠷᠢᠮᠵᠢᠶᠠᠯᠠᠨ ᠬᠠᠷᠠᠭᠠᠯᠵᠠᠬᠤ᠂ ᠳᠠᠪᠬᠤᠷᠳᠠᠭᠤᠯᠤᠨ ᠭᠥᠷᠳᠡᠬᠦ ᠥᠬᠡᠶ ᠵᠠᠷᠴᠢᠮ ᠶᠣᠰᠣᠭᠠᠷ ᠬᠡᠷᠡᠭᠵᠢᠭᠦᠯᠦᠨ᠎ᠡ᠃ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ