ᠭᠤᠷᠪᠠᠨ ᠬᠡᠦᠬᠡᠳ ᠠᠪᠬᠤ ᠳᠤ100000 ᠲᠥᠭᠦᠷᠢᠭ ᠤᠨ ᠨᠥᠬᠦᠪᠦᠷᠢ ᠣᠯᠭᠤᠨ᠎ᠠ
ᠨᠡᠶᠢᠲᠡᠯᠡᠭᠰᠡᠨ ᠴᠠᠭ᠄
2025/3/20
      ︽ᠬᠥᠮᠥᠨ ᠠᠮᠠ ᠶᠢᠨ ᠲᠥᠪᠯᠡᠷᠡᠯ ᠢ ᠠᠬᠢᠭᠤᠯᠵᠤ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ( ᠭᠦᠭᠡᠬᠤᠲᠠ ᠵᠠᠰᠠᠭ ᠲᠠᠷᠬᠠᠭᠠᠭᠰᠠᠨ ﹇2025﹈7 ᠳ᠋ᠤᠭᠠᠷ ᠲᠣᠭᠠᠲᠤ ) ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠭᠦᠭᠡᠬᠤᠲᠠ ᠶᠢᠨ ᠬᠢᠨ  ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠬᠤ ᠨᠠᠷᠢᠨ ᠳᠦᠷᠢᠮ ᠢ ᠨᠡᠶᠢᠲᠡᠯᠪᠡ᠃      ᠨᠠᠷᠢᠨ ᠳᠦᠷᠢᠮ ᠳᠤ᠂ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠬᠤ ᠪᠠᠷᠢᠮᠵᠢᠶ᠎ᠠ ᠶᠢᠨ ᠲᠤᠬᠠᠢ᠄      1. ᠨᠢᠭᠡ ᠬᠡᠦᠬᠡᠳ ᠠᠪᠬᠤ ᠳᠤ ᠨᠢᠭᠡ ᠯᠡ ᠤᠳᠠᠭ᠎ᠠ ᠳᠡᠭᠡᠷ᠎ᠡ 10000 ᠲᠥᠭᠦᠷᠢᠭ ᠤᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠨ᠎ᠠ︔     2. ᠬᠤᠶᠠᠷ ᠬᠡᠦᠬᠡᠳ ᠠᠪᠬᠤ ᠳᠤ 50000 ᠲᠥᠭᠦᠷᠢᠭ ᠤᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠵᠤ᠂ ᠵᠢᠯ ᠪᠦᠷᠢ 10000 ᠲᠥᠭᠦᠷᠢᠭ ᠢᠶᠠᠷ ᠪᠦᠬᠦᠯᠢ 5 ᠨᠠᠰᠤ ᠭᠦᠷᠲᠡᠯ᠎ᠡ ᠣᠯᠭᠤᠨ᠎ᠠ︔      3. ᠭᠤᠷᠪᠠ ᠵᠢᠴᠢ ᠲᠡᠭᠦᠨ ᠠᠴᠠ ᠳᠡᠭᠡᠭᠰᠢ ᠬᠡᠦᠬᠡᠳ ᠠᠪᠬᠤ ᠳᠤ 100000 ᠲᠥᠭᠦᠷᠢᠭ ᠤᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠵᠤ᠂ ᠵᠢᠯ ᠪᠦᠷᠢ 10000 ᠲᠥᠭᠦᠷᠢᠭ ᠢᠶᠠᠷ ᠪᠦᠬᠦᠯᠢ 10 ᠨᠠᠰᠤ ᠭᠦᠷᠲᠡᠯ᠎ᠡ ᠣᠯᠭᠤᠨ᠎ᠠ ᠭᠡᠵᠦ ᠲᠣᠭᠲᠠᠪᠠ᠃      ᠬᠢᠷᠢ ᠭᠡᠮ ᠢ ᠮᠠᠭᠠᠳᠯᠠᠨ ᠲᠣᠭᠲᠠᠭᠠᠬᠤ ᠲᠤᠬᠠᠢ᠄      1 . ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠳᠦᠷᠢᠮ︾ ᠤᠨ ᠲᠣᠭᠲᠠᠭᠠᠯ ᠳᠤ ᠨᠡᠶᠢᠴᠡᠵᠦ ᠬᠡᠦᠬᠡᠳ ᠠᠪᠤᠭᠰᠠᠨ ᠭᠡᠷ ᠪᠦᠯᠢ︔      2. 2025 ᠣᠨ ᠤ 3 ᠰᠠᠷ᠎ᠠ ᠶᠢᠨ 1 ᠤ ᠡᠳᠦᠷ ᠠᠴᠠ ᠬᠤᠶᠢᠰᠢ ( 3 ᠰᠠᠷ᠎ᠠ ᠶᠢᠨ 1 ᠤ ᠡᠳᠦᠷ ᠪᠠᠭᠲᠠᠨ᠎ᠠ ) ᠬᠠᠤᠯᠢ ᠶᠣᠰᠣᠭᠠᠷ ᠬᠡᠦᠬᠡᠳ ᠠᠪᠤᠭᠰᠠᠨ ᠭᠡᠷ ᠪᠦᠯᠢ︔      3. ᠡᠷ᠎ᠡ ᠡᠮ᠎ᠡ ᠬᠤᠶᠠᠷ ᠲᠠᠯ᠎ᠠ ᠶᠢᠨ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠴᠥᠮ ᠭᠦᠭᠡᠬᠤᠲᠠ ᠪᠤᠶᠤ ᠨᠢᠭᠡ ᠲᠠᠯ᠎ᠠ ᠶᠢᠨ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠭᠦᠭᠡᠬᠤᠲᠠ ᠪᠤᠯᠬᠤ᠂ ᠭᠦᠭᠡᠬᠤᠲᠠ ᠳᠤ ᠣᠷᠣᠰᠢᠨ ᠰᠠᠭᠤᠵᠤ᠂ ᠠᠵᠢᠯᠯᠠᠵᠤ᠂ ᠠᠮᠢᠳᠤᠷᠠᠵᠤ᠂ ᠬᠥᠮᠥᠨ᠂ ᠭᠡᠷ ᠪᠠᠶᠢᠰᠢᠩ᠂ ᠡᠷᠦᠭᠡ ᠠᠮᠠ ᠨᠢ ᠨᠢᠭᠡᠳᠦᠯᠲᠡᠢ ᠪᠠᠶᠢᠬᠤ ᠶᠢ ᠱᠠᠭᠠᠷᠳᠠᠬᠤ ᠮᠥᠷᠲᠡᠭᠡᠨ ᠰᠠᠶ᠋ᠢ ᠲᠥᠷᠥᠭᠰᠡᠨ ᠬᠡᠦᠬᠡᠳ ᠨᠢ ᠠᠩᠬ᠎ᠠ ᠤᠳᠠᠭ᠎ᠠ ᠭᠦᠭᠡᠬᠤᠲᠠ ᠳᠤ ᠡᠷᠦᠭᠡ ᠠᠮᠠ ᠣᠷᠣᠵᠤ ᠪᠠᠶᠢᠭ᠎ᠠ ᠭᠡᠷ ᠪᠦᠯᠢ ᠨᠢ ᠲᠤᠰ ᠨᠥᠬᠦᠪᠦᠷᠢ ᠶᠢ ᠡᠳ᠋ᠯᠡᠵᠦ ᠪᠣᠯᠣᠨ᠎ᠠ ᠭᠡᠵᠦ ᠲᠣᠭᠲᠠᠪᠠ᠃      ︵ᠢᠷᠡᠯᠲᠡ᠄ ᠭᠦᠭᠡᠬᠤᠲᠠ ᠶᠢᠨ ᠡᠷᠡᠭᠦᠯ ᠬᠠᠭᠠᠮᠠᠯᠠᠯ ᠡᠷᠡᠭᠦᠯ ᠮᠡᠨᠳᠦ ᠶᠢᠨ ᠵᠥᠪᠯᠡᠯ︶ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ