ᠱᠤᠭᠤᠮᠠᠯ ᠤᠨ ᠬᠢᠴᠢᠶᠡᠯ ᠨᠢ ᠰᠤᠷᠤᠬᠴᠢᠳ ᠤᠨ ᠤᠷᠠᠯᠢᠭ ᠤᠨ ᠳᠠᠯᠳᠠ ᠴᠢᠳᠠᠪᠤᠷᠢ ᠶᠢ ᠬᠥᠭᠵᠢᠭᠡᠨ᠎ᠡ
ᠨᠡᠶᠢᠲᠡᠯᠡᠭᠰᠡᠨ ᠴᠠᠭ᠄
2025/3/20
ZF0320.jpg
      ᠲᠦᠷᠦᠭᠦᠬᠡᠨ ᠭᠦᠭᠡᠬᠤᠲᠠ ᠶᠢᠨ ᠱᠤᠭᠤᠮᠠᠯ ᠤᠨ ᠤᠷᠠᠯᠢᠭ ᠤᠨ ᠣᠷᠳᠣᠨ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠱᠤᠭᠤᠮᠠᠯ ᠤᠨ ᠲᠤᠰᠬᠠᠢ ᠮᠡᠷᠭᠡᠵᠢᠯᠲᠡᠳ ᠲᠠᠢ ᠬᠠᠮᠲᠤᠷᠠᠨ ᠪᠠᠭ᠎ᠠ ᠰᠤᠷᠭᠠᠭᠤᠯᠢ ᠠᠴᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠬᠦᠷᠲᠡᠯᠡᠬᠢ ᠡᠯ᠎ᠡ ᠰᠤᠷᠤᠯᠭ᠎ᠠ ᠶᠢᠨ ᠬᠤᠭᠤᠴᠠᠭᠠᠨ ᠤ ᠱᠤᠭᠤᠮᠠᠯ ᠤᠨ ᠬᠢᠴᠢᠶᠡᠯ ᠢ ᠨᠠᠷᠢᠯᠢᠭ ᠵᠣᠬᠢᠶᠠᠨ ᠪᠠᠶᠢᠭᠤᠯᠵᠤ᠂ ᠰᠤᠷᠤᠬᠴᠢᠳ ᠤᠨ ᠤᠷᠠᠯᠢᠭ ᠤᠨ ᠳᠠᠯᠳᠠ ᠴᠢᠳᠠᠪᠤᠷᠢ ᠶᠢ ᠪᠦᠭᠦ ᠲᠠᠯ᠎ᠠ ᠪᠠᠷ ᠬᠥᠭᠵᠢᠭᠡᠪᠡ᠃ ᠵᠢᠷᠤᠭ ᠪᠣᠯ ᠭᠦᠭᠡᠬᠤᠲᠠ ᠶᠢᠨ ᠰᠠᠶᠢᠬᠠᠨ ᠲᠣᠭᠤᠷᠢᠭ ᠤᠨ ᠰᠢᠨᠬᠤᠸᠠ ᠪᠠᠭ᠎ᠠ ᠰᠤᠷᠭᠠᠭᠤᠯᠢ ᠳᠤ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠱᠤᠭᠤᠮᠠᠯ ᠤᠨ ᠰᠠᠯᠪᠤᠷᠢ ᠶᠢᠨ ᠳ᠋ᠣᠺᠲ᠋ᠣᠷ ᠯᠦ ᠭᠠᠩ ᠰᠤᠷᠤᠬᠴᠢᠳ ᠲᠤ ᠱᠤᠭᠤᠮᠠᠯ ᠤᠨ ᠤᠷᠠᠯᠢᠭ ᠤᠨ ᠲᠡᠦᠬᠡ ᠶᠢ ᠶᠠᠷᠢᠵᠤ ᠥᠭᠴᠦ ᠪᠠᠶᠢᠭ᠎ᠠ ᠨᠢ᠃      ᠰᠤᠷᠪᠤᠯᠵᠢᠯᠠᠬᠴᠢ  ᠸᠠᠩ ᠯᠧᠢ  ᠰᠡᠭᠦᠳᠡᠷᠯᠡᠪᠡ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ