ᠪᠣᠣ ᠭᠠᠩ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠦ ᠾᠧ ᠬᠠᠢ ᠳ᠋ᠦᠩ ᠭᠤᠣᠯ ᠰᠡᠳᠦᠪᠲᠦ ᠲᠠᠨᠢᠯᠴᠠᠭᠤᠯᠭ᠎ᠠ ᠬᠢᠪᠡ | ︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 20 ᠤ ᠡᠳᠦᠷ᠂ ︽ᠬᠦᠬᠡᠬᠤᠳᠠ ᠳᠤ ᠪᠡᠯᠡ ᠣᠷᠣᠭᠤᠯᠵᠤ ᠠᠵᠤ ᠦᠢᠯᠡᠰ ᠮᠦᠩᠭᠦᠨ ᠬᠦᠢᠯᠭᠡᠭᠡ ᠬᠠᠮᠲᠤ ᠪᠠᠷ | ᠠᠰᠢᠭ ᠬᠦᠷᠳᠡᠬᠦ︾ 2025 ᠤᠨ ᠤ ᠬᠥᠬᠡᠬᠤᠲᠠ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠶᠡᠭᠡ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ | ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠣᠷᠣᠨ ᠪᠦᠰᠡ ᠶᠢᠨ ᠪᠣᠬᠢᠷᠳᠤᠯ ᠦᠭᠡᠢ ᠮᠥᠩᠭᠦᠨ ᠭᠦᠢᠯᠭᠡᠭᠡᠨ ᠤ | ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠶᠢ | ᠠᠬᠢᠭᠤᠯᠪᠠ᠃ | ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠱᠠᠩᠬᠠᠢ ᠶᠢᠨ ᠦᠨᠡᠲᠦ | ᠲᠡᠮᠳᠡᠭᠲᠦ ᠶᠢᠨ ᠠᠷᠠᠯᠵᠢᠶᠠᠨ ᠤ ᠭᠠᠵᠠᠷ᠂ ᠱᠧᠨᠵᠧᠨ ᠤ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠪᠡᠭᠡᠵᠢᠩ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠪᠠ | 53 ᠪᠠᠩᠬᠢ᠂ ᠲᠡᠮᠳᠡᠭᠲᠦ᠂ ᠳᠠᠭᠠᠳᠬᠠᠯ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ᠂ 60 ᠨᠠᠷᠠᠲᠤ ᠪᠠᠯᠠ ᠣᠷᠣᠭᠤᠯᠤᠯᠲᠠ ᠶᠢᠨ ᠪᠠᠶᠢᠭᠤᠯᠤᠮᠵᠢ᠂ 87 ᠵᠠᠬ᠎ᠠ ᠳᠡᠯᠭᠡᠭᠦᠷ ᠲᠤ | ᠭᠠᠷᠤᠭᠰᠠᠨ ᠺᠣᠮᠫᠠᠨᠢ ᠪᠠ ᠬᠠᠮᠢᠶ᠎ᠠ ᠪᠥᠬᠦᠶ ᠠᠵᠤ ᠠᠬᠤᠶᠢᠯᠠᠯ ᠣᠷᠣᠯᠴᠠᠵᠠᠶ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠨ | ᠪᠠᠶᠠᠷ ᠤᠨ ᠦᠭᠡ ᠬᠡᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ | ᠪᠣᠯᠣᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠭᠤᠣᠯ ᠰᠡᠳᠦᠪᠲᠦ ᠲᠠᠨᠢᠯᠴᠠᠭᠤᠯᠭ᠎ᠠ ᠬᠢᠪᠡ᠃ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠳᠠᠷᠤᠭ᠎ᠠ ᠯᠢᠦᠢ ᠸᠧᠢ ᠪᠠᠶᠠᠷ ᠤᠨ ᠦᠭᠡ ᠬᠡᠯᠡᠪᠡ᠃ | ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠵᠢᠶᠠᠩ ᠰᠢᠶᠤᠤ ᠵᠢᠤᠸᠠᠨ᠂ ᠪᠥᠬᠦ ᠤᠯᠤᠰ ᠤᠨ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠤᠤᠯ ᠤᠨ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠸᠠᠩ ᠵᠥᠩ ᠮᠢᠨ ᠭᠤᠤᠯ | ᠵᠤᠷᠢᠯᠳᠠᠳᠤ ᠶᠠᠷᠢᠶ᠎ᠠ ᠲᠠᠯᠪᠢᠵᠤ᠂ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠠᠵᠢᠯ ᠲᠥᠷᠥᠯ ᠤᠨ ᠶᠠᠷᠢᠯᠴᠠᠭ᠎ᠠ ᠦᠷᠨᠢᠭᠦᠯᠵᠡᠢ᠃ | ᠪᠣᠣ ᠭᠠᠩ ᠪᠠᠶᠠᠷ ᠤᠨ ᠦᠭᠡᠨ ᠳᠤ ᠪᠠᠨ ᠬᠤᠳᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠬᠤᠷᠠᠯ ᠳᠤ ᠣᠷᠣᠯᠴᠠᠭᠰᠠᠨ ᠬᠦᠨᠳᠦᠲᠦ | ᠵᠣᠴᠢᠳ ᠢ ᠪᠠᠶᠠᠷᠯᠠᠨ ᠤᠭᠲᠤᠵᠤ ᠲᠠᠯᠠᠷᠬᠠᠯ ᠢᠶᠠᠨ ᠢᠯᠡᠳᠬᠡᠪᠡ᠃ ᠲᠡᠷᠡ ᠬᠡᠯᠡᠬᠦ ᠳᠡᠭᠡᠨ᠂ ᠮᠥᠩᠭᠦᠨ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ᠠᠮᠢᠨ ᠰᠤᠳᠠᠰᠤ | ᠮᠥᠨ᠂ ᠪᠣᠳᠠᠲᠤ ᠴᠣᠭᠴᠠ ᠶᠢᠨ ᠠᠵᠤ ᠠᠬᠤᠢ ᠪᠣᠯ ᠮᠥᠩᠭᠦᠨ ᠭᠦᠢᠯᠭᠡᠭᠡᠨ ᠤ ᠦᠨᠳᠦᠰᠦ ᠰᠠᠭᠤᠷᠢ ᠮᠥᠨ᠃ ᠬᠥᠬᠡᠬᠤᠲᠠ ᠪᠣᠯ ᠤᠯᠠᠨ ᠵᠦᠢᠯ ᠤᠨ ᠪᠠᠶᠢᠯᠳᠤᠬᠤ ᠪᠤᠳᠤᠯᠭ᠎ᠠ | ᠳᠠᠪᠬᠤᠴᠠᠭᠰᠠᠨ ︽ᠠᠵᠠ ᠳᠤᠬᠢᠶᠠᠯᠲᠤ ᠬᠤᠳᠠ︾᠂ ᠬᠥᠭᠵᠢᠯᠲᠡ ᠶᠢᠨ ᠬᠠᠨᠳᠤᠰᠢ ᠡᠷᠴᠢᠲᠡᠢ ︽ᠲᠠᠯᠳᠠ ᠬᠦᠴᠦᠨᠲᠦ ᠬᠤᠳᠠ︾᠂ ᠲᠣᠭᠠᠴᠢᠯᠠᠭᠰᠠᠨ ᠮᠥᠩᠭᠦᠨ ᠭᠦᠢᠯᠭᠡᠭᠡ | ᠬᠦᠭᠵᠢᠶᠡᠨᠲᠡᠢ ︽ᠠᠮᠢᠵᠢᠷᠠᠯ ᠪᠢᠯᠬᠠᠭᠰᠠᠨ ᠬᠤᠳᠠ︾ ᠪᠣᠯᠤᠨ᠎ᠠ᠂ ᠶᠠᠭ ᠰᠢᠨ᠎ᠡ ᠨᠢᠭᠡ ᠡᠭᠡᠯᠵᠢ ᠶᠢᠨ ᠠᠵᠤ ᠦᠢᠯᠡᠰ ᠤᠨ ᠬᠤᠪᠢᠰᠤᠯᠲᠠ ᠶᠢ ᠢᠳᠡᠪᠬᠢᠲᠡᠢ ᠤᠭᠲᠤᠵᠤ᠂ ᠪᠡᠯᠡ | ᠣᠷᠣᠭᠤᠯᠤᠯᠲᠠ ᠶᠢᠨ ᠠᠯᠤᠰ ᠢᠷᠡᠭᠡᠳᠦᠢ ᠪᠠᠷ ᠠᠭᠤᠳᠠᠮ᠂ ᠰᠢᠨ᠎ᠡ ᠶᠢ ᠡᠭᠦᠳᠬᠦ ᠬᠦᠭ ᠠᠮᠢᠰᠬᠤᠯ ᠢᠶᠠᠷ ᠪᠢᠯᠬᠠᠵᠤ ᠪᠠᠶᠢᠨ᠎ᠠ᠃ ᠥᠷᠭᠡᠨ ᠤᠯᠠᠨ ᠪᠡᠯᠡ ᠣᠷᠣᠭᠤᠯᠵᠤ ᠪᠡᠯᠡ | ᠲᠣᠬᠢᠷᠠᠭᠤᠯᠬᠤ ᠪᠠᠶᠢᠭᠤᠯᠤᠮᠵᠢ ᠣᠷᠣᠨ ᠤ ᠲᠥᠪ ᠬᠤᠲᠠ ᠶᠢ ᠭᠦᠨᠵᠡᠭᠡᠢ ᠤᠶᠢᠯᠠᠭᠠᠨ ᠪᠡᠯᠡ ᠤᠷᠤᠭᠤᠯᠵᠤ᠂ ᠬᠠᠮᠲᠤ ᠪᠠᠷ ᠠᠵᠠ ᠲᠣᠬᠢᠶᠠᠯ ᠢ ᠡᠳ᠋ᠯᠡᠨ ᠠᠰᠢᠭ ᠬᠦᠷᠳᠡᠵᠦ᠂ | ᠢᠷᠡᠭᠡᠳᠦᠢ ᠶᠢ ᠬᠠᠮᠲᠤ ᠪᠠᠷ ᠴᠣᠭᠴᠠᠯᠠᠬᠤ ᠶᠢ ᠬᠦᠰᠡᠵᠦ ᠪᠠᠶᠢᠨ᠎ᠠ ᠭᠡᠵᠡᠢ᠃ | ᠶᠡᠭᠡ ᠬᠤᠷᠠᠯ ᠠᠴᠠ 2025 ᠤᠨ ᠤ ᠬᠥᠬᠡᠬᠤᠲᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠯᠲᠠᠨ ᠣᠲᠤᠭ᠎ᠠ ᠶᠢᠨ ᠵᠠᠷᠯᠠᠯ ᠪᠣᠯᠤᠨ ᠵᠠᠬ᠎ᠠ ᠳᠡᠯᠭᠡᠭᠦᠷ ᠲᠤ | ᠭᠠᠷᠭᠠᠬᠤ ᠪᠡᠯᠡᠳᠬᠡᠯ ᠠᠵᠤ ᠠᠬᠤᠶᠢᠯᠠᠯ ᠤᠨ ᠲᠡᠭᠷᠢ ᠶᠢᠨ ᠤᠨᠠᠭ᠎ᠠ ᠶᠢᠨ ᠵᠠᠷᠯᠠᠯ ᠢ ᠨᠡᠶᠢᠲᠡᠯᠡᠪᠡ᠃ | ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠰᠠᠶᠢᠬᠠᠨ ᠲᠣᠭᠤᠷᠢᠭ ᠤᠨ ᠬᠢᠨ ᠲᠤᠰ ᠲᠤᠰ ᠪᠡᠯᠡ | ᠣᠷᠣᠭᠤᠯᠵᠤ ᠪᠡᠯᠡ ᠲᠣᠬᠢᠷᠠᠭᠤᠯᠬᠤ ᠲᠤᠰᠬᠠᠢ ᠲᠠᠯᠠᠪᠤᠷ ᠤᠨ ᠵᠣᠯᠭᠠᠭᠤᠯᠬᠤ ᠬᠤᠷᠠᠯ ᠬᠢᠪᠡ᠃ |