ᠬᠤᠲᠠ ᠶᠢᠨ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠲᠠᠢ ᠠᠵᠢᠯ ᠤᠨ ᠵᠥᠪᠳᠡᠯᠴᠡᠬᠦ ᠲᠦᠷᠢᠮ ᠤᠨ ᠵᠥᠪᠯᠡᠨ ᠲᠣᠭᠲᠠᠭᠠᠭᠰᠠᠨ ᠪᠢᠴᠢᠭ ᠲᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2025/3/21
ᠵᠠᠩ ᠸᠧᠨ ᠲᠤᠤ ᠾᠧ ᠬᠠᠢ ᠳ᠋ᠦᠩ ᠭᠡᠷ᠎ᠡ ᠲᠣᠭᠲᠠᠬᠤ ᠶᠢ ᠭᠡᠷᠡᠴᠢᠯᠡᠪᠡ      3 ᠳ᠋ᠤᠭᠠᠷ ᠰᠠᠷ᠎ᠠ ᠶᠢᠨ 20 ᠤ ᠡᠳᠦᠷ᠂ ᠬᠤᠲᠠ ᠶᠢᠨ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠲᠠᠢ ︽ᠲᠢᠩᠬᠢᠮ ᠬᠤᠲᠠ ᠶᠢᠨ ᠠᠵᠢᠯ ᠤᠨ ᠵᠥᠪᠳᠡᠯᠴᠡᠬᠦ ᠲᠦᠷᠢᠮ ᠤᠨ ᠵᠥᠪᠯᠡᠨ ᠲᠣᠭᠲᠠᠭᠠᠭᠰᠠᠨ ᠪᠢᠴᠢᠭ︾ ᠲᠤ ᠭᠠᠷ ᠤᠨ ᠥᠰᠥᠭ ᠵᠢᠷᠤᠪᠠ᠃ ᠡᠨᠡ ᠨᠢ ᠬᠥᠬᠡᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠡᠩ ᠰᠠᠭᠠᠳ ᠦᠭᠡᠶ ᠨᠡᠪᠲᠡᠷᠡᠬᠦ ᠨᠡᠩ ᠨᠢᠭᠲᠠ ᠳᠦᠷᠢᠮᠵᠢᠨ ᠬᠠᠷᠢᠯᠴᠠᠬᠤ ᠲᠣᠭᠲᠠᠴᠠ ᠪᠠᠶᠢᠭᠤᠯᠤᠭᠰᠠᠨ ᠢ ᠬᠠᠷᠠᠭᠤᠯᠵᠤ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠸᠧᠨ ᠲᠤᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠭᠡᠷ᠎ᠡ ᠲᠣᠭᠲᠠᠬᠤ ᠶᠢ ᠭᠡᠷᠡᠴᠢᠯᠡᠪᠡ᠃      ᠵᠥᠪᠳᠡᠯᠴᠡᠬᠦ ᠠᠭᠤᠯᠭ᠎ᠠ ᠶᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠲᠠ ᠪᠠᠨ ᠬᠦᠴᠦᠷᠬᠡᠭᠵᠢᠭᠦᠯᠬᠦ ᠪᠠ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠶᠢ ᠬᠠᠮᠲᠤ ᠪᠠᠷ ᠠᠬᠢᠭᠤᠯᠵᠤ᠂ ᠣᠷᠣᠨ ᠤ ᠲᠥᠪ ᠬᠤᠲᠠ ᠶᠢᠨ ︽ᠨᠢᠭᠡ ᠲᠣᠭᠤᠷᠢᠭ ᠨᠢᠭᠡ ᠬᠦᠷᠢᠶᠡᠯᠡᠩ ᠣᠯᠠᠨ ᠲᠠᠪᠴᠠᠩ︾ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠲᠠᠰ ᠢ ᠬᠠᠮᠵᠢᠯᠴᠠᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ       ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠭᠠᠷ ᠬᠤᠯᠪᠣᠨ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠤᠭᠯᠠᠷᠠᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠤᠨ ᠲᠠᠰ ᠳᠡᠪᠰᠢᠭᠰᠡᠨ ᠬᠡᠪ ᠢ ᠬᠤᠯᠪᠣᠭᠠᠯᠠᠨ ᠴᠤᠭᠴᠠᠯᠠᠵᠤ᠂ ᠪᠥᠬᠦ ᠨᠡᠶᠢᠭᠡᠮ ᠢ ᠬᠠᠮᠲᠤ ᠪᠠᠷ ᠬᠥᠲᠥᠯᠦᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠡᠳ᠋ ᠳᠠᠷᠤᠭ᠎ᠠ ᠬᠤᠤ ᠰᠢ ᠬᠤᠩ᠂ ᠢᠦᠶ ᠸᠧᠶ᠂ ᠬᠤᠲᠠ ᠶᠢᠨ ᠳᠡᠳ᠋ ᠳᠠᠷᠤᠭ᠎ᠠ ᠵᠢᠶᠤᠤ ᠬᠤᠩ ᠣᠷᠣᠯᠴᠠᠵᠠᠶ᠃       ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ