ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠦᠵᠡᠯ ᠰᠠᠨᠠᠭ᠎ᠠ ᠪᠠᠨ ᠴᠢᠯᠦᠭᠡᠯᠡᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ ᠡᠷᠡᠮᠡᠬᠡᠶᠢᠯᠡᠨ ᠤᠷᠤᠭᠰᠢᠯᠠᠵᠤ ᠦᠨᠡᠨ ᠬᠦ ᠠᠳᠬᠤᠨ ᠪᠣᠳᠠᠲᠠᠢ ᠠᠵᠢᠯᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠶᠦᠨᠨᠠᠨ ᠤ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ
ᠨᠡᠶᠢᠲᠡᠯᠡᠭᠰᠡᠨ ᠴᠠᠭ᠄
2025/3/21
 ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ    ᠰᠢᠨᠬᠤᠸᠠ ᠬᠤᠷᠢᠶ᠎ᠠ ᠶᠢᠨ ᠺᠦᠨᠮᠢᠩ ᠤᠨ 3 ᠰᠠᠷ᠎ᠠ ᠶᠢᠨ 20 ᠤ ᠴᠠᠭᠢᠯᠭᠠᠨ ᠮᠡᠳᠡᠭᠡ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠶᠦᠨᠨᠠᠨ ᠳᠤ ᠰᠢᠨᠵᠢᠯᠡᠨ ᠪᠠᠶᠢᠴᠠᠭᠠᠬᠤ ᠳᠠᠭᠠᠨ᠂ ᠶᠦᠨᠨᠠᠨ ᠮᠤᠵᠢ ᠶᠢᠨ ᠬᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢ ᠬᠥᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠨ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠦᠵᠡᠯ ᠰᠠᠨᠠᠭ᠎ᠠ ᠪᠠᠨ ᠴᠢᠯᠦᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠶᠦᠨᠨᠠᠨ ᠤ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
TT032101.jpg
     3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ ᠰᠢ ᠶᠢᠨ ᠫᠢᠩ ᠯᠢᠵᠢᠶᠠᠩ ᠤᠨ ᠤᠳᠤ ᠦᠶ᠎ᠡ ᠶᠢᠨ ᠴᠡᠴᠡᠭ ᠤᠨ ᠠᠵᠤ ᠦᠢᠯᠡᠰ ᠤᠨ ᠬᠦᠷᠢᠶᠡᠯᠡᠩ ᠤᠨ ᠰᠠᠷᠭᠠᠢ ᠴᠡᠴᠡᠭ ᠲᠠᠷᠢᠬᠤ ᠲᠣᠭᠤᠷᠢᠭ ᠲᠤ ᠲᠤᠬᠠᠢ ᠶᠢᠨ ᠲᠠᠯᠠᠪᠠᠢ ᠶᠢᠨ ᠲᠣᠰᠬᠤᠨ ᠤ ᠠᠷᠠᠳ᠂ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ    3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠰᠢ ᠶᠢᠨ ᠫᠢᠩ ᠶᠦᠨᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠨᠢᠩ ᠪᠣᠯᠣᠨ ᠮᠤᠵᠢ ᠶᠢᠨ ᠳᠠᠷᠤᠭ᠎ᠠ ᠸᠠᠩ ᠢᠦᠢ ᠪᠦᠸᠧ ᠶᠢᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠯᠢᠵᠢᠶᠠᠩ᠂ ᠺᠦᠨᠮᠢᠩ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ᠃    19 ᠤ ᠦᠳᠡ ᠶᠢᠨ ᠬᠤᠶᠢᠨ᠎ᠠ᠂ ᠰᠢ ᠶᠢᠨ ᠫᠢᠩ ᠯᠢᠵᠢᠶᠠᠩ ᠤᠨ ᠤᠳᠤ ᠦᠶ᠎ᠡ ᠶᠢᠨ ᠴᠡᠴᠡᠭ ᠤᠨ ᠠᠵᠤ ᠦᠢᠯᠡᠰ ᠤᠨ ᠬᠦᠷᠢᠶᠡᠯᠡᠩ ᠳᠤ ᠭᠦᠷᠪᠡ᠃ ᠦᠵᠡᠭᠦᠯᠭᠡ ᠶᠢᠨ ᠲᠢᠩᠬᠢᠮ ᠳᠤ ᠲᠡᠷᠡ ᠰᠠᠷᠭᠠᠢ ᠴᠡᠴᠡᠭ᠂ ᠲᠤᠭᠤᠷᠠᠢ ᠯᠢᠩᠬᠤ᠎ᠠ ᠰᠣᠷᠭᠤᠭ ᠴᠡᠴᠡᠭ ᠤᠨ ᠲᠥᠷᠥᠯ ᠵᠦᠢᠯ ᠤᠨ ᠦᠵᠡᠭᠦᠯᠭᠡ ᠶᠢ ᠪᠠᠶᠢᠴᠠᠭᠠᠨ ᠦᠵᠡᠵᠦ᠂ ᠶᠦᠨᠨᠠᠨ ᠤ ᠬᠤᠸᠠᠷ ᠴᠡᠴᠡᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠠᠷᠭᠠᠢ ᠴᠡᠴᠡᠭ ᠲᠠᠷᠢᠬᠤ ᠲᠣᠭᠤᠷᠢᠭ ᠲᠤ ᠲᠡᠷᠡ ᠣᠶᠤᠨᠲᠤ ᠬᠦᠯᠡᠮᠵᠢ ᠳᠤ ᠬᠥᠷᠥᠰᠥ ᠰᠢᠷᠣᠢ ᠦᠭᠡᠢ ᠪᠠᠷ ᠲᠠᠷᠢᠬᠤ ᠮᠡᠷᠭᠡᠵᠢᠯ ᠢ ᠣᠶᠢᠯᠠᠭᠠᠵᠤ᠂ ᠲᠤᠬᠠᠢ ᠶᠢᠨ ᠲᠠᠯᠠᠪᠠᠢ ᠶᠢᠨ ᠲᠣᠰᠬᠤᠨ ᠤ ᠠᠷᠠᠳ᠂ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠪᠠ᠃ ᠲᠡᠷᠡ ᠪᠠᠰᠠ ᠰᠠᠷᠭᠠᠢ ᠴᠡᠴᠡᠭ ᠢ ᠲᠠᠰ ᠬᠤᠪᠢᠶᠠᠨ ᠪᠣᠭᠤᠳᠠᠯᠯᠠᠬᠤ ᠦᠢᠯᠡᠳᠪᠦᠷᠢᠯᠡᠯ ᠤᠨ ᠱᠤᠭᠤᠮ ᠳᠤ ᠬᠦᠷᠴᠦ᠂ ᠰᠢᠭᠰᠢᠨ ᠰᠣᠩᠭᠤᠬᠤ᠂ ᠲᠠᠰ ᠬᠤᠪᠢᠶᠠᠨ ᠪᠣᠭᠤᠳᠠᠯᠯᠠᠬᠤ᠂ ᠪᠠᠷᠠᠭ᠎ᠠ ᠶᠠᠪᠤᠭᠤᠯᠬᠤ ᠪᠦᠭᠦ ᠶᠠᠪᠤᠴᠠ ᠶᠢ ᠪᠠᠶᠢᠴᠠᠭᠠᠨ ᠦᠵᠡᠵᠦ᠂ ᠰᠣᠷᠭᠤᠭ ᠴᠡᠴᠡᠭ ᠢ ᠪᠠᠷᠠᠭᠠᠨ ᠤ ᠭᠦᠢᠯᠭᠡᠭᠡ ᠪᠠᠷ ᠳᠠᠮᠵᠢᠨ ᠴᠠᠭ ᠲᠤᠬᠠᠢ ᠳᠤᠨᠢ ᠭᠠᠳᠠᠭᠰᠢ ᠪᠣᠷᠣᠯᠠᠭᠤᠯᠵᠤ ᠪᠠᠶᠢᠬᠤ ᠶᠢ ᠨᠤᠲᠠᠯᠠᠵᠤ ᠪᠠᠶᠢᠬᠤ ᠪᠠᠨ ᠢᠯᠡᠳᠬᠡᠵᠡᠢ᠃ ᠰᠢ ᠶᠢᠨ ᠫᠢᠩ᠂ ᠶᠦᠨᠨᠠᠨ ᠤ ᠴᠡᠴᠡᠭ ᠤᠨ ᠠᠵᠤ ᠦᠢᠯᠡᠰ ᠤᠨ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠪᠦᠭᠦ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠮᠠᠯ ᠤᠨ ᠦᠢᠯᠡᠰ ᠤᠨ ᠦᠵᠦᠭᠦᠷᠯᠢᠭ᠂ ᠲᠠᠷᠢᠮᠠᠯ ᠤᠨ ᠦᠵᠦᠭᠦᠷᠯᠢᠭ᠂ ᠵᠠᠬ᠎ᠠ ᠳᠡᠯᠭᠡᠭᠦᠷ ᠤᠨ ᠦᠵᠦᠭᠦᠷᠯᠢᠭ ᠠᠴᠠ ᠲᠠᠰᠤᠷᠠᠯᠳᠠ ᠦᠭᠡᠢ ᠭᠦᠨᠵᠡᠭᠡᠶᠢᠷᠡᠨ ᠨᠠᠷᠢᠯᠢᠭ ᠠᠵᠢᠯᠯᠠᠵᠤ᠂ ᠡᠨᠡ ᠬᠦ ︽ᠦᠵᠡᠰᠬᠦᠯᠡᠩᠲᠦ ᠰᠠᠶᠢᠬᠠᠨ ᠠᠵᠤ ᠦᠢᠯᠡᠰ︾ ᠢ ᠤᠯᠠᠨ ᠲᠦᠮᠡᠨ ᠳᠤ ᠪᠤᠶᠠᠨ ᠦᠢᠯᠡᠳᠬᠦ ︽ᠵᠣᠯ ᠵᠢᠷᠭᠠᠯᠲᠤ ᠠᠵᠤ ᠦᠢᠯᠡᠰ︾ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃  
TT032102.jpg
    3 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ ᠰᠢ ᠶᠢᠨ ᠫᠢᠩ ᠯᠢᠵᠢᠶᠠᠩ ᠤᠨ ᠡᠷᠲᠡᠨ ᠤ ᠬᠤᠲᠠ ᠳᠤ ᠰᠢᠨᠵᠢᠯᠡᠨ ᠪᠠᠶᠢᠴᠠᠭᠠᠬᠤ ᠳᠠᠭᠠᠨ ᠰᠠᠭᠤᠭᠠᠯᠢ ᠠᠷᠠᠳ ᠪᠣᠯᠣᠨ ᠵᠢᠭᠤᠯᠴᠢᠯᠠᠬᠰᠠᠳ  ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ    ᠯᠢᠵᠢᠶᠠᠩ ᠤᠨ ᠡᠷᠲᠡᠨ ᠤ ᠬᠤᠲᠠ 800 ᠭᠠᠷᠤᠢ ᠵᠢᠯ ᠤᠨ ᠲᠡᠦᠬᠡ ᠲᠠᠢ ᠪᠠᠶᠢᠵᠤ᠂ ᠳᠡᠯᠡᠬᠡᠢ ᠶᠢᠨ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠪᠠ᠃ ᠨᠢᠭᠡ ᠤᠳᠠᠭᠠᠨ ᠤ ᠬᠠᠪᠤᠷ ᠤᠨ ᠴᠠᠰᠤᠨ ᠤ ᠳᠠᠷᠠᠭ᠎ᠠ ᠯᠢᠵᠢᠶᠠᠩ ᠳᠤ ᠵᠢᠭᠤᠯᠴᠢᠯᠠᠬᠤ ᠬᠥᠮᠥᠰ ᠣᠯᠠᠰᠢᠷᠠᠪᠠ᠃ ᠰᠢ ᠶᠢᠨ ᠫᠢᠩ ᠠᠳᠡ ᠡᠷᠲᠡᠨ ᠤ ᠬᠤᠳᠠ ᠶᠢ ᠪᠠᠶᠢᠭᠤᠯᠤᠭᠰᠠᠨ ᠲᠡᠦᠬᠡ᠂ ᠨᠠᠰᠢ ᠦᠨᠳᠦᠰᠦᠲᠡᠨ ᠤ ᠠᠷᠠᠳ ᠤᠨ ᠰᠠᠭᠤᠴᠠ ᠶᠢᠨ ᠣᠨᠴᠠᠯᠢᠭ ᠪᠣᠯᠣᠨ ᠲᠤᠬᠠᠢ ᠶᠢᠨ ᠭᠠᠵᠠᠷ ᠤᠨ ᠰᠣᠶᠣᠯ ᠤᠨ ᠥᠪ ᠢ ᠬᠠᠮᠠᠭᠠᠯᠠᠨ ᠠᠰᠢᠭᠯᠠᠭᠰᠠᠨ ᠪᠠᠶᠢᠳᠠᠯ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠭᠰᠠᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ ᠰᠠᠭᠤᠭᠠᠯᠢ ᠠᠷᠠᠳ ᠪᠣᠯᠣᠨ ᠵᠢᠭᠤᠯᠴᠢᠯᠠᠬᠰᠠᠳ ᠶᠡᠷᠦᠩᠬᠡᠢ ᠱᠦᠵᠢ ᠲᠠᠢ ᠠᠭᠤᠯᠵᠠᠭᠠᠳ ᠲᠤᠶᠢᠯ ᠢᠶᠠᠷ ᠪᠠᠶᠠᠷᠯᠠᠵᠤ᠂ ᠪᠤᠯᠢᠶᠠᠯᠳᠤᠨ ᠮᠡᠨᠳᠦᠴᠢᠯᠡᠵᠦ᠂ ᠵᠠᠷᠢᠮ ᠨᠢ ᠪᠠᠰᠠ ᠬᠥᠭᠵᠢᠮ ᠬᠥᠭᠵᠢᠮᠳᠡᠵᠦ᠂ ᠳᠠᠭᠤᠯᠠᠨ ᠪᠥᠵᠢᠭᠯᠡᠵᠦ ᠶᠡᠷᠦᠩᠬᠡᠢ ᠱᠦᠵᠢ ᠶᠢ ᠤᠭᠲᠤᠪᠠ᠃ ᠰᠢ ᠶᠢᠨ ᠫᠢᠩ ᠤᠯᠠᠨ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ ᠬᠤᠳᠠᠯᠳᠤᠭᠠᠨ ᠤ ᠳᠡᠯᠭᠡᠭᠦᠷ ᠤᠨ ᠡᠵᠡᠩᠨᠡᠯᠲᠡ ᠶᠢᠨ ᠪᠠᠶᠢᠳᠠᠯ ᠪᠣᠯᠣᠨ ᠵᠢᠭᠤᠯᠴᠢᠯᠠᠬᠰᠠᠳ ᠤᠨ ᠲᠥᠷᠥᠭᠳᠡᠯ ᠢ ᠣᠶᠢᠯᠠᠭᠠᠪᠠ᠃ ᠲᠡᠷᠡ ᠲᠤᠬᠠᠢ ᠶᠢᠨ ᠭᠠᠵᠠᠷ ᠤᠨ ᠬᠢᠨ ᠬᠠᠮᠠᠭᠠᠯᠠᠯᠲᠠ ᠪᠠ ᠬᠥᠭᠵᠢᠯᠲᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠡᠨᠡ ᠬᠦ ᠦᠵᠡᠰᠬᠦᠯᠡᠩᠲᠦ ᠰᠠᠶᠢᠬᠠᠨ ᠡᠷᠲᠡᠨ ᠤ ᠬᠤᠲᠠ ᠶᠢᠨ ᠰᠢᠨ᠎ᠡ ᠭᠡᠷᠡᠯ ᠭᠢᠯᠪᠠᠭ᠎ᠠ ᠶᠢ ᠰᠠᠴᠤᠷᠠᠭᠤᠯᠬᠤ ᠬᠡᠷᠡᠭᠲᠡᠢ ᠭᠡᠵᠦ ᠱᠠᠭᠠᠷᠳᠠᠪᠠ᠃    ᠡᠷᠲᠡᠨ ᠤ ᠬᠤᠳᠠ ᠶᠢᠨ ᠳᠣᠲᠣᠷᠠᠬᠢ ᠮᠦ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠣᠷᠳᠣᠨ ᠤ ᠶᠠᠮᠤᠨ ᠨᠢ ᠪᠠᠷᠠᠭᠤᠨ ᠡᠮᠦᠨᠡᠲᠦ ᠣᠷᠣᠨ ᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠭᠡᠷᠡᠴᠢᠯᠡᠵᠡᠢ᠃ ᠰᠢ ᠶᠢᠨ ᠫᠢᠩ ᠮᠦ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠣᠷᠳᠣᠨ ᠤ ᠭᠤᠣᠯ ᠪᠠᠷᠢᠯᠭ᠎ᠠ ᠶᠢ ᠪᠠᠶᠢᠴᠠᠭᠠᠨ ᠦᠵᠡᠵᠦ᠂ ᠨᠠᠰᠢ ᠦᠨᠳᠦᠰᠦᠲᠡᠨ ᠤ ᠳ᠋ᠦᠩᠪᠠ ᠶᠢᠨ ᠰᠣᠶᠣᠯ ᠤᠨ ᠰᠤᠳᠤᠯᠭᠠᠨ ᠤ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃ ᠲᠡᠷᠡ᠂ ᠮᠦ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠣᠷᠳᠣᠨ ᠮᠡᠲᠦ ᠶᠢᠨ ᠴᠢᠬᠤᠯᠠ ᠰᠣᠶᠣᠯ ᠤᠨ ᠪᠡᠯᠭᠡ ᠲᠡᠮᠳᠡᠭ ᠢ ᠰᠠᠶᠢᠲᠤᠷ ᠬᠠᠮᠠᠭᠠᠯᠠᠨ ᠠᠰᠢᠭᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠶᠢᠲᠤᠷ ᠬᠠᠮᠠᠭᠠᠯᠠᠨ ᠵᠠᠯᠭᠠᠮᠵᠢᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠲᠥᠯᠥᠨ ᠵᠢᠯᠤᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠳᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠠᠶᠠᠷᠯᠠᠬᠤ ᠦᠶ᠎ᠡ ᠳᠤ ᠮᠠᠰᠢ ᠤᠯᠠᠨ ᠰᠠᠭᠤᠭᠠᠯᠢ ᠠᠷᠠᠳ ᠪᠣᠯᠣᠨ ᠵᠢᠭᠤᠯᠴᠢᠯᠠᠬᠰᠠᠳ ᠴᠤᠭᠯᠠᠷᠠᠨ ᠢᠷᠡᠵᠦ ᠶᠡᠷᠦᠩᠬᠡᠢ ᠱᠦᠵᠢ ᠶᠢ ᠦᠳᠡᠨ ᠮᠣᠷᠳᠠᠭᠤᠯᠵᠠᠢ᠃ ᠰᠢ  ᠶᠢᠨ ᠫᠢᠩ ᠤᠯᠠᠨ ᠢ ᠵᠣᠷᠢᠭᠵᠢᠭᠤᠯᠵᠤ᠂ ᠯᠢᠵᠢᠶᠠᠩ ᠳᠤ ᠦᠵᠡᠰᠬᠦᠯᠡᠩᠲᠦ ᠰᠠᠶᠢᠬᠠᠨ ᠦᠵᠡᠮᠵᠢ ᠲᠠᠢ᠂ ᠥᠪᠡᠷᠮᠢᠴᠡ ᠣᠨᠴᠠᠯᠢᠭᠲᠤ ᠰᠣᠶᠣᠯ ᠲᠠᠢ᠂ ᠥᠨᠳᠥᠷ ᠮᠠᠨᠳᠤᠭᠰᠠᠨ ᠨᠡᠷ᠎ᠡ ᠠᠯᠳᠠᠷ ᠲᠠᠢ᠂ ᠯᠠᠪᠲᠠᠶ᠎ᠠ ᠦᠷᠭᠦᠯᠵᠢᠯᠡᠭᠰᠡᠨ ᠡᠷᠡᠭᠦᠯ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠵᠠᠮ ᠢ ᠨᠡᠭᠡᠭᠡᠵᠦ ᠴᠢᠳᠠᠨ᠎ᠠ ᠭᠡᠪᠡ᠃ ᠲᠡᠷᠡ ᠯᠢᠵᠢᠶᠠᠩ ᠤᠨ ᠠᠷᠠᠳ ᠲᠦᠮᠡᠨ ᠤ ᠠᠮᠢᠳᠤᠷᠠᠯ ᠢ ᠨᠠᠰᠢ ᠦᠨᠳᠦᠰᠦᠲᠡᠨ ᠤ ︽ᠾᠧ︾ ᠣᠪᠣᠭ ᠮᠡᠲᠦ᠂ ᠵᠣᠯ ᠵᠢᠷᠭᠠᠯᠲᠠᠢ ᠠᠮᠤᠷ ᠠᠮᠤᠭᠤᠯᠠᠩ᠂ ᠡᠶ᠎ᠡ ᠨᠠᠶᠢᠷᠠᠮᠳᠠᠭᠤ ᠪᠠᠶᠢᠭᠠᠰᠠᠢ ᠭᠡᠵᠦ ᠵᠥᠩᠨᠡᠪᠡ᠃    20 ᠤ ᠦᠳᠡ ᠶᠢᠨ ᠡᠮᠦᠨ᠎ᠡ᠂ ᠰᠢ ᠶᠢᠨ ᠫᠢᠩ ᠶᠦᠨᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠦᠨᠨᠠᠨ ᠤ ᠡᠯ᠎ᠡ ᠲᠠᠯ᠎ᠠ ᠶᠢᠨ ᠬᠢᠨ ᠤ ᠣᠯᠣᠭᠰᠠᠨ ᠠᠮᠵᠢᠯᠲᠠ ᠪᠦᠲᠦᠮᠵᠢ ᠶᠢ ᠨᠤᠲᠠᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃    ᠰᠢ ᠶᠢᠨ ᠫᠢᠩ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠲᠠᠢ ᠠᠵᠢᠯ ᠮᠥᠨ᠃ ᠡᠯ᠎ᠡ ᠭᠠᠵᠠᠷ ᠤᠨ ᠡᠬᠢ ᠪᠠᠶᠠᠯᠢᠭ ᠤᠨ ᠬᠡᠮᠵᠢᠶ᠎ᠡ᠂ ᠰᠠᠭᠤᠷᠢ ᠨᠥᠬᠦᠴᠡᠯ ᠵᠡᠷᠭᠡ ᠨᠢ ᠠᠳᠠᠯᠢ ᠪᠤᠰᠤ ᠪᠠᠶᠢᠵᠤ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠳᠬᠤᠬᠤ ᠳᠤ ᠪᠣᠳᠠᠲᠠᠢ ᠠᠴᠠ ᠡᠭᠦᠰᠴᠦ᠂ ᠠᠵᠤ ᠠᠬᠤᠢ ᠶᠢᠨ ᠵᠢᠮ᠎ᠡ ᠶᠣᠰᠣ ᠶᠢ ᠵᠢᠷᠤᠮᠯᠠᠵᠤ᠂ ᠥᠪᠡᠷ ᠤᠨ ᠣᠨᠴᠠᠯᠢᠭ ᠢᠶᠠᠨ ᠳᠣᠪᠤᠶᠢᠯᠭᠠᠬᠤ ᠬᠡᠷᠡᠭᠲᠡᠢ᠃ ᠶᠦᠨᠨᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠨ ᠡᠬᠢ ᠪᠠᠶᠠᠯᠢᠭ ᠤᠨ ᠭᠡᠯᠪᠡᠷᠢ ᠶᠢᠨ ᠠᠵᠤ ᠦᠢᠯᠡᠰ ᠢ ᠬᠦᠴᠦᠷᠬᠡᠭᠵᠢᠭᠦᠯᠵᠦ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠦᠷᠭᠡᠨ ᠬᠥᠭᠵᠢᠭᠦᠯᠵᠦ᠂ ᠠᠵᠤ ᠦᠢᠯᠡᠰ ᠤᠨ ᠦᠷᠳᠡᠭ ᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠠᠵᠤ ᠦᠢᠯᠡᠰ ᠤᠨ ᠱᠠᠲᠤᠴᠢ ᠰᠢᠯᠵᠢᠯᠲᠡ ᠶᠢ ᠡᠮᠬᠢ ᠵᠢᠷᠤᠮ ᠲᠠᠢ ᠭᠥᠯᠢᠶᠡᠨ ᠠᠪᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠶᠦᠨᠨᠠᠨ ᠤ ᠣᠷᠣᠨ ᠪᠠᠶᠢᠷᠢ ᠶᠢᠨ ᠨᠥᠬᠦᠴᠡᠯ ᠥᠪᠡᠷᠮᠢᠴᠡ ᠪᠠᠶᠢᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠢᠳᠡᠪᠬᠢᠲᠡᠢ ᠠᠬᠢᠭᠤᠯᠵᠤ᠂ ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ ᠳᠤ ᠬᠠᠨᠳᠤᠭᠤᠯᠤᠭᠰᠠᠨ ᠨᠥᠯᠥᠭᠡᠯᠡᠨ ᠳᠠᠶᠢᠴᠢᠯᠠᠬᠤ ᠲᠥᠪ ᠢ ᠪᠦᠲᠦᠭᠡᠨ ᠪᠠᠶᠢᠭᠤᠯᠬᠤ ᠬᠡᠷᠡᠭᠲᠡᠢ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠡᠨᠧᠷᠭᠢ᠂ ᠲᠣᠭᠠᠴᠢᠯᠠᠭᠰᠠᠨ ᠮᠡᠳᠡᠭᠡ ᠵᠠᠩᠭᠢ ᠵᠡᠷᠭᠡ ᠶᠡᠭᠡ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠨᠡᠭᠡᠭᠡᠯᠲᠡᠲᠤ ᠲᠠᠪᠴᠠᠩ ᠢ ᠠᠵᠤ ᠠᠬᠤᠢ ᠶᠢᠨ ᠬᠥᠭᠵᠢᠯᠲᠡ ᠶᠢᠨ ᠨᠡᠮᠡᠭᠳᠡᠯ ᠤᠨ ᠴᠡᠭ ᠪᠤᠯᠭᠠᠬᠤ ᠬᠡᠷᠡᠭᠲᠡᠢ᠃ ᠡᠷᠭᠢᠨ ᠲᠣᠭᠤᠷᠢᠨ ᠤ ᠤᠯᠤᠰ ᠯᠤᠭ᠎ᠠ ᠶᠢᠨ ᠠᠵᠤ ᠠᠬᠤᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠴᠢᠳᠠᠪᠤᠷᠢᠲᠠᠨ᠂ ᠡᠮᠴᠢᠯᠡᠭᠡ᠂ ᠰᠣᠶᠣᠯ ᠵᠡᠷᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠨ ᠣᠯᠣᠯᠲᠠ ᠲᠥᠷᠥᠭᠳᠡᠯ ᠲᠠᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠶᠦᠨᠨᠠᠨ ᠤ ᠠᠮᠢ ᠠᠬᠤᠢ ᠶᠢᠨ ᠪᠠᠶᠢᠷᠢ ᠰᠠᠭᠤᠷᠢ ᠴᠢᠬᠤᠯᠠ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠤᠯᠤᠰ ᠤᠨ ᠪᠠᠷᠠᠭᠤᠨ ᠡᠮᠦᠨᠡᠲᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠪᠦᠷᠢᠨᠰᠢᠭᠦᠯᠵᠦ ᠂ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠵᠤ᠂ ᠬᠠᠶᠢᠷ ᠴᠢᠯᠠᠭᠤᠵᠢᠬᠤ᠂ ᠬᠥᠷᠥᠰᠥ ᠰᠢᠷᠣᠢ ᠶᠢᠨ ᠢᠳᠡᠭᠳᠡᠯ ᠵᠢᠴᠢ ᠵᠢᠵᠢᠭ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠬᠢᠭᠡᠳ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠵᠣᠯᠭᠠᠭᠤᠯᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠪᠣᠬᠢᠷᠳᠤᠯ ᠢ ᠰᠡᠷᠭᠡᠶᠢᠯᠡᠨ ᠵᠠᠰᠠᠬᠤ ᠪᠠ ᠭᠤᠣᠯᠳᠠᠯᠭ᠎ᠠ ᠲᠠᠢ ᠨᠠᠭᠤᠷ ᠴᠥᠭᠦᠷᠥᠮ ᠤᠨ ᠣᠷᠴᠢᠨ ᠲᠣᠭᠤᠷᠢᠨ ᠤ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠶᠦᠨᠨᠠᠨ ᠳᠤ ᠦᠨᠳᠦᠰᠦᠲᠡᠨ ᠤᠯᠠᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠵᠠᠰᠠᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠪᠦᠭᠦ ᠲᠠᠯ᠎ᠠ ᠪᠠᠷ ᠠᠭᠤᠰᠤᠯᠴᠠᠬᠤ ᠦᠢᠯᠡᠳᠦᠯᠭᠡ ᠶᠢᠨ ᠠᠷᠭ᠎ᠠ ᠵᠠᠮ ᠢ ᠥᠷᠭᠡᠳᠬᠡᠵᠦ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠨᠠᠮ ᠤᠨ ᠤᠳᠤᠷᠢᠳᠤᠯᠭ᠎ᠠ ᠪᠣᠯ ᠠᠵᠢᠯ ᠦᠢᠯᠡᠰ ᠤᠨ ᠬᠥᠭᠵᠢᠯᠲᠡ ᠶᠢᠨ ᠦᠨᠳᠦᠰᠦᠨ ᠪᠠᠲᠤᠯᠠᠭ᠎ᠠ ᠮᠥᠨ᠃ ᠨᠢᠭᠡ ᠭᠠᠵᠠᠷ ᠣᠷᠣᠨ ᠤ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢᠨ ᠲᠦᠪᠰᠢᠨ ᠥᠨᠳᠥᠷ ᠪᠠᠶᠢᠬᠤ ᠡᠰᠡᠬᠦ ᠶᠢ ᠦᠵᠡᠬᠦ ᠳᠤ ᠤᠯᠤᠰ ᠲᠦᠷᠦ ᠶᠢᠨ ᠠᠮᠢ ᠠᠬᠤᠢ ᠰᠠᠶᠢᠨ ᠪᠠᠶᠢᠬᠤ ᠡᠰᠡᠬᠦ ᠶᠢ ᠦᠵᠡᠬᠦ ᠪᠣᠯ ᠨᠢᠭᠡ ᠴᠢᠬᠤᠯᠠ ᠲᠠᠯ᠎ᠠ ᠪᠣᠯᠣᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠣᠪᠣᠷ ᠰᠤᠷᠲᠠᠯ ᠨᠢ ᠲᠥᠪ ᠴᠢᠬᠡᠴᠢ᠂ ᠲᠥᠪ ᠭᠤᠣᠯᠴᠢ ᠪᠠᠷ ᠠᠵᠢᠯᠯᠠᠵᠤ᠂ ᠲᠤᠰ ᠪᠡᠶ᠎ᠡ ᠶᠢᠨ ᠵᠢᠱᠢᠶᠡᠴᠢ ᠠᠵᠢᠯᠯᠠᠭ᠎ᠠ ᠪᠠᠷ ᠢᠶᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ᠂ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠪᠠᠨ ᠴᠢᠩᠭᠠᠳᠬᠠᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠭᠠᠵᠢᠭᠤ ᠰᠤᠷᠲᠠᠯ ᠢ ᠵᠠᠬ᠎ᠠ ᠳᠡᠯᠭᠡᠭᠦᠷ ᠦᠭᠡᠢ ᠪᠤᠯᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠠᠴᠠ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠨᠢᠭᠡᠨᠲᠡ ᠪᠠᠶᠢᠷᠢᠯᠠᠭᠤᠯᠵᠠᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠰᠤᠷᠤᠯᠴᠠᠯᠭ᠎ᠠ ᠬᠥᠮᠦᠵᠢᠯ ᠤᠨ ᠬᠠᠷᠢᠭᠤᠴᠠᠯᠭᠠᠲᠤ ᠰᠡᠳᠬᠢᠯᠭᠡ ᠲᠤᠯᠭᠠᠮ ᠰᠡᠳᠬᠢᠯᠭᠡ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠳᠠᠯ ᠡᠭᠦᠷᠭᠡ ᠲᠠᠢ ᠤᠶᠠᠯᠳᠤᠭᠤᠯᠤᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠡᠳᠡᠭᠡᠷ ᠵᠢᠯ ᠤᠨ ᠲᠤᠷᠰᠢᠬᠢ ᠰᠤᠷᠲᠠᠯ ᠤᠨ ᠪᠠᠶᠢᠭᠤᠯᠤᠯᠲᠠ ᠶᠢ ᠠᠳᠬᠤᠭᠰᠠᠨ ᠪᠣᠳᠠᠲᠠᠢ ᠦᠢᠯᠡᠳᠦᠯᠭᠡ ᠲᠠᠢ ᠤᠶᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠡᠪᠲᠡ ᠣᠶᠢᠯᠠᠭᠠᠵᠤ᠂ ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠲᠣᠭᠲᠠᠭᠠᠯ ᠢ ᠡᠵᠡᠮᠳᠡᠨ᠂ ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ ᠳᠤ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤ ᠲᠠᠯᠪᠢᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠢᠯᠵᠢᠷᠡᠯ ᠢ ᠡᠰᠡᠷᠭᠦᠴᠡᠬᠦ ᠶᠢ ᠨᠠᠪᠲᠠᠷᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠵᠣᠷᠢᠭᠲᠠᠢ ᠪᠠᠷ ᠠᠵᠢᠯ ᠬᠢᠵᠦ ᠦᠢᠯᠡᠰ ᠪᠣᠰᠬᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃    ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃    3 ᠰᠠᠷ᠎ᠠ ᠶᠢᠨ 20 ᠤ ᠦᠳᠡ ᠶᠢᠨ ᠡᠮᠦᠨ᠎ᠡ᠂ ᠰᠢ ᠶᠢᠨ ᠫᠢᠩ ᠺᠦᠨᠮᠢᠩ ᠳᠤ ᠰᠠᠭᠤᠭ᠎ᠠ ᠴᠡᠷᠢᠭ ᠠᠩᠭᠢ ᠶᠢᠨ ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠣᠨ ᠦᠨᠳᠦᠰᠦᠨ ᠱᠠᠲᠤᠨ ᠤ ᠲᠡᠷᠢᠭᠦᠨ ᠤ ᠵᠢᠱᠢᠶᠡᠴᠢ᠂ ᠪᠢᠴᠢᠭ ᠤᠨ ᠲᠤᠰᠢᠶᠠᠯᠲᠠᠨ ᠤ ᠲᠥᠯᠥᠭᠡᠯᠡᠭᠴᠢᠳ ᠲᠠᠢ ᠺᠦᠨᠮᠢᠩ ᠳᠤ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠺᠦᠨᠮᠢᠩ ᠳᠤ ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠭᠰᠡᠨ ᠪᠥᠭᠡᠳ ᠣᠯᠠᠨ ᠲᠠᠢ ᠬᠠᠮᠲᠤ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃     
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ