ᠾᠧ ᠬᠠᠢ ᠳ᠋ᠦᠩ ᠬᠤᠷᠠᠯ ᠢ ᠡᠷᠬᠢᠯᠡᠵᠡᠢ | ︵ᠰᠤᠷᠪᠤᠯᠵᠢᠯᠠᠭᠴᠢ ᠯᠢᠶᠠᠩ ᠵᠢᠩ ᠱᠥ︶ 3 ᠳ᠋ᠤᠭᠠᠷ ᠰᠠᠷ᠎ᠠ ᠶᠢᠨ 21 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ 2025 ᠣᠨ ᠤ ᠭᠤᠷᠪᠠᠳᠤᠭᠠᠷ ᠤᠳᠠᠭᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠵᠤ᠂ ᠣᠶᠢᠷ᠎ᠠ ᠶᠢᠨ ᠬᠤᠭᠤᠴᠠᠭᠠᠨ ᠤ ᠲᠥᠪ ᠤᠨ ᠬᠤᠯᠪᠣᠭᠳᠠᠯ ᠪᠥᠬᠦᠶ ᠴᠢᠬᠤᠯᠠ ᠬᠤᠷᠠᠯ᠂ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧ ᠬᠠᠢ ᠳ᠋ᠦᠩ ᠬᠤᠷᠠᠯ ᠢ ᠡᠷᠭᠢᠯᠡᠪᠡ᠃ | ᠬᠤᠷᠠᠯ ᠠᠴᠠ ᠨᠠᠮ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ︽ᠪᠥᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠦᠷᠨᠢᠭᠦᠯᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠭᠤᠤᠯᠳᠠᠯᠭ᠎ᠠ ᠲᠠᠢ ᠰᠤᠷᠤᠯᠴᠠᠵᠤ᠂ | ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠲᠤᠬᠠᠶ ᠬᠤᠲᠠ ᠶᠢᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠠᠵᠢᠯ ᠤᠨ ᠲᠥᠰᠦᠯ︾ ᠢ ᠬᠢᠨᠠᠨ ᠵᠥᠪᠯᠡᠵᠦ ᠪᠠᠲᠤᠯᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ | ᠤᠬᠠᠮᠰᠠᠷ ᠢᠶᠠᠨ ᠴᠢᠩᠭᠠᠳᠬᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠰᠤᠷᠤᠯᠴᠠᠨ ᠰᠤᠳᠤᠯᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠵᠠᠰᠠᠬᠤ᠂ ᠴᠢᠯᠦᠭᠡᠲᠡᠢ ᠰᠤᠷᠭᠠᠨ ᠬᠥᠮᠦᠵᠢᠯ ᠵᠡᠷᠭᠡ | ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠪᠣᠳᠠᠲᠠᠢ ᠠᠵᠢᠯ ᠲᠠᠢ ᠪᠠᠨ ᠤᠶᠠᠯᠳᠤᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠰᠠᠶᠢᠲᠤᠷ ᠬᠢᠵᠦ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ | ᠶᠢ ᠰᠠᠶᠢᠲᠤᠷ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠬᠢᠨᠠᠯᠲᠠ ᠵᠢᠯᠤᠭᠤᠳᠣᠯᠭ᠎ᠠ ᠪᠠᠨ ᠴᠢᠩᠭᠠᠳᠬᠠᠨ᠂ ᠡᠯ᠎ᠡ ᠵᠦᠢᠯ ᠤᠨ ᠡᠭᠦᠷᠭᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠰᠠᠶᠢᠲᠤᠷ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃ |