ᠾᠧ ᠬᠠᠢ ᠳ᠋ᠦᠩ ᠬᠤᠷᠠᠯ ᠢ ᠡᠷᠬᠢᠯᠡᠵᠡᠢ | ︵ᠰᠤᠷᠪᠤᠯᠵᠢᠯᠠᠭᠴᠢ ᠯᠢᠶᠠᠩ ᠵᠢᠩ ᠱᠦ ︶ 3 ᠳ᠋ᠤᠭᠠᠷ ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ | ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢᠨ ᠲᠥᠰᠦᠯ︾ | ︵ᠳᠤᠷᠤᠭᠰᠢ ︽ᠠᠵᠢᠯᠯᠠᠭ᠎ᠠ ᠶᠢᠨ ᠲᠥᠰᠦᠯ︾ ᠭᠡᠵᠦ ᠲᠣᠪᠴᠢᠯᠠᠨ᠎ᠠ︶ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ᠳᠥᠷᠪᠡᠨ ᠠᠵᠤ ᠦᠢᠯᠡᠰ ᠤᠨ | ᠪᠦᠰᠡ ᠶᠢᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭᠠᠨ ᠤ ᠲᠥᠰᠦᠯ᠂ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠡᠮᠬᠢᠳᠬᠡᠨ ᠴᠡᠭᠴᠡᠯᠡᠬᠦ ᠵᠡᠷᠭᠡ ᠬᠠᠮᠢᠶ᠎ᠠ ᠪᠥᠬᠦᠶ ᠵᠦᠢᠯᠡᠰ ᠢ ᠰᠤᠳᠤᠯᠪᠠ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠡᠷᠡᠭᠯᠡᠭᠡ ᠶᠢ ᠬᠥᠭᠵᠢᠭᠡᠬᠦ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ | ︽ᠠᠵᠢᠯᠯᠠᠭ᠎ᠠ ᠶᠢᠨ ᠲᠥᠰᠥᠯ︾ ᠶᠣᠰᠣᠭᠠᠷ᠂ ᠣᠷᠣᠨ ᠤ ᠲᠥᠪ ᠬᠤᠲᠠ ᠶᠢᠨ ᠪᠣᠳᠠᠲᠠᠢ ᠲᠠᠢ ᠤᠶᠠᠯᠳᠤᠭᠤᠯᠵᠤ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠲᠦᠷᠭᠡᠨ | ᠬᠡᠷᠡᠭᠵᠢᠭᠦᠯᠵᠦ᠂ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠥᠷᠭᠡᠳᠬᠡᠵᠦ᠂ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠶᠡᠬᠡᠪᠡᠷ ᠳᠡᠮᠵᠢᠵᠦ᠂ | ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠬᠡᠷᠡᠭᠯᠡᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠠᠷᠠᠳ ᠲᠤ ᠠᠰᠢᠭ | ᠬᠦᠷᠲᠡᠭᠡᠬᠦ ᠶᠢ ᠠᠬᠢᠭᠤᠯᠵᠤ᠂ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠬᠥᠭᠵᠢᠯᠲᠡ ᠶᠢ ᠲᠦᠷᠭᠡᠳᠬᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ | ᠨᠡᠩ ᠤᠯᠠᠨ ᠬᠡᠷᠡᠭᠯᠡᠭᠡᠨ ᠤ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠪᠠᠶᠢᠳᠠᠯ ᠢ ᠪᠦᠷᠢᠯᠳᠦᠭᠦᠯᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠬᠦ ᠳᠤ ᠪᠠᠲᠤ | ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠠᠵᠤ ᠦᠢᠯᠡᠰ ᠢ ᠲᠥᠪᠯᠡᠷᠡᠭᠦᠯᠬᠦ᠂ ᠣᠷᠣᠨ ᠪᠦᠰᠡ ᠬᠠᠮᠵᠢᠯᠴᠠᠬᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠡᠨᠡ ᠬᠦ ᠭᠤᠣᠯᠳᠠᠯᠭ᠎ᠠ ᠶᠢᠨ ᠲᠣᠭᠤᠷᠢᠨ ᠳᠤ᠂ ᠭᠠᠵᠠᠷ ᠵᠦᠢ ᠶᠢᠨ ᠣᠷᠣᠨ ᠵᠠᠢ ᠳᠤ ᠰᠠᠭᠤᠷᠢᠯᠠᠵᠤ᠂ ᠲᠦᠷᠪᠡᠨ ᠠᠵᠤ | ᠦᠢᠯᠡᠰ ᠤᠨ ᠪᠦᠰᠡ ᠶᠢᠨ ᠲᠥᠪᠯᠡᠷᠡᠯ ᠢ ᠴᠢᠨᠠᠷ ᠰᠠᠶᠢᠲᠠᠢ ᠬᠥᠭᠵᠢᠭᠦᠯᠬᠦ ᠠᠵᠢᠯᠯᠠᠭᠠᠨ ᠤ ᠲᠥᠰᠥᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ︽ᠰᠡᠳᠬᠢᠴᠡ | ᠲᠣᠳᠣᠷᠬᠠᠢ᠂ ᠪᠠᠶᠢᠷᠢ ᠲᠣᠭᠲᠠᠭᠠᠯᠲᠠ ᠣᠨᠣᠪᠴᠢᠲᠠᠢ᠂ ᠠᠵᠤ ᠦᠢᠯᠡᠰ ᠢ ᠲᠥᠪᠯᠡᠷᠡᠭᠦᠯᠬᠦ᠂ ᠭᠤᠣᠯᠳᠠᠯᠭ᠎ᠠ ᠶᠢ ᠲᠤᠪᠤᠶᠢᠯᠭᠠᠬᠤ︾ ᠶᠢ ᠪᠡᠶᠡᠯᠡᠭᠦᠯᠵᠦ᠂ ᠲᠦᠷᠦ ᠶᠢᠨ ᠪᠤᠳᠤᠯᠭ᠎ᠠ ᠶᠢᠨ | ᠵᠣᠯᠭᠠᠯᠴᠠᠭ᠎ᠠ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠯ ᠪᠠ ᠬᠦᠴᠦᠨ ᠵᠦᠢᠯ ᠤᠨ ᠣᠷᠣᠨ ᠪᠦᠰᠡ ᠠᠯᠤᠰᠯᠠᠨ ᠰᠢᠯᠵᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠠᠭᠤᠰᠤᠯᠴᠠᠨ ᠬᠤᠯᠪᠣᠭᠠᠯᠠᠨ ᠬᠥᠳᠡᠯᠦᠯᠴᠡᠬᠦ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ | ᠬᠡᠷᠡᠭᠲᠡᠢ ᠭᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |