︵ᠰᠤᠷᠪᠤᠯᠵᠢᠯᠠᠭᠴᠢ ᠶᠦᠨ ᠶᠠᠨ ᠹᠠᠩ︶ ᠰᠤᠷᠪᠤᠯᠵᠢᠯᠠᠭᠴᠢ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠠᠴᠠ ᠣᠶᠢᠯᠠᠭᠠᠭᠰᠠᠨ ᠢᠶᠠᠷ᠂ ︽ᠬᠤᠶᠠᠳᠤᠭᠠᠷ ᠪᠦᠯᠦᠭ ᠤᠨ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ | ᠬᠦᠷᠭᠡᠬᠦ ᠲᠤᠷᠰᠢᠯᠲᠠ ᠶᠢᠨ ᠴᠡᠭ ᠤᠨ ᠨᠡᠷᠡᠰ ᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠠᠯᠪᠠᠨ ᠲᠢᠩᠬᠢᠮ ᠤᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠲᠠᠷᠬᠠᠭᠠᠵᠤ᠂ ᠬᠥᠬᠡᠬᠤᠲᠠ ᠵᠢᠭᠰᠠᠭᠠᠯᠲᠠ ᠳᠤ ᠲᠤᠳᠤᠷᠠᠵᠤ᠂ | ᠲᠤᠰ ᠪᠦᠯᠦᠭ ᠲᠤ ᠥᠪᠥᠷ ᠮᠣᠩᠭᠤᠯ ᠤᠨ ᠴᠣᠷ ᠤᠨ ᠭᠠᠭᠴᠠ ᠰᠣᠩᠭᠤᠭᠳᠠᠭᠰᠠᠨ ᠭᠠᠵᠠᠷ ᠣᠷᠣᠨ ᠪᠣᠯᠵᠠᠢ᠃ | ᠣᠶᠢᠯᠠᠭᠠᠭᠰᠠᠨ ᠢᠶᠠᠷ᠂ ᠲᠥᠷᠥ ᠶᠢᠨ ᠶᠠᠪᠤᠳᠠᠯ ᠤᠨ ᠬᠤᠷᠢᠶᠠᠨ ᠤ ︽2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠤᠷᠬᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢᠨ ᠲᠥᠰᠦᠯ︾ ᠤᠨ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ | ︽ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠴᠡᠭ ᠤᠨ ᠪᠥᠲᠥᠭᠡᠨ | ᠪᠠᠶᠢᠭᠤᠯᠤᠯᠲᠠ ᠶᠢᠨ ᠲᠥᠰᠦᠯ︾ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠲᠤᠷᠰᠢᠯᠲᠠ ᠶᠢᠨ ᠴᠡᠭ ᠤᠨ ᠨᠢᠭᠡᠴᠢ ᠰᠠᠶᠢᠨ ᠳᠤᠷ᠎ᠠ ᠠᠴᠠ ᠪᠠᠨ | ᠭᠤᠶᠤᠴᠢᠯᠠᠨ ᠮᠡᠳᠡᠭᠦᠯᠵᠦ᠂ ᠮᠤᠵᠢ ᠶᠢᠨ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠠᠨᠢᠯᠴᠠᠭᠤᠯᠵᠤ᠂ ᠮᠤᠵᠢ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ ᠬᠢᠨᠠᠨ ᠰᠢᠯᠭᠠᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠠᠬᠢᠨ ᠬᠢᠨᠠᠵᠤ᠂ ᠬᠤᠶᠠᠳᠤᠭᠠᠷ | ᠪᠦᠯᠦᠭ ᠤᠨ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ 27 ᠲᠤᠷᠰᠢᠯᠲᠠ ᠶᠢᠨ ᠴᠡᠭ ᠢ ᠲᠣᠭᠲᠠᠭᠠᠪᠠ᠃ | | ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠡᠯ᠎ᠡ ᠲᠤᠷᠰᠢᠯᠲᠠ ᠶᠢᠨ ᠬᠤᠲᠠ ᠪᠣᠯᠤᠨ ᠬᠦᠷᠢᠶᠡᠯᠡᠩ ᠲᠣᠭᠤᠷᠢᠭ ᠨᠢ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠲᠤᠷᠰᠢᠯᠲᠠ ᠶᠢᠨ | ᠴᠡᠭ ᠤᠨ ᠪᠥᠲᠥᠭᠡᠨ ᠪᠠᠶᠢᠭᠤᠯᠤᠯᠲᠠ ᠶᠢ ᠲᠣᠰ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ | ᠬᠡᠯᠪᠡᠷᠢ ᠪᠠᠨ ᠬᠤᠪᠢᠷᠠᠭᠤᠯᠬᠤ ᠵᠠᠩᠭᠢᠯᠠᠭ᠎ᠠ ᠶᠢᠨ ᠭᠠᠷᠳᠠᠴᠠ ᠪᠣᠯᠭᠠᠵᠤ᠂ ᠭᠤᠤᠯᠳᠠᠯᠭ᠎ᠠ ᠲᠠᠢ ᠡᠭᠦᠷᠭᠡ ᠶᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠴᠢᠬᠤᠯᠠ ᠶᠡᠭᠡ ᠲᠥᠷᠥᠯ ᠵᠦᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ | ᠡᠯ᠎ᠡ ᠲᠤᠷᠰᠢᠯᠲᠠ ᠶᠢᠨ ᠴᠡᠭ ᠤᠨ ᠬᠤᠲᠠ ᠪᠣᠯᠤᠨ ᠬᠦᠷᠢᠶᠡᠯᠡᠩ ᠲᠣᠭᠤᠷᠢᠭ ᠨᠢ ︽ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ | ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠲᠥᠰᠦᠯ︾ ᠵᠢᠴᠢ ︽ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ︾ ᠶᠢᠨ ᠱᠠᠭᠠᠷᠳᠠᠯᠭ᠎ᠠ ᠶᠣᠰᠣᠭᠠᠷ᠂ | ᠪᠣᠳᠠᠲᠠᠶ ᠲᠠᠢ ᠤᠶᠠᠯᠳᠤᠭᠤᠯᠤᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠲᠣᠭᠲᠠᠭᠠᠬᠤ ᠬᠡᠷᠡᠭᠲᠡᠶ᠃ | ᠤᠢᠢᠷ᠎ᠠ ᠶᠢᠨ ᠵᠢᠯ ᠠᠴᠠ᠂ ᠬᠥᠬᠡᠬᠤᠲᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ᠂ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠪᠠᠷ ᠭᠠᠷᠳᠠᠴᠠ ᠪᠣᠯᠭᠠᠵᠤ᠂ ᠠᠮᠢ ᠠᠬᠤᠢ | ᠣᠷᠴᠢᠨ ᠲᠣᠭᠤᠷᠢᠨ ᠤ ᠬᠦᠴᠦᠨ ᠵᠦᠢᠯ ᠤᠨ ᠪᠠᠲᠤᠯᠠᠭ᠎ᠠ ᠶᠢ ᠲᠠᠰᠤᠷᠠᠯᠳᠡ ᠦᠭᠡᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠥᠨᠳᠥᠷ | ᠲᠦᠪᠰᠢᠨ ᠪᠦᠬᠦᠢ ᠬᠠᠮᠠᠭᠠᠯᠠᠯᠲᠠ ᠪᠠᠷ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠨ ᠠᠬᠢᠭᠤᠯᠪᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠥᠬᠡᠬᠤᠲᠠ ᠶᠢᠨ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ ︽ᠬᠥᠬᠡᠬᠤᠲᠠ ᠶᠢᠨ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠶᠢ ᠬᠡᠷᠡᠭᠵᠢᠭᠦᠯᠬᠦ ᠲᠥᠰᠦᠯ︾ ᠵᠡᠷᠭᠡ ᠲᠦᠷᠦ ᠶᠢᠨ ᠪᠤᠳᠤᠯᠭ᠎ᠠ ᠶᠢᠨ | ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠤᠷᠢᠳᠠᠪᠠᠷ ︽1+ N+X︾ ᠬᠤᠣᠰ | ᠨᠡᠭᠦᠷᠡᠰᠦᠲᠥ᠋ᠷᠥᠭᠴᠢ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠠᠶᠢᠭᠤᠯᠬᠤ ᠶᠢᠨ ᠬᠠᠮᠲᠤ ︽ᠬᠤᠣᠰ ᠨᠡᠭᠦᠷᠡᠰᠦᠲᠥ᠋ᠷᠥᠭᠴᠢ︾ ᠶᠢᠨ ᠲᠤᠰᠬᠠᠢ | ᠴᠢᠳᠠᠪᠤᠷᠢᠲᠠᠨ ᠤ ᠲᠥᠯᠥᠪᠯᠡᠭᠡ ᠶᠢ ᠪᠠᠶᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠳᠤ ᠴᠢᠳᠠᠪᠤᠷᠢᠲᠠᠨ ᠤ | ᠲᠤᠯᠭᠠᠭᠤᠷᠢᠯᠠᠯ ᠬᠠᠩᠭᠠᠪᠠ᠃ ᠪᠤᠬᠢᠷᠳᠠᠯ ᠦᠭᠡᠢ ᠦᠢᠯᠡᠳᠭᠡᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ 12 ᠥᠪᠡᠷᠲᠡᠭᠡᠨ | ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠦᠢᠯᠡᠳᠪᠦᠷᠢ᠂ 8 ᠪᠣᠬᠢᠷᠲᠤᠯ ᠦᠭᠡᠢ ᠵᠢᠷᠤᠭ ᠲᠥᠯᠥᠪᠯᠡᠭᠡ ᠶᠢᠨ ᠦᠢᠯᠡᠳᠬᠦᠨ᠂ 4 ᠪᠣᠬᠢᠷᠲᠤᠯ ᠦᠭᠡᠢ | ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠠᠵᠤ ᠠᠬᠤᠶᠢᠯᠠᠯ ᠂ 1 ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ 5 ᠣᠷᠣᠨ ᠤ ᠳᠡᠰ ᠤᠨ ᠤᠰᠤ | ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠪᠠᠶᠢᠭᠤᠯᠵᠠᠢ᠃ ᠪᠣᠬᠢᠷᠲᠤᠯ ᠦᠭᠡᠢ ᠠᠶᠠᠯᠠᠯ ᠢ ᠦᠷᠭᠦᠯᠵᠢᠯᠡᠨ ᠰᠠᠨᠠᠭᠠᠴᠢᠯᠠᠵᠤ᠂ ᠪᠦᠬᠦ ᠬᠤᠲᠠ ᠶᠢᠨ 1969 | ᠨᠡᠶᠢᠲᠡ ᠶᠢᠨ ᠮᠠᠰᠢᠨ ᠲᠡᠷᠭᠡ ᠪᠦᠬᠦᠨ ᠢᠶᠠᠷ ᠢᠶᠠᠨ ᠰᠢᠨ᠎ᠡ ᠡᠨᠧᠷᠭᠢ ᠶᠢᠨ ᠴᠡᠪᠡᠷ ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ ᠪᠤᠯᠵᠠᠢ᠃ | ᠨᠡᠶᠢᠲᠡ ᠶᠢᠨ ᠵᠠᠮ ᠬᠠᠷᠢᠯᠴᠠᠭᠠᠨ ᠤ ᠮᠠᠰᠢᠨᠴᠢᠯᠠᠭᠰᠠᠨ ᠠᠶᠠᠯᠠᠯ ᠤᠨ ᠬᠤᠪᠢᠶᠠᠨ ᠡᠭᠦᠷᠭᠡᠯᠡᠬᠦ ᠨᠣᠷᠮ᠎ᠠ 47.46% ᠳᠤ ᠬᠦᠷᠴᠦ᠂ ᠪᠣᠬᠢᠷᠲᠤᠯ ᠦᠭᠡᠢ | ᠠᠶᠠᠯᠠᠯ ᠤᠨ ᠬᠠᠷᠢᠴᠠᠯ 74.20% ᠳᠤ ᠬᠦᠷᠪᠡ᠃ ᠪᠠᠷᠢᠯᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠵᠦ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ | ᠠᠬᠢᠭᠤᠯᠵᠤ᠂ ᠪᠣᠬᠢᠷᠲᠤᠯ ᠦᠭᠡᠢ ᠪᠠᠷᠢᠯᠭ᠎ᠠ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠡᠵᠡᠯᠡᠬᠦ ᠬᠠᠷᠢᠴᠠᠯ 96.68% ᠳᠤ ᠬᠦᠷᠴᠡᠢ᠃ |