ᠭᠦᠭᠡᠬᠤᠳᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠥᠳᠡᠭᠡ ᠲᠤᠰᠬᠤᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠴᠡᠭᠴᠡᠯᠡᠨ ᠰᠠᠶᠢᠵᠢᠷᠠᠭᠤᠯᠵᠤ ᠪᠤᠢ
ᠨᠡᠶᠢᠲᠡᠯᠡᠭᠰᠡᠨ ᠴᠠᠭ᠄
2025/3/24
      ᠬᠥᠳᠡᠭᠡ ᠲᠤᠰᠬᠤᠨ ᠢᠶᠠᠷ ᠥᠩᠭᠡᠷᠡᠬᠦ ᠠᠴᠢᠶᠠᠨ ᠤ ᠮᠠᠰᠢᠨ ᠲᠡᠷᠭᠡ ᠶᠢ ᠴᠡᠭᠴᠡᠯᠡᠨ ᠵᠢᠷᠤᠮᠵᠢᠭᠤᠯᠬᠤ ᠶᠢᠨ ᠲᠥᠯᠥᠭᠡ ᠭᠦᠭᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠣᠷᠴᠢᠮᠬᠠᠨ ᠪᠦᠭᠦ ᠬᠤᠳᠠ ᠶᠢᠨ ᠬᠡᠪᠴᠢᠶᠡᠨ ᠳᠤ ᠬᠥᠳᠡᠭᠡ ᠨᠤᠲᠤᠭ ᠤᠨ ᠮᠠᠰᠢᠨ ᠲᠡᠷᠭᠡ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃ ᠠᠵᠢᠯᠯᠠᠭ᠎ᠠ ᠨᠢ 12 ᠰᠠᠷ᠎ᠠ ᠶᠢᠨ ᠰᠡᠭᠦᠯᠴᠢ ᠪᠤᠯᠳᠠᠯ᠎ᠠ ᠶᠠᠪᠤᠭᠳᠠᠵᠤ᠂ ᠬᠥᠳᠡᠭᠡ ᠨᠤᠲᠤᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠱᠤᠭᠤᠮ ᠢ ᠪᠦᠭᠦ ᠲᠠᠯ᠎ᠠ ᠪᠠᠷ ᠪᠠᠲᠤ ᠴᠣᠭᠴᠠᠯᠠᠬᠤ ᠪᠣᠯᠣᠨ᠎ᠠ᠃      ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ︽ᠲᠤᠰᠬᠠᠢ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ ᠭᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠲᠤ ᠲᠦᠰᠢᠭᠯᠡᠨ ᠬᠥᠳᠡᠭᠡ ᠨᠤᠲᠤᠭ ᠤᠨ ᠠᠴᠢᠶᠠᠨ ᠤ ᠮᠠᠰᠢᠨ ᠲᠡᠷᠭᠡᠨ ᠳᠤ ᠠᠩᠬᠠᠷᠤᠯ ᠢᠶᠠᠨ ᠬᠠᠨᠳᠤᠭᠤᠯᠤᠨ ᠡᠬᠢ ᠡᠭᠦᠰᠦᠯ ᠠᠴᠠ ᠨᠢ ᠭᠡᠮ ᠰᠣᠭᠤᠭ ᠢ ᠠᠷᠢᠯᠭᠠᠬᠤ᠂ ᠵᠠᠮ ᠤᠨ ᠡᠮᠬᠢ ᠳᠢᠭᠯᠢᠮ ᠢ ᠰᠡᠷᠭᠡᠶᠢᠯᠡᠨ ᠡᠵᠡᠮᠳᠡᠬᠦ᠂ ᠵᠠᠮ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠰᠠᠯᠠᠭ᠎ᠠ ᠮᠥᠴᠢᠷ ᠠᠴᠠ ᠬᠠᠮᠵᠢᠯᠴᠠᠨ ᠬᠠᠮᠲᠤ ᠪᠠᠷ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠬᠥᠳᠡᠭᠡ ᠲᠤᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠦᠴᠦᠲᠡᠢ ᠪᠠᠲᠤᠯᠠᠨ᠎ᠠ᠃      ᠠᠵᠢᠯᠯᠠᠭ᠎ᠠ ᠨᠢ ᠠᠴᠢᠶᠠᠨ ᠤ ᠲᠡᠭᠡᠭᠡᠪᠦᠷᠢ ᠶᠢᠨ ᠭᠤᠣᠯᠳᠠᠯᠭ᠎ᠠ ᠲᠠᠢ ᠪᠠᠶᠢᠭᠤᠯᠭ᠎ᠠ ᠨᠢᠭᠡᠴᠢ ᠪᠠ ᠬᠤᠯᠠ ᠵᠠᠮ ᠤᠨ ᠠᠴᠢᠶᠠᠨ ᠤ ᠮᠠᠰᠢᠨ ᠲᠡᠷᠭᠡ ᠶᠢᠨ ᠬᠥᠳᠡᠭᠡ ᠨᠤᠲᠤᠭ ᠢᠶᠠᠷ ᠥᠩᠭᠡᠷᠡᠨ ᠠᠷᠠᠳ ᠢ ᠦᠢᠮᠡᠭᠦᠯᠵᠦ ᠪᠠᠶᠢᠭ᠎ᠠ ᠲᠣᠭᠤᠷᠢᠨ ᠳᠤ ᠴᠡᠭᠴᠡᠯᠡᠨ ᠵᠠᠰᠠᠯᠲᠠ ᠶᠠᠪᠤᠭᠤᠯᠤᠨ᠎ᠠ᠃ ᠪᠠᠰᠠ ᠬᠥᠳᠡᠭᠡ ᠨᠤᠲᠤᠭ ᠤᠨ ᠭᠠᠵᠠᠷ ᠣᠷᠣᠨ ᠤ ᠠᠴᠢᠶᠠᠨ ᠤ ᠮᠠᠰᠢᠨ ᠲᠡᠷᠭᠡ ᠶᠢᠨ  ᠬᠡᠲᠦᠷᠡᠲᠡᠯ᠎ᠡ ᠠᠴᠢᠶᠠᠯᠠᠬᠤ᠂ ᠭᠡᠳᠦ ᠬᠤᠷᠳᠤᠴᠠ ᠲᠠᠢ ᠳᠠᠪᠬᠢᠭᠤᠯᠬᠤ᠂ ᠶᠠᠳᠠᠷᠠᠭᠠᠳ ᠮᠠᠰᠢᠨ ᠲᠡᠷᠭᠡ ᠵᠢᠯᠤᠭᠤᠳᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠭᠤᠣᠯᠳᠠᠯᠭ᠎ᠠ ᠲᠠᠢ ᠪᠠᠶᠢᠴᠠᠭᠠᠵᠤ ᠰᠢᠢᠳᠪᠦᠷᠢᠯᠡᠨ᠎ᠡ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ