| | | 3 ᠳ᠋ᠤᠭᠠᠷ ᠰᠠᠷ᠎ᠠ ᠶᠢᠨ 22 ᠤᠨ ᠡᠳᠦᠷ᠂ ᠬᠥᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠠᠴᠠ ᠥᠪᠥᠷ | ᠮᠣᠩᠭᠤᠯ ᠤᠨ ᠶᠡᠭᠡ ᠰᠤᠷᠭᠠᠭᠤᠯᠢ ᠲᠠᠢ ᠬᠠᠮᠲᠤᠷᠠᠨ ᠡᠷᠭᠢᠯᠡᠭᠰᠡᠨ ᠭᠤᠴᠢᠨ ᠭᠤᠷᠪᠠᠳᠤᠭᠠᠷ ᠬᠤᠭᠤᠴᠠᠭᠠᠨ ᠤ ︽ᠳᠡᠯᠡᠬᠡᠶ ᠶᠢᠨ | ᠤᠰᠤᠨ ᠤ ᠡᠳᠦᠷ︾ ᠵᠢᠴᠢ ᠭᠤᠴᠢᠨ ᠨᠠᠢᠮᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ | ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠤᠰᠤ ᠠᠷᠪᠢᠯᠠᠬᠤ ᠤᠬᠠᠭᠤᠯᠭ᠎ᠠ ᠶᠢᠨ ᠰᠠᠮᠪᠠᠷ᠎ᠠ ᠲᠤᠬᠢᠷᠠᠭᠤᠯᠬᠤ᠂ | ᠤᠰᠤ ᠠᠷᠪᠢᠯᠠᠬᠤ ᠪᠠᠭᠠᠵᠢ ᠬᠡᠷᠡᠭᠰᠡᠯ ᠢ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ | ᠵᠦᠢᠯ ᠤᠨ ᠬᠡᠯᠪᠡᠷᠢ ᠪᠠᠷ᠂ ᠣᠯᠠᠨ ᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠤᠰᠤ | ᠠᠷᠪᠢᠯᠠᠬᠤ ᠣᠶᠢᠯᠠᠭᠠᠭᠳᠠᠬᠤᠨ ᠢ ᠡᠳᠦᠷ ᠲᠤᠲᠤᠮ ᠤᠨ ᠦᠢᠯᠡ ᠠᠵᠢᠯᠯᠠᠭ᠎ᠠ ᠪᠤᠯᠭᠠᠬᠤ ᠶᠢ ᠬᠦᠲᠦᠯᠦᠨ ᠵᠢᠯᠤᠭᠤᠳᠴᠠᠢ᠃ | 3 ᠳ᠋ᠤᠭᠠᠷ ᠰᠠᠷ᠎ᠠ ᠶᠢᠨ 22 ᠤ ᠡᠳᠦᠷ ᠠᠴᠠ 28 ᠤ ᠡᠳᠦᠷ ᠪᠣᠯᠲᠠᠯ᠎ᠠ ︽ᠳᠤᠮᠳᠠᠳᠤ ᠤᠯᠤᠰ ᠤᠨ ᠤᠰᠤᠨ ᠤ ᠭᠠᠷᠠᠭ︾ | ᠤᠨ ᠬᠤᠭᠤᠴᠠᠭᠠᠨ ᠳᠤ᠂ ᠬᠥᠬᠡᠬᠤᠲᠠ ︽ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠮᠠᠨ ᠤ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ︾ ᠭᠤᠣᠯ ᠰᠡᠳᠦᠪ ᠤᠨ ᠲᠣᠭᠤᠷᠢᠨ ᠳᠤ᠂ ᠤᠰᠤ | ᠠᠷᠪᠢᠯᠠᠬᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶ᠎ᠡ᠂ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ | ᠬᠥᠳᠡᠭᠡ ᠲᠤᠰᠬᠤᠨ ᠳᠤ ᠣᠷᠣᠭᠤᠯᠬᠤ ︽ᠲᠠᠪᠤᠨ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ | ᠰᠤᠷᠪᠤᠯᠵᠢᠯᠠᠭᠴᠢ ᠡᠦ ᠽᠢ ᠰᠢᠤᠸᠠᠨ ᠴᠢᠮᠠᠭᠡᠯᠡᠭᠴᠢ ᠶᠠᠩ ᠵᠢᠩ ᠢᠤᠢ ᠰᠡᠭᠦᠲᠡᠷᠯᠡᠪᠡ | |