ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠴᠠᠬᠢᠯᠭᠠᠨ ᠴᠢᠮᠡᠭᠡ ᠶᠠᠪᠤᠭᠤᠯᠵᠤ ᠯᠠᠤᠰ ᠤᠨ ᠠᠷᠠᠳ ᠤᠨ ᠬᠤᠪᠢᠰᠬᠠᠯᠲᠤ ᠨᠠᠮ ᠪᠠᠶᠢᠭᠤᠯᠤᠭᠳᠠᠭᠰᠠᠨ 70 ᠵᠢᠯ ᠤᠨ ᠤᠢ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2025/3/24
      ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 22 ᠤᠨ ᠴᠠᠬᠢᠯᠭᠠᠨ ᠮᠡᠳᠡᠭᠡ   3 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠳᠤ ᠴᠠᠬᠢᠯᠭᠠᠨ ᠴᠢᠮᠡᠭᠡ ᠶᠠᠪᠤᠭᠤᠯᠵᠤ᠂ ᠯᠠᠤᠰ ᠤᠨ ᠠᠷᠠᠳ ᠤᠨ ᠬᠤᠪᠢᠰᠬᠠᠯᠲᠤ ᠨᠠᠮ ᠪᠠᠶᠢᠭᠤᠯᠤᠭᠳᠠᠭᠰᠠᠨ 70 ᠵᠢᠯ ᠤᠨ ᠣᠶ ᠳᠤ ᠪᠠᠶᠠᠷ ᠬᠦᠷᠭᠡᠪᠡ᠃ ᠪᠠᠶᠠᠷ ᠤᠨ ᠴᠠᠬᠢᠯᠭᠠᠨ ᠮᠡᠳᠡᠭᠡ ᠳᠡᠭᠡᠨ᠄      70 ᠵᠢᠯ ᠤᠨ ᠲᠤᠷᠰᠢ᠂ ᠯᠠᠤᠰ ᠤᠨ ᠠᠷᠠᠳ ᠤᠨ ᠬᠤᠪᠢᠰᠬᠠᠯᠲᠤ ᠨᠠᠮ ᠯᠠᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠦᠨᠳᠦᠰᠦᠲᠡᠨ ᠤ ᠴᠢᠯᠥᠭᠡᠯᠡᠯᠲᠡ ᠪᠣᠯᠤᠨ ᠤᠯᠤᠰ ᠤᠨ ᠨᠢᠭᠡᠳᠦᠯ ᠢᠶᠠᠨ ᠪᠡᠶᠡᠯᠡᠭᠦᠯᠵᠦ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠪᠣᠯᠤᠨ ᠰᠢᠨᠡᠴᠢᠯᠡᠯᠲᠡ ᠶᠢᠨ ᠦᠢᠯᠡᠰ ᠤᠨ ᠭᠡᠷᠡᠯ ᠰᠠᠴᠤᠷᠠᠩᠭᠤᠢ ᠠᠮᠵᠢᠯᠲᠠ ᠶᠢ ᠤᠯᠪᠠ᠃ ᠢᠯᠠᠩᠭᠤᠶ᠎ᠠ ᠯᠠᠤᠰ ᠤᠨ ᠨᠠᠮ ᠤᠨ ᠠᠷᠪᠠᠨ ᠨᠢᠭᠡᠳᠦᠭᠡᠷ ᠶᠡᠭᠡ ᠬᠤᠷᠠᠯ ᠠᠴᠠ ᠨᠠᠭᠠᠰᠢ᠂ ᠯᠠᠤᠰ ᠤᠨ ᠨᠠᠮ ᠤᠨ ᠲᠥᠪ ᠬᠤᠷᠢᠶ᠎ᠠ ᠨᠠᠮ ᠤᠨ ᠤᠳᠤᠷᠢᠳᠤᠯᠭ᠎ᠠ ᠪᠠᠨ ᠬᠦᠴᠤᠯᠡᠨ ᠪᠠᠬᠢᠵᠢᠬᠦᠯᠤᠨ ᠲᠡᠬᠦᠯᠳᠡᠷᠵᠢᠬᠦᠯᠵᠤ᠂ ᠤᠯᠤᠰ ᠲᠦᠷᠦ ᠨᠡᠶᠢᠭᠡᠮ ᠲᠤᠬᠳᠠᠭᠤᠨ ᠪᠠᠶᠢᠵᠤ᠂ ᠠᠵᠤ ᠠᠬᠤᠢ ᠦᠷᠭᠦᠯᠵᠢᠯᠡᠨ ᠬᠦᠭᠵᠢᠵᠤ᠂ ᠠᠷᠠᠳ ᠤᠨ ᠠᠮᠢᠳᠤᠷᠠᠯ ᠡᠳᠦᠷ ᠢᠷᠡᠬᠦᠶ᠎ᠡ ᠰᠠᠶᠢᠵᠢᠷᠠᠵᠤ᠂ ᠳᠡᠯᠡᠬᠡᠢ ᠳᠡᠭᠡᠷᠡᠬᠢ ᠨᠥᠯᠥᠭᠡ ᠲᠠᠰᠤᠷᠠᠯᠳᠠ ᠦᠭᠡᠢ ᠳᠡᠭᠡᠭᠰᠢᠯᠡᠭᠰᠡᠨ ᠳᠤ ᠳᠤᠮᠳᠠᠳᠤ ᠤᠯᠤᠰ ᠤᠨ ᠨᠠᠮ ᠪᠣᠯᠤᠨ ᠠᠷᠠᠳ ᠲᠦᠮᠡᠨ ᠴᠢᠩ ᠰᠡᠳᠭᠢᠯ ᠠᠴᠠ ᠪᠠᠨ ᠪᠠᠶᠠᠷᠯᠠᠵᠤ ᠪᠠᠶᠢᠨ᠎ᠠ᠃ ᠶᠡᠷᠦᠩᠬᠡᠢ ᠱᠦᠵᠢ ᠲᠦᠩᠯᠦ᠋ᠨ ᠢᠶᠠᠷ ᠲᠦᠷᠦᠭᠦᠯᠡᠭᠦᠯᠦᠭᠰᠡᠨ ᠯᠠᠤᠰ ᠤᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠯᠠᠤᠰ ᠤᠨ ᠨᠠᠮ ᠪᠣᠯᠤᠨ ᠠᠷᠠᠳ ᠲᠦᠮᠡᠨ ᠯᠠᠪᠲᠠᠢ ᠨᠡᠶᠢᠭᠡᠮ ᠵᠢᠷᠤᠮ ᠤᠨ ᠪᠦᠳᠦᠬᠡᠨ ᠪᠠᠶᠢᠭᠤᠯᠤᠯᠲᠠ ᠪᠣᠯᠤᠨ ᠰᠢᠨᠡᠴᠢᠯᠡᠯᠲᠡ ᠶᠢᠨ ᠦᠢᠯᠡᠰ ᠢ ᠬᠦᠴᠦᠲᠡᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠯᠠᠤᠰ ᠤᠨ ᠨᠠᠮ ᠤᠨ ᠠᠷᠪᠠᠨ ᠬᠤᠶᠠᠳᠤᠭᠠᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠪᠠᠨ ᠤᠭᠲᠤᠬᠤ ᠶᠢ ᠢᠲᠡᠭᠡᠵᠦ ᠪᠠᠶᠢᠨ᠎ᠠ᠃      ᠨᠡᠶᠢᠭᠡᠮ ᠵᠢᠷᠤᠮ ᠤᠨ ᠨᠥᠬᠦᠷ ᠪᠥᠭᠡᠳ ᠠᠬ᠎ᠠ ᠳᠡᠭᠦᠦ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠨ ᠨᠠᠮ᠂ ᠵᠠᠰᠠᠭ ᠤᠨ ᠣᠷᠳᠣᠨ᠂ ᠠᠷᠠᠳ ᠲᠦᠮᠡᠨ ᠢᠮᠠᠭᠲᠠ ᠯᠠᠤᠰ ᠤᠨ ᠨᠠᠮ᠂ ᠵᠠᠰᠠᠭ ᠤᠨ ᠣᠷᠳᠣᠨ᠂ ᠠᠷᠠᠳ ᠲᠦᠮᠡᠨ ᠢ ᠨᠠᠶᠢᠳᠠᠪᠤᠷᠢᠳᠠᠢ ᠨᠠᠶᠢᠵᠠ ᠪᠠ ᠬᠠᠨᠢᠲᠠᠨ ᠢᠶᠠᠷ ᠦᠵᠡᠵᠦ᠂ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠠ ᠠᠯᠤᠰ ᠬᠡᠳᠤ ᠶᠢᠨ ᠬᠠᠷᠠᠭᠠᠰᠤ ᠠᠴᠠ ᠳᠤᠮᠳᠠᠳᠤ ᠯᠠᠤᠰ ᠤᠨ ᠬᠠᠷᠢᠯᠴᠠᠭ᠎ᠠ ᠶᠢ ᠬᠥᠭᠵᠢᠭᠦᠯᠬᠦ ᠶᠢ ᠴᠢᠬᠤᠯᠠᠴᠢᠯᠠᠪᠠ᠃ 2023 ᠣᠨ ᠤ 10 ᠰᠠᠷ᠎ᠠ ᠳᠤ᠂ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠯᠠᠤᠰ ᠤᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠲᠦᠩᠯᠦ᠋ᠨ ᠲᠠᠢ ᠬᠠᠮᠲᠤ ᠪᠠᠷ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠳᠤ ᠭᠠᠷ ᠤᠨ ᠦᠰᠦᠭ ᠵᠢᠷᠤᠵᠤ᠂ ᠰᠢᠨ᠎ᠡ ᠴᠠᠭ ᠦᠶ᠎ᠡ ᠶᠢᠨ ᠳᠤᠮᠳᠠᠳᠤ ᠯᠠᠤᠰ ᠤᠨ ᠬᠠᠷᠢᠯᠴᠠᠭᠠᠨ ᠤ ᠬᠥᠭᠵᠢᠯᠲᠡ ᠪᠣᠯᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠰᠠᠶᠢᠨ ᠰᠠᠶᠢᠬᠠᠨ ᠵᠢᠷᠤᠭ ᠲᠥᠰᠦᠪ ᠢ ᠵᠢᠷᠤᠭᠯᠠᠪᠠ᠃ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠦᠨ ᠤ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠳᠣᠣᠷ᠎ᠠ᠂ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠲᠠᠰᠤᠷᠠᠯᠳᠡ ᠦᠭᠡᠢ ᠭᠦᠨᠵᠡᠭᠡᠶᠢᠷᠡᠨ ᠪᠣᠳᠠᠲᠠᠶᠢᠵᠢᠵᠤ᠂ ᠠᠯᠢ ᠤᠯᠠᠨ ᠰᠢᠨ᠎ᠡ ᠦᠷ᠎ᠡ ᠪᠦᠲᠦᠭᠡᠯ ᠰᠢᠨ᠎ᠡ ᠠᠬᠢᠴᠠ ᠲᠠᠢ ᠪᠤᠯᠵᠥ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠪᠤᠶᠠᠨ ᠦᠢᠯᠡᠳᠦᠭᠰᠡᠨ ᠪᠠᠶᠢᠨ᠎ᠠ᠃      ᠣᠳᠣᠬᠠᠨ ᠳᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠵᠤ ᠪᠤᠢ᠂ ᠯᠠᠤᠰ ᠴᠤ ᠤᠯᠤᠰ ᠤᠨ ᠬᠥᠭᠵᠢᠯ ᠮᠠᠨᠳᠤᠯ ᠤᠨ ᠴᠢᠬᠤᠯᠠ ᠱᠠᠲᠤᠨ ᠳᠤ ᠣᠷᠣᠰᠢᠵᠤ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠯᠠᠤᠰ ᠤᠨ ᠠᠷᠠᠳ ᠤᠨ ᠬᠤᠪᠢᠰᠬᠠᠯᠲᠤ ᠨᠠᠮ ᠯᠤᠭ᠎ᠠ ᠬᠠᠮᠲᠤ ᠪᠠᠷ᠂ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠦᠨ ᠤ ᠲᠤᠬᠢᠷᠠᠯᠴᠠᠭᠰᠠᠠ ᠴᠢᠬᠤᠯᠠ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠭᠡᠵᠦ᠂ ᠨᠠᠮ ᠢ ᠵᠠᠰᠠᠬᠤ ᠲᠦᠷᠦ ᠶᠢ ᠵᠠᠰᠠᠬᠤ ᠤᠨᠤᠯ ᠪᠣᠯᠤᠨ ᠲᠤᠷᠰᠢᠯᠭ᠎ᠠ ᠪᠠᠨ ᠰᠣᠯᠢᠯᠴᠠᠵᠤ ᠬᠠᠷᠢᠯᠴᠠᠨ ᠲᠤᠯᠢ ᠪᠤᠯᠭᠠᠬᠤ ᠶᠢ ᠭᠦᠨᠵᠡᠭᠡᠶᠢᠷᠡᠭᠦᠯᠵᠦ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠬᠥᠭᠵᠢᠯᠲᠡ ᠶᠢᠨ ᠵᠠᠮ ᠢ ᠬᠠᠮᠲᠤ ᠪᠠᠷ ᠰᠦᠪᠡᠭᠴᠢᠯᠡᠵᠦ᠂ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ᠂ ᠥᠨᠳᠥᠷ ᠲᠦᠪᠰᠢᠨ ᠪᠦ᠋ᠬᠦᠢ ᠴᠢᠭᠯᠡᠯ ᠢᠶᠠᠷ ᠲᠠᠰᠤᠷᠠᠯᠳᠠ ᠦᠭᠡᠢ ᠤᠷᠤᠭᠰᠢᠯᠠᠬᠤ ᠶᠢ ᠠᠬᠢᠭᠤᠯᠤᠨ᠎ᠠ ᠭᠡᠪᠡ᠃       
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ